ᠵᠠᠰᠠᠭ ᠤᠨ ᠤᠷᠳᠤᠨ ᠤ ᠠᠵᠢᠯ ᠤᠨ ᠢᠯᠡᠳᠭᠡᠯ ︵2019 ᠤᠨ︶
ᠨᠡᠶᠢᠲᠡᠯᠡᠭᠰᠡᠨ ᠴᠠᠭ᠄
2019/7/3
     2019 ᠣᠨ ᠤ 1 ᠳ᠋ᠤᠭᠡᠷ ᠰᠠᠷ᠎ᠠ ᠶᠢᠨ 17᠎ ᠤ ᠡᠳᠤᠷ ᠤᠨ ᠬᠠᠶᠢᠷᠤᠪ ᠤᠨ ᠲᠤᠬᠤᠢ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ      ᠬᠠᠶᠢᠷᠤᠪ ᠤᠨ ᠲᠤᠬᠤᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠭᠤᠷᠢᠭ ᠤᠨ ᠳᠠᠷᠤᠭ᠎ᠠ   ᠡᠦ ᠰᠢᠶᠤᠤ ᠳ᠋ᠦᠩᠲᠦᠯᠦᠭᠡᠯᠡᠭᠴᠢᠳ ᠡ᠄      ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠎ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ᠂ ᠡᠭᠦᠨ ᠤ ᠬᠠᠮᠳᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠤᠯᠦᠨ ᠬᠤᠷᠠᠯ ᠳᠤ ᠰᠤᠯᠠ ᠤᠷᠤᠯᠴᠠᠭᠰᠡᠳ ᠰᠠᠨᠠᠯ ᠳᠤᠷᠠᠳᠬᠤ ᠪᠤᠯᠪᠠᠤ︕       ᠨᠢᠭᠡ᠂ 2018 ᠤᠨ ᠤ ᠠᠵᠢᠯ ᠤᠨ ᠡᠷᠬᠢᠴᠡᠭᠦᠯᠦᠯ       ᠦᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠬᠤᠲᠡ ᠶᠢᠨ ᠨᠠᠮ ᠤᠨ ᠬᠤᠷᠢᠶ᠎ᠠ᠂ ᠬᠤᠲᠡ ᠶᠢᠨ ᠵᠠᠰᠠᠭ ᠤᠨ ᠤᠷᠳᠤᠨ ᠪᠤᠯᠦᠨ ᠲᠤᠭᠤᠷᠢᠭ ᠤᠨ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠦᠨ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠶᠢᠨ ᠳᠡᠮᠵᠢᠯᠭᠡ ᠳᠤᠤᠷ᠎ᠠ᠂ ᠯᠠᠪᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠤᠩᠬᠡᠢ ᠦᠵᠡᠯᠲᠡ ᠶᠢ ᠪᠠᠷᠢᠮᠳᠠᠯᠠᠵᠦ᠂ ᠰᠢᠨ᠎ᠡ ᠬᠦᠭᠵᠢᠯᠲᠡ ᠶᠢᠨ ᠤᠨᠤᠯᠵᠢᠬᠤᠨ ᠢ ᠦᠢᠯᠡᠳᠤᠯᠭᠡᠵᠢᠭᠦᠯᠵᠦ᠂ ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠶᠤᠰᠤᠭᠠᠷ᠂ ᠲᠤᠳᠤᠭᠠᠳᠤ ᠭᠠᠳᠠᠭᠠᠳᠤ ᠶᠢᠨ ᠰᠢᠯᠭᠠᠯᠲᠠ ᠶᠢ ᠯᠠᠪᠳᠠᠭᠤᠨ ᠲᠤᠭᠲᠠᠭᠤᠨ ᠠᠷᠭᠠᠴᠠᠭᠠᠵᠦ᠂ ᠨᠡᠶᠢᠭᠡᠮ ᠤᠨ ᠠᠩᠬᠠᠷᠴᠦ ᠪᠠᠶᠢᠭ᠎ᠠ ᠠᠰᠠᠭᠤᠳᠠᠯ ᠳᠤ ᠢᠳᠡᠪᠬᠢᠲᠠᠢ ᠪᠠᠷ ᠬᠠᠷᠢᠭᠤᠯᠲᠠ ᠦᠭᠴᠦ᠂ ᠬᠦᠴᠢᠷ ᠢ ᠰᠦᠷᠦᠨ ᠶᠠᠪᠤᠵᠦ᠂ ᠴᠢᠩᠭ᠎ᠠ ᠠᠳᠬᠤᠵᠦ ᠰᠢᠷᠭᠠᠭᠤ ᠠᠵᠢᠯᠯᠠᠨ᠂ ᠭᠤᠷᠪᠠᠨ ᠶᠡᠭᠡ ᠪᠤᠭᠤᠮᠲᠡ ᠰᠢᠪᠳᠤᠯᠬᠤ ᠳᠠᠶᠢᠯᠠᠯᠳᠤᠭᠠᠨ ᠢ ᠯᠠᠪᠳᠠᠭᠤᠨ ᠪᠠᠳᠤᠲᠠᠢ ᠶᠠᠪᠤᠭᠳᠠᠭᠤᠯᠵᠦ᠂ ︽ᠲᠠᠪᠤᠨ ᠤᠷᠤᠨ︾᠎ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠦ᠂ ᠠᠵᠦ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠰᠢᠨ᠎ᠡ ᠠᠮᠵᠢᠯᠲᠡ ᠤᠯᠤᠭᠰᠡᠨ ᠪᠠᠶᠢᠨ᠎ᠠ᠃ ᠪᠦᠬᠦ ᠵᠢᠯ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠠᠷᠦᠩᠭᠡᠢ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ 10 %᠎ ᠪᠠᠷ ᠨᠡᠮᠡᠭᠳᠡᠵᠦ᠂ ᠲᠤᠭᠳᠠᠮᠡᠯ ᠬᠦᠷᠤᠩᠭᠡ ᠶᠢᠨ ᠪᠡᠯᠡ ᠤᠷᠤᠭᠤᠯᠤᠯᠲᠠ ᠎ ᠨᠢ ᠠᠳᠠᠯᠢ ᠬᠤᠭᠤᠴᠠᠭᠠᠨ ᠤ ᠬᠢ ᠠᠴᠠ 13%᠎ ᠪᠠᠷ ᠳᠤᠷᠤᠭᠰᠢᠯᠠᠵᠦ᠂ ᠨᠡᠶᠢᠲᠡ ᠶᠢᠨ ᠡᠳ᠋  ᠎ ᠤᠨ ᠵᠠᠰᠠᠭ ᠤᠨ ᠲᠦᠰᠦᠪ ᠤᠨ ᠤᠷᠤᠯᠭ᠎ᠠ ᠨᠢ ᠠᠳᠠᠯᠢ ᠬᠤᠭᠤᠴᠠᠭᠠᠨ ᠤ ᠬᠢ ᠠᠴᠠ 7.9 %᠎ ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠤᠯᠲᠡ ᠶᠢᠨ ᠶᠡᠷᠦᠩᠭᠡᠢ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 6.6%᠎ ᠪᠠᠷ ᠨᠡᠮᠡᠭᠳᠡᠵᠦ᠂ ᠬᠤᠲᠡ ᠪᠠᠯᠭᠠᠰᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠥᠪᠡᠷ ᠢᠶᠠᠨ ᠡᠵᠡᠮᠳᠡᠵᠦ ᠪᠤᠯᠬᠤ ᠤᠷᠤᠯᠭ᠎ᠠ ᠨᠢ ᠠᠳᠠᠯᠢ ᠬᠤᠭᠤᠴᠠᠭᠠᠨ ᠤ ᠬᠢ ᠠᠴᠠ 7.5 %᠎ ᠪᠠᠷ ᠨᠡᠮᠡᠭᠳᠡᠵᠤ᠂ ᠲᠠᠷᠢᠶᠠᠯᠠᠬᠤ ᠤᠷᠤᠨ ᠤ ᠬᠦᠮᠦᠨ ᠲᠤᠮᠳᠠᠴᠢ ᠶᠢᠨ ᠥᠪᠡᠷ ᠢᠶᠠᠨ ᠡᠵᠡᠮᠳᠡᠵᠦ ᠪᠤᠯᠬᠤ ᠤᠷᠤᠯᠭ᠎ᠠ ᠨᠢ ᠠᠳᠠᠯᠢ ᠬᠤᠭᠤᠴᠠᠭᠠᠨ ᠤ ᠬᠢ ᠎ ᠠᠴᠠ 8%᠎ ᠪᠠᠷ ᠨᠡᠮᠡᠭᠳᠡᠵᠠᠢ᠃        ︵ᠨᠢᠭᠡ︶ ᠭᠤᠷᠪᠠᠨ ᠶᠡᠭᠡ ᠪᠤᠭᠤᠮᠲᠡ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠬᠤ ᠶᠢ ᠨᠡᠩ ᠯᠠᠪᠳᠠᠭᠤᠨ ᠪᠠᠳᠤᠲᠠᠢ ᠪᠤᠯᠭᠠᠵᠦ᠂ ᠬᠦᠨᠳᠤ ᠶᠡᠭᠡ ᠠᠶᠤᠯ ᠲᠦᠭᠰᠢᠭᠦᠷᠢ ᠶᠢ ᠪᠦᠲᠦᠮᠵᠢᠲᠠᠢ ᠰᠡᠷᠭᠡᠶᠢᠯᠡᠨ ᠡᠵᠡᠮᠳᠡᠵᠠᠢ᠃ ᠵᠠᠰᠠᠭ ᠤᠨ ᠤᠷᠳᠤᠨ ᠤ ᠦᠷᠢ ᠦᠭᠴᠡᠭᠡ ᠶᠢᠨ ᠲᠤᠭ᠎ᠠ ᠬᠡᠮᠵᠢᠶ᠎ᠡ ᠶᠢ ᠬᠢᠵᠠᠭᠠᠷᠯᠠᠬᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠢᠳᠡᠪᠬᠢᠲᠠᠢ ᠪᠦᠭᠡᠳ ᠪᠦᠲᠦᠮᠵᠢᠲᠠᠢ ᠠᠷᠭ᠎ᠠ ᠬᠡᠮᠵᠢᠶ᠎ᠡ ᠠᠪᠴᠦ ᠪᠠᠶᠢᠭᠠᠳ ᠵᠠᠰᠠᠭ ᠤᠨ ᠤᠷᠳᠤᠨ ᠤ ᠦᠷᠢ ᠦᠭᠴᠡᠭᠡ ᠶᠢ 20.74 ᠳ᠋ᠦᠩᠰᠢᠭᠤᠷ ᠲᠦᠭᠦᠷᠢᠭ ᠠᠷᠢᠯᠭᠠᠵᠦ᠂ ᠲᠤᠰ ᠵᠢᠯ ᠤᠨ ᠡᠭᠦᠷᠭᠡ ᠶᠢ 103.9%᠎ ᠪᠠᠷ ᠪᠡᠶᠡᠯᠡᠭᠦᠯᠵᠦ᠂ ᠤᠷᠤᠯᠭ᠎ᠠ ᠎ ᠪᠠᠨ ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠪᠠ ᠪᠦᠲᠦᠴᠡ ᠶᠢ ᠰᠢᠯᠢᠳᠡᠭᠵᠢᠭᠦᠯᠬᠦ ᠶᠢ ᠵᠡᠷᠭᠡᠪᠡᠷ ᠴᠢᠬᠤᠯᠠᠴᠢᠯᠠᠵᠦ᠂ ᠤᠯᠠᠨ ᠲᠠᠯ᠎ᠠ ᠠᠴᠠ ᠮᠦᠩᠭᠦ ᠴᠤᠭᠯᠠᠭᠤᠯᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠦᠭᠡᠳ ᠵᠠᠰᠠᠭ ᠤᠨ ᠤᠷᠳᠤᠨ ᠤ ᠠᠵᠢᠯ ᠤᠨ ᠡᠮᠬᠢ ᠵᠢᠷᠤᠮ ᠲᠠᠢ ᠪᠠᠷ ᠶᠠᠪᠤᠭᠳᠠᠬᠤ ᠶᠢ ᠪᠠᠳᠤᠯᠠᠵᠦ᠂ ᠡᠳ᠋ ᠤᠨ ᠵᠠᠰᠠᠭ ᠤᠨ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠠᠢ ᠰᠡᠷᠭᠡᠶᠢᠯᠡᠨ ᠡᠵᠡᠮᠳᠡᠪᠡ᠃ ᠡᠯ᠎ᠡ ᠵᠦᠢᠯ ᠤᠨ ᠠᠮᠤᠷ ᠲᠦᠪᠰᠢᠨ ᠤ ᠳᠠᠯᠲᠠ ᠭᠡᠮ ᠢ 3600 ᠢᠯᠡᠭᠦᠤ ᠵᠦᠢᠯ ᠪᠠᠶᠢᠴᠠᠭᠠᠨ ᠠᠷᠢᠯᠭᠠᠵᠦ᠂ ᠬᠦᠯᠦᠰᠦᠨ ᠠᠵᠢᠯᠴᠢᠨ ᠤ ᠴᠠᠯᠢᠩ ᠢ ᠪᠠᠷᠤᠭ 6000 ᠲᠦᠮᠡᠨ ᠲᠦᠭᠦᠷᠢᠭ ᠢᠯᠭᠠᠷᠠᠭᠤᠯᠵᠦ᠂ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ ᠳᠠᠷᠤᠭᠳᠠᠮᠡᠯ ᠬᠡᠷᠡᠭ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠱᠠᠳᠤᠴᠢ ᠴᠢᠨᠠᠷᠲᠠᠢ ᠦᠷ᠎ᠡ ᠪᠦᠲᠦᠭᠡᠯ ᠤᠯᠵᠦ᠂ ᠨᠡᠶᠢᠭᠡᠮ ᠤᠨ ᠤᠷᠴᠢᠨ ᠨᠦᠬᠦᠴᠡᠯ ᠨᠡᠩ ᠠᠮᠤᠷ ᠲᠦᠪᠰᠢᠨ ᠲᠤᠭᠳᠠᠭᠤᠨ ᠪᠤᠯᠪᠠ᠃ ᠶᠠᠳᠠᠭᠤ ᠠᠴᠠ ᠠᠩᠬᠢᠵᠢᠷᠠᠭᠤᠯᠬᠤ ᠠᠵᠢᠯ ᠮᠡᠳᠡᠭᠳᠡᠮ᠎ᠡ ᠪᠦᠲᠦᠮᠵᠢ ᠤᠯᠪᠠ᠃ ᠨᠡᠶᠢᠭᠡᠮ ᠤᠨ ᠬᠦᠴᠦᠨ ᠢ ᠳᠠᠶᠢᠴᠢᠯᠠᠵᠦ᠂ 800 ᠭᠠᠷᠤᠢ ᠲᠦᠮᠡᠨ ᠲᠦᠭᠦᠷᠢᠭ ᠤᠨ ᠪᠡᠯᠡ ᠮᠦᠩᠭᠦ ᠴᠤᠭᠯᠠᠭᠤᠯᠤᠨ᠂ ᠲᠤᠰᠬᠤᠨ ᠤ ᠬᠠᠮᠳᠤ ᠶᠢᠨ ᠠᠵᠦ ᠠᠬᠤᠢ ᠶᠢ ᠬᠦᠭᠵᠢᠭᠦᠯᠵᠦ᠂ 133 ᠬᠦᠳᠡᠯᠮᠦᠷᠢᠯᠡᠬᠦ ᠴᠢᠳᠠᠪᠦᠷᠢ ᠲᠠᠢ ᠶᠠᠳᠠᠭᠤ ᠬᠦᠴᠢᠷᠳᠡᠯᠲᠠᠢ ᠡᠷᠤᠬᠡ ᠶᠢᠨ ᠲᠠᠷᠢᠵᠦ ᠲᠡᠵᠢᠭᠡᠬᠦ ᠦᠢᠯᠡᠰ ᠢ ᠲᠡᠳᠭᠦᠵᠦ᠂ ᠡᠯ᠎ᠡ ᠵᠦᠢᠯ ᠤᠨ ᠠᠵᠦ ᠠᠬᠤᠶᠢᠯᠠᠯ ᠢ ᠬᠦᠲᠤᠯᠦᠨ ᠵᠢᠯᠤᠭᠤᠳᠴᠦ 165 ᠶᠡᠳᠠᠭᠤ ᠬᠦᠴᠢᠷᠳᠡᠯᠲᠢ ᠬᠦᠮᠦᠰ ᠲᠤ ᠠᠵᠢᠯ ᠤᠯᠭᠤᠨ ᠳᠡᠮᠵᠢᠵᠦ᠂ ᠶᠠᠳᠠᠭᠤ ᠬᠦᠴᠢᠷᠳᠡᠯᠲᠠᠢ ᠭᠡᠷ ᠪᠦᠯᠢ ᠶᠢᠨ ᠤᠷᠤᠯᠭ᠎ᠠ ᠯᠠᠪᠳᠠᠭᠤᠨ ᠢᠶᠠᠷ ᠨᠡᠮᠡᠭᠳᠡᠵᠠᠢ᠃ ᠶᠠᠳᠠᠭᠤ ᠶᠢ ᠲᠡᠳᠭᠦᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠨᠠᠶᠢᠳᠠᠪᠦᠷᠢᠵᠢᠭᠤᠯᠵᠦ᠂ ᠶᠠᠳᠠᠭᠤ ᠬᠦᠴᠢᠷᠳᠡᠯᠲᠠᠢ ᠡᠷᠤᠬᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠤᠰᠦᠨ ᠡᠮ ᠡᠮᠨᠡᠯᠭᠡ ᠵᠡᠷᠭᠡ ᠳᠤ ᠪᠦᠲᠦᠮᠵᠢᠲᠠᠢ ᠪᠠᠳᠤᠯᠠᠭ᠎ᠠ ᠬᠠᠩᠭᠠᠪᠠ᠂ ᠳᠠᠩᠰᠠ ᠡᠪᠬᠡᠮᠡᠯ ᠪᠠᠶᠢᠭᠤᠯᠤᠨ ᠺᠠᠷᠲ᠋ᠠᠯᠠᠭᠰᠠᠨ 301 ᠡᠷᠤᠬᠡ 663 ᠬᠦᠮᠦᠨ ᠶᠠᠳᠠᠭᠤ ᠬᠦᠴᠢᠷᠳᠡᠯᠲᠠᠢ ᠡᠷᠤᠬᠡ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠪᠠ᠃ ᠪᠤᠬᠢᠷᠲᠠᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠬᠦᠬᠡ ᠤᠭᠲᠠᠷᠭᠤᠢ ᠎ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠡ ᠶᠢ ᠡᠷᠡᠰ ᠲᠡᠮᠡᠴᠡᠨ ᠤᠯᠵᠦ᠂ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠶᠡᠷᠤᠩᠬᠡᠶᠢᠯᠡᠨ ᠵᠠᠰᠠᠬᠤ  ᠂ ᠠᠵᠦ ᠠᠬᠤᠶᠢᠯᠠᠯ ᠤᠨ ᠭᠠᠳᠠᠭᠰᠢᠯᠠᠭᠤᠯᠬᠤ ᠶᠢ ᠪᠠᠷᠢᠮᠵᠢᠶ᠎ᠠ ᠳᠤ ᠬᠦᠷᠭᠡᠬᠦ ᠵᠡᠷᠭᠡ ᠨᠢᠭᠡ ᠪᠦᠯᠦᠭ ᠠᠭᠠᠷ ᠮᠠᠨᠳᠤᠯ ᠤᠨ ᠪᠤᠬᠢᠷᠲᠤᠯ ᠢ ᠰᠡᠷᠭᠡᠶᠢᠯᠡᠨ ᠵᠠᠰᠠᠬᠤ ᠲᠦᠷᠦᠯ ᠵᠦᠢᠯ ᠢ ᠬᠡᠷᠡᠭᠵᠢᠭᠦᠯᠵᠦ᠂ ᠠᠭᠤᠷ ᠠᠮᠢᠰᠬᠤᠯ ᠤᠨ ᠶᠠᠰᠦ ᠴᠢᠨᠠᠷ ᠰᠠᠶᠢᠵᠢᠷᠠᠭᠰᠠᠨ ᠡᠳᠤᠷ ᠤᠨ ᠲᠤᠭ᠎ᠠ ᠶᠢᠨ ᠬᠠᠷᠢᠴᠠᠯ ᠬᠡᠮᠵᠢᠭᠳᠡᠯ ᠨᠢ 76.3% ᠬᠦᠷᠴᠦ᠂ ᠦᠪᠡᠷᠳᠡᠭᠡᠨ ᠵᠠᠰᠠᠬᠤ ᠤᠷᠤᠨ ᠠᠴᠠ ᠪᠠᠭᠤᠯᠭᠠᠭᠰᠡᠨ ᠡᠭᠦᠷᠭᠡ ᠠᠴᠠ ᠵᠠᠭᠤᠨ ᠤ 2.1 ᠬᠤᠪᠢ ᠦᠨᠳᠤᠷ ᠪᠠᠶᠢᠪᠠ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠦ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠦ᠂ ᠤᠷᠳᠤᠰ ᠤᠨ ᠪᠠᠷᠠᠭᠤᠨ ᠲᠠᠯ᠎ᠠ ᠶᠢᠨ ᠪᠠᠶᠢᠭᠠᠯᠢ ᠶᠢᠨ ᠬᠠᠮᠠᠭᠠᠯᠠᠯᠲᠡ ᠶᠢᠨ ᠤᠷᠤᠨ ᠤ ᠠᠵᠦ ᠦᠢᠯᠡᠳᠪᠦᠷᠢ ᠶᠢ ᠠᠷᠢᠯᠭᠠᠵᠦ᠂ ᠠᠵᠦ ᠦᠢᠯᠡᠳᠪᠦᠷᠢ ᠶᠢᠨ ᠬᠦᠷᠢᠶᠡᠯᠡᠩ ᠤᠨ ᠤᠷᠴᠢᠨ ᠠᠬᠤᠢ ᠶᠢᠨ ᠬᠠᠮᠠᠭᠠᠯᠠᠯᠲᠡ ᠶᠢᠨ ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠡ ᠵᠡᠷᠭᠡ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠦ᠂ ︽ᠡᠷᠭᠢᠵᠦ ᠬᠠᠷᠠᠬᠤ︾ ᠬᠤᠭᠤᠴᠠᠭᠠᠨ ᠳᠠᠬᠢ ᠰᠢᠯᠵᠢᠭᠦᠯᠦᠨ ᠰᠢᠢᠳᠪᠦᠷᠢᠯᠡᠭᠰᠡᠨ ᠬᠡᠷᠡᠭ ᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃        ︵ᠬᠤᠶᠠᠷ︶ ᠦᠷᠭᠦᠯᠵᠢᠯᠡᠨ ᠰᠢᠨ᠎ᠡ ᠬᠠᠭᠤᠴᠢᠨ ᠬᠦᠳᠡᠯᠭᠡᠬᠦ ᠡᠨᠧᠷᠬᠢ ᠤᠨ ᠰᠤᠯᠢᠭᠳᠠᠯ ᠢ ᠠᠬᠢᠭᠤᠯᠵᠦ᠂ ᠠᠵᠦ ᠦᠢᠯᠡᠳᠪᠦᠷᠢ ᠶᠢᠨ ᠠᠵᠦ ᠠᠬᠤᠢ ᠶᠢᠨ ᠬᠦᠭᠵᠢᠯᠲᠡ ᠶᠢᠨ ᠴᠢᠨᠠᠷ ᠰᠠᠶᠢᠲᠠᠢ ᠬᠦᠭᠵᠢᠬᠦ ᠶᠢ ᠠᠬᠢᠭᠤᠯᠬᠤ ᠳᠡᠭᠡᠷ᠎ᠡ ᠰᠢᠨ᠎ᠡ ᠳᠠᠪᠠᠯᠲᠡ ᠶᠢ ᠪᠡᠶᠡᠯᠡᠭᠦᠯᠦᠨ᠎ᠡ᠃ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠨᠢ 81 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠦᠰᠦᠯᠲᠡ ᠨᠢ 25.6%᠂ ᠠᠵᠦ ᠦᠢᠯᠡᠳᠪᠦᠷᠢ ᠶᠢᠨ ᠲᠤᠭᠳᠠᠮᠡᠯ ᠬᠦᠷᠦᠩᠭᠡ ᠶᠢᠨ ᠪᠡᠯᠡ ᠤᠷᠤᠭᠤᠯᠤᠯᠲᠡ 3408 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠦᠰᠦᠯᠲᠡ ᠨᠢ 20%᠃ ᠤᠯᠠᠮᠵᠢᠯᠠᠯᠳᠤ ᠬᠦᠳᠡᠯᠭᠡᠬᠦ ᠬᠦᠴᠦᠨ ᠤ ᠠᠮᠢᠵᠢᠷᠠᠯ ᠤᠨ ᠬᠦᠴᠦᠨ ᠢ ᠮᠡᠳᠡᠭᠳᠡᠮ᠎ᠡ ᠳᠡᠭᠡᠭᠰᠢᠯᠡᠭᠦᠯᠪᠡ᠃ 1.4 ᠳ᠋ᠦᠩᠰᠢᠭᠤᠷ ᠲᠦᠭᠦᠷᠢᠭ ᠪᠡᠯᠡ ᠴᠤᠭᠯᠠᠭᠤᠯᠵᠦ᠂ ᠶᠡᠭᠡ ᠬᠦᠴᠦᠨ ᠢᠶᠠᠷ ︽ᠰᠢᠩᠭᠡᠯᠢᠭ ᠰᠤᠯᠠᠯᠠᠨ ᠰᠢᠪᠠᠭᠤ ᠰᠤᠯᠢᠬᠤ︾᠎ ᠶᠢ ᠬᠡᠷᠡᠭᠵᠢᠭᠦᠯᠵᠦ᠂ ᠪᠤᠣ ᠡᠦ ᠨᠡᠭᠦᠷᠡᠰᠦ ᠪᠦᠲᠦᠭᠡᠬᠦ ᠮᠠᠲ᠋ᠧᠷᠢᠶᠠᠯ ᠤᠨ ᠠᠵᠦ ᠦᠢᠯᠡᠰ ᠤᠨ ᠬᠦᠷᠢᠶᠡᠯᠡᠩ᠂ ᠾᠧᠩ ᠵᠢᠶᠠᠨ ᠦᠨᠳᠤᠷ ᠨᠢᠺᠧᠯ ᠭᠤᠷᠪᠠᠨ ᠡᠰᠢᠳᠤ ᠡᠶᠡᠷᠬᠦ ᠲᠤᠶᠢᠯ ᠤᠨ ᠮᠠᠲ᠋ᠧᠷᠢᠶᠠᠯ ᠵᠡᠷᠭᠡ ᠴᠢᠬᠤᠯᠠ ᠶᠡᠭᠡ ᠲᠦᠷᠦᠯ ᠵᠦᠢᠯ ᠭᠡᠷ᠎ᠡ ᠲᠤᠭᠲᠠᠵᠦ ᠨᠠᠶᠢᠳᠠᠪᠦᠷᠢᠵᠢᠭᠤᠯᠪᠠ᠃ ᠪᠤᠤ ᠭᠠᠩ ᠸᠠᠨ ᠲᠧᠩ ᠪᠤᠯᠤᠳ ᠲᠡᠮᠤᠷ ᠤᠨ ᠵᠦᠢᠯᠡᠰ ᠢ ᠪᠠᠶᠢᠯᠳᠤᠬᠤ ᠪᠤᠳᠤᠯᠭ᠎ᠠ ᠪᠠᠷ ᠲᠠᠬᠢᠨᠲᠠ ᠵᠤᠬᠢᠶᠠᠨ ᠪᠠᠶᠢᠭᠤᠯᠬᠤ ᠶᠢ ᠢᠳᠡᠪᠬᠢᠲᠠᠢ ᠪᠠᠷ ᠬᠠᠪᠰᠤᠷᠤᠨ ᠲᠡᠳᠭᠦᠵᠦ᠂ ᠪᠤᠳᠠᠳᠤ ᠦᠷ᠎ᠡ ᠪᠦᠲᠦᠮᠵᠢ ᠤᠯᠪᠠ᠂ ᠪᠤᠤ ᠬᠤᠸᠠ ᠸᠠᠨ ᠴᠧᠨ ᠨᠡᠭᠦᠷᠡᠰᠦᠨ ᠬᠡᠤᠳᠤᠰᠦ ᠭᠦᠨ ᠪᠤᠯᠪᠠᠰᠤᠷᠠᠭᠤᠯᠬᠤ ᠵᠦᠢᠯᠡᠰ ᠢ ᠦᠢᠯᠡᠳᠪᠦᠷᠢᠯᠡᠬᠦ ᠴᠢᠳᠠᠮᠵᠢ ᠶᠢ ᠪᠦᠲᠦᠮᠵᠢᠲᠠᠢ ᠪᠠᠳᠠᠷᠠᠭᠤᠯᠵᠦ᠂ ᠱᠠᠨᠰᠢ ᠶᠢᠨ ᠠᠴᠢᠶᠠᠨ ᠤ ᠲᠡᠷᠭᠡᠨ ᠤ ᠦᠢᠯᠡᠳᠭᠦᠨ ᠎ ᠤ ᠬᠡᠮᠵᠢᠶ᠎ᠡ ᠳᠠᠬᠢᠨᠲᠠ ᠰᠢᠨ᠎ᠡ ᠲᠡᠮᠲᠡᠭᠯᠡᠯ ᠢ ᠡᠭᠦᠳᠪᠡ᠂ ᠨᠢᠭᠡ ᠪᠦᠯᠦᠭ ᠬᠠᠳᠠᠭᠠᠯᠠᠵᠦ ᠪᠠᠶᠢᠭ᠎ᠠ ᠵᠦᠢᠯᠡᠰ ᠨᠢ ᠦᠢᠯᠡᠳᠪᠦᠷᠢᠯᠡᠯ ᠤᠨ ᠦᠷ᠎ᠡ ᠪᠦᠲᠦᠮᠵᠢ ᠤᠯᠪᠠ᠃ ᠰᠢᠨ᠎ᠡ ᠪᠠᠷ ᠮᠠᠨᠳᠤᠭᠰᠠᠨ ᠬᠦᠳᠡᠯᠭᠡᠬᠦ ᠬᠦᠴᠦᠨ ᠰᠢᠨ᠎ᠡ ᠰᠢᠪᠳᠤᠯᠤᠯᠲᠠ ᠶᠢ ᠭᠠᠷᠭᠠᠪᠠ᠃ ᠵᠢᠩ ᠶᠦᠨ ᠲᠤᠩ ᠰᠢᠨ᠎ᠡ ᠮᠠᠲ᠋ᠧᠷᠢᠶᠠᠯ ᠤᠨ ᠠᠵᠦ ᠦᠢᠯᠡᠰ ᠤᠨ ᠬᠦᠷᠢᠶᠡᠯᠡᠩ᠂ ᠵᠦᠩ ᠢᠤᠢ ᠮᠠᠭᠨᠢ ᠶᠢᠨ ᠬᠦᠷᠳᠤ ᠶᠢᠨ ᠬᠠᠶᠢᠯᠤᠰᠢ ᠵᠢᠴᠢ ᠬᠠᠪᠲᠠᠰᠦ ᠬᠡᠯᠪᠡᠷᠢᠳᠤ ᠮᠠᠲ᠋ᠧᠷᠢᠶᠠᠯ᠂ ᠬᠤᠸᠠ ᠰᠢᠨ LNG ᠵᠡᠷᠭᠡ ᠵᠦᠢᠯᠡᠰ ᠢ ᠪᠠᠶᠢᠭᠤᠯᠤᠨ ᠲᠤᠷᠰᠢᠨ ᠦᠢᠯᠡᠳᠪᠦᠷᠢᠯᠡᠪᠡ᠂ ᠶᠡᠷᠤᠩᠬᠡᠢ ᠬᠡᠮᠵᠢᠶ᠎ᠡ ᠨᠢ 300 ᠲᠦᠮᠡᠨ ᠸᠠᠲ ᠠ ᠲᠧ ᠰᠾᠢ ᠵᠡᠷᠭᠡ ᠳᠦᠷᠪᠡᠨ ᠬᠡᠷᠡᠯ ᠸᠤᠯᠲ ᠤᠨ ᠳᠠᠭᠠᠭᠤᠯᠤᠭᠴᠢ ᠵᠦᠢᠯᠡᠰ ᠲᠤᠤᠷ ᠨᠡᠶᠢᠯᠡᠭᠦᠯᠦᠨ ᠴᠠᠬᠢᠯᠭᠠᠨ ᠭᠠᠷᠭᠠᠪᠠ᠂ ᠨᠢᠩ ᡁᠢ ᠶᠤᠸᠠᠨ ᠤᠷᠭᠠᠨᠢᠭ ᠪᠤᠷᠳᠤᠭᠤᠷ ᠤᠨ ᠵᠦᠢᠯᠡᠰ ᠢ ᠠᠰᠢᠭᠯᠠᠯᠲᠠ ᠳᠤ ᠤᠷᠤᠭᠤᠯᠪᠠ᠂ ᠦᠬᠠᠢ ᠶᠢᠨ ᠲᠤᠮᠦ ᠳ᠋ᠠᠶᠢᠲ᠋ᠠ  ᠎ ᠶᠢᠨ ᠠᠵᠦ ᠦᠢᠯᠡᠰ ᠤᠨ ᠬᠦᠷᠢᠶᠡᠯᠡᠩ᠂ ᠴᠢ ᠲᠢᠶᠡᠨ ᠦᠨᠳᠤᠷ ᠴᠢᠳᠠᠮᠵᠢᠳᠤ ᠡᠭᠦᠯᠡᠨ ᠪᠤᠳᠤᠯᠲᠠ ᠶᠢᠨ ᠲᠦᠪ᠂ ᠵᠣ᠋ ᠼᠠᠩ ᠲᠤᠤᠷ ᠰᠦᠯᠵᠢᠶ᠎ᠡ ᠶᠢᠨ ᠳ᠋ᠠᠶᠢᠲ᠋ᠠ ᠵᠡᠷᠭᠡ ᠵᠦᠢᠯᠡᠰ ᠢ ᠦᠷᠭᠦᠯᠵᠢᠯᠡᠨ ᠠᠬᠢᠭᠤᠯᠪᠠ ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠦ ᠦᠢᠯᠡᠰ ᠤᠨ ᠬᠦᠭᠵᠢᠯᠲᠡ ᠶᠢ ᠲᠦᠷᠭᠡᠳᠭᠡᠪᠡ᠃ ᠬᠦᠷᠢᠶᠡᠯᠡᠩ ᠤᠨ ᠲᠤᠲᠠᠭᠳᠠᠯ ᠢ ᠲᠦᠷᠭᠡᠨ ᠨᠦᠬᠦᠪᠦᠷᠢᠯᠡᠪᠡ᠃ 1500 ᠲᠦᠮᠡᠨ ᠲᠦᠭᠦᠷᠢᠭ ᠪᠡᠯᠡ ᠤᠷᠤᠭᠤᠯᠵᠦ᠂ 100 ᠲᠦᠮᠡᠨ ᠺᠦᠪ ᠮᠧᠲᠷ ᠤᠰᠤ ᠬᠡᠷᠡᠭᠯᠡᠬᠦ ᠡᠷᠬᠡ ᠶᠢ ᠰᠢᠨ᠎ᠡ ᠪᠠᠷ ᠬᠤᠳᠠᠯᠳᠤᠨ ᠠᠪᠴᠦ᠂ ᠬᠦᠷᠢᠶᠡᠯᠡᠩ ᠤᠨ ᠤᠰᠤ ᠨᠦᠬᠦᠪᠦᠷᠢᠯᠡᠬᠦ ᠪᠠᠷᠢᠯᠭ᠎ᠠ ᠠᠰᠢᠭᠯᠠᠯᠲᠠ ᠳᠤ ᠤᠷᠤᠵᠦ᠂ ᠠᠵᠦ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠬᠠᠩᠭᠠᠯᠭ᠎ᠠ ᠶᠢ ᠦᠨᠳᠤᠰᠦᠨ ᠳᠤᠨᠢ ᠪᠠᠳᠤᠯᠠᠵᠠᠢ᠃ ᠪᠤᠶᠠᠨ ᠬᠦᠴᠦᠳᠡᠯ ᠦᠭᠡᠷᠡᠴᠢᠯᠡᠬᠦ ᠦᠷᠳᠡᠭᠡ ᠨᠡᠬᠡᠬᠡᠯᠬᠡ ᠨᠡᠬᠡᠬᠡᠨ ᠴᠠᠬᠢᠯᠭᠠᠨ ᠬᠠᠩᠭᠠᠵᠦ᠂ ᠠᠮᠢ ᠠᠬᠤᠢ ᠶᠢᠨ ᠬᠦᠴᠦᠳᠡᠯ ᠦᠭᠡᠷᠡᠴᠢᠯᠡᠬᠦ ᠦᠷᠳᠡᠭᠡ ᠭᠠᠷ ᠭᠦᠢᠴᠡᠳᠭᠡᠯ ᠤᠨ ᠠᠵᠢᠯ ᠢ ᠰᠢᠢᠳᠪᠦᠷᠢᠯᠡᠨ ᠳᠠᠭᠤᠰᠬᠠᠵᠦ᠂ ᠡᠩᠬᠡ ᠬᠦᠴᠦᠳᠡᠯ ᠦᠭᠡᠷᠡᠴᠢᠯᠡᠬᠦ ᠦᠷᠳᠡᠭᠡ ᠭᠠᠵᠠᠷ ᠰᠤᠩᠭᠤᠬᠤ ᠠᠵᠢᠯ ᠢ ᠪᠡᠶᠡᠯᠡᠭᠦᠯᠵᠦ᠂ ᠴᠠᠬᠢᠯᠭᠠᠨ ᠬᠠᠩᠭᠠᠬᠤ ᠴᠢᠳᠠᠪᠦᠷᠢ ᠮᠡᠳᠡᠭᠳᠡᠮ᠎ᠡ ᠨᠡᠮᠡᠭᠳᠡᠪᠡ᠃ ᠬᠦᠷᠢᠶᠡᠯᠡᠩ 1 ᠲᠦᠮᠡᠨ ᠲᠤᠨ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠪᠠ ᠦᠢᠯᠡᠳᠪᠦᠷᠢ ᠶᠢᠨ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠪᠠᠷᠢᠯᠭ᠎ᠠ ᠠᠰᠢᠭᠯᠠᠯᠲᠡ ᠳᠤ ᠤᠷᠤᠭᠰᠠᠨ ᠠᠴᠠ ᠤᠷᠴᠢᠨ ᠠᠬᠤᠢ ᠶᠢ ᠬᠠᠮᠠᠭᠠᠯᠠᠬᠤ ᠲᠦᠭᠦᠭᠡᠷᠤᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠢ ᠬᠠᠪᠰᠤᠷᠤᠨ ᠲᠡᠳᠭᠦᠵᠦ ᠯᠠᠪᠳᠠᠭᠤᠨ ᠪᠠᠳᠤᠲᠠᠢ ᠦᠷ᠎ᠡ ᠪᠦᠲᠦᠮᠵᠢ ᠤᠯᠪᠠ᠃ ᠦᠷᠭᠦᠯᠵᠢᠯᠡᠨ ᠡᠯ᠎ᠡ ᠵᠦᠢᠯ ᠤᠨ ᠠᠷᠭ᠎ᠠ ᠬᠡᠮᠵᠢᠶ᠎ᠡ ᠪᠠᠷ ᠠᠵᠦ ᠠᠬᠤᠶᠢᠯᠠᠯ ᠢ ᠬᠠᠪᠰᠤᠷᠤᠨ ᠲᠡᠳᠭᠦᠬᠦ ᠶᠢ ᠨᠠᠶᠢᠳᠠᠪᠦᠷᠢᠵᠢᠭᠤᠯᠵᠦ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠡᠯ᠎ᠡ ᠲᠦᠷᠦᠯ ᠤᠨ ᠭᠠᠶᠢᠯᠢ ᠰᠦᠢᠳᠭᠡᠯ ᠢ 10.2 ᠳ᠋ᠦᠩᠰᠢᠭᠤᠷ ᠲᠦᠭᠦᠷᠢᠭ ᠬᠦᠩᠬᠡᠯᠡᠵᠦ ᠬᠡᠯᠲᠤᠷᠢᠭᠦᠯᠦᠨ᠂ ᠬᠤᠸᠠᠩ ᠾᠧ ᠡᠨᠧᠷᠬᠢ ᠶᠢᠨ ᠪᠦᠯᠦᠭᠯᠡᠯ ᠤᠨ 20 ᠳ᠋ᠦᠩᠰᠢᠭᠤᠷ ᠲᠦᠭᠦᠷᠢᠭ ᠤᠨ ᠵᠢᠭᠡᠯᠡᠯᠭᠡ ᠶᠢ ᠰᠲ᠋ᠤᠺ ᠪᠤᠯᠭᠠᠨ ᠬᠤᠪᠢᠶᠠᠷᠢᠯᠠᠬᠤ ᠠᠵᠢᠯ ᠢ ᠲᠡᠮᠵᠢᠵᠦ᠂ ᠦᠪᠡᠷᠳᠡᠭᠡᠨ ᠵᠠᠰᠠᠬᠤ ᠤᠷᠤᠨ ᠤ ᠠᠩᠬᠠᠳᠠᠭᠴᠢ ᠵᠠᠬ᠎ᠠ ᠳᠡᠯᠭᠡᠭᠦᠷ ᠤᠨ ᠠᠷᠭ᠎ᠠ ᠪᠠᠷ ᠵᠢᠭᠡᠯᠡᠯᠭᠡ ᠶᠢ ᠰᠲ᠋ᠤᠺ ᠪᠤᠯᠭᠠᠨ ᠬᠤᠪᠢᠶᠠᠷᠢᠯᠠᠭᠰᠠᠨ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠪᠤᠯᠪᠠ᠃ 30 ᠭᠠᠷᠤᠢ ᠠᠵᠦ ᠠᠬᠤᠶᠢᠯᠠᠯ ᠢ ᠬᠠᠪᠰᠤᠷᠤᠨ 6.74 ᠳ᠋ᠦᠩᠰᠢᠭᠤᠷ ᠲᠦᠭᠦᠷᠢᠭ ᠵᠢᠭᠡᠯᠡᠯᠭᠡ ᠶᠢ ᠦᠷᠭᠦᠯᠵᠢᠯᠡᠭᠦᠯᠵᠦ᠂ ᠠᠵᠦ ᠠᠬᠤᠶᠢᠯᠠᠯ ᠤᠨ ᠦᠪᠡᠷ ᠤᠨ ᠦᠷᠳᠡᠭ ᠢᠶᠠᠨ 900 ᠭᠠᠷᠤᠢ ᠲᠦᠮᠡᠨ ᠲᠦᠭᠦᠷᠢᠭ ᠠᠷᠪᠢᠯᠠᠵᠦ᠂ ᠴᠠᠬᠢᠯᠭᠠᠨ ᠬᠦᠴᠦᠨ ᠤ ᠤᠯᠠᠨ ᠳᠠᠯᠠᠳᠤ ᠠᠷᠠᠯᠵᠢᠶᠠᠨ ᠤ ᠠᠵᠦ ᠠᠬᠤᠶᠢᠯᠠᠯ ᠤᠨ ᠨᠡᠮᠡᠭᠳᠡᠬᠦ ᠶᠢ ᠲᠦᠯᠬᠢᠨ ᠠᠬᠢᠭᠤᠯᠵᠦ᠂ ᠨᠢᠭᠡᠨᠲᠡ ᠨᠡᠮᠡᠭᠳᠡᠭᠡᠳ 19 ᠠᠵᠦ ᠠᠬᠤᠶᠢᠯᠠᠯ ᠪᠤᠯᠪᠠ᠂ 4 ᠠᠵᠦ ᠠᠬᠤᠶᠢᠯᠠᠯ ᠦᠪᠡᠷᠳᠡᠭᠡᠨ ᠵᠠᠰᠠᠬᠤ ᠤᠷᠤᠨ ᠤ ᠴᠠᠬᠢᠯᠭᠠᠨ ᠤ ᠬᠠᠷᠠᠭᠠᠯᠵᠠᠯ ᠤᠨ ᠦᠨ᠎ᠡ ᠶᠢ ᠬᠦᠷᠲᠡᠵᠦ᠂ ᠠᠵᠦ ᠠᠬᠤᠶᠢᠯᠠᠯ ᠤᠨ ᠴᠠᠬᠢᠯᠭᠠᠨ ᠬᠡᠷᠡᠭᠯᠡᠬᠦ ᠦᠪᠡᠷ ᠤᠨ ᠦᠷᠳᠡᠭ ᠢ 1.3 ᠳ᠋ᠦᠩᠰᠢᠭᠤᠷ ᠲᠦᠭᠦᠷᠢᠭ ᠠᠷᠪᠢᠯᠠᠪᠠ᠂ 4 ᠠᠵᠦ ᠠᠬᠤᠶᠢᠯᠠᠯ ᠢ ᠬᠠᠪᠰᠤᠷᠤᠨ ᠳᠠᠭᠠᠭᠠᠯᠲᠠ ᠳᠤ ᠲᠤᠰᠠᠯᠠᠬᠤ ᠵᠢᠬᠡᠯᠡᠯᠭᠡ ᠶᠢᠨ ᠪᠡᠯᠡ ᠮᠦᠩᠭᠦ 1400 ᠲᠦᠮᠡᠨ ᠲᠦᠭᠦᠷᠢᠭ ᠤᠯᠪᠠ᠃ ᠠᠵᠦ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠦᠷᠢ ᠪᠠᠨ ᠳᠡᠭᠡᠭᠰᠢᠯᠡᠭᠦᠯᠬᠦ ᠶᠢ ᠵᠤᠷᠢᠭᠵᠢᠭᠤᠯᠤᠨ᠂ 10 ᠠᠵᠦ ᠠᠬᠤᠶᠢᠯᠠᠯ ᠦᠪᠡᠷᠳᠡᠭᠡᠨ ᠵᠠᠰᠠᠬᠤ ᠤᠷᠤᠨ ᠤ ᠳᠡᠰ ᠤᠨ ᠠᠵᠦ ᠠᠬᠤᠶᠢᠯᠠᠯ ᠤᠨ ᠰᠤᠳᠤᠯᠤᠨ ᠨᠡᠬᠡᠬᠡᠨ ᠬᠦᠭᠵᠢᠭᠦᠯᠬᠦ ᠲᠦᠪ ᠪᠤᠯᠵᠦ᠂ ᠰᠢᠨᠵᠢᠯᠡᠬᠦ ᠮᠡᠷᠭᠡᠵᠢᠯ ᠤᠨ ᠬᠡᠯᠪᠡᠷᠢ ᠶᠢᠨ ᠲᠤᠮᠳᠡ ᠪᠠᠭ᠎ᠠ ᠠᠵᠦ ᠠᠬᠤᠶᠢᠯᠠᠯ 8 ᠬᠦᠷᠴᠦ᠂ 6 ᠠᠵᠦ ᠠᠬᠤᠶᠢᠯᠠᠯ ᠳᠤ ᠰᠢᠨᠵᠢᠯᠡᠬᠦ ᠮᠡᠷᠭᠡᠵᠢᠯ ᠤᠨ ᠲᠤᠰᠬᠠᠢ ᠲᠦᠷᠦᠯ ᠵᠦᠢᠯ ᠤᠨ ᠪᠡᠯᠡ ᠮᠦᠩᠭᠦ 1200 ᠭᠠᠷᠤᠢ ᠲᠦᠮᠡᠨ ᠲᠦᠭᠦᠷᠢᠭ ᠲᠡᠮᠡᠴᠡᠨ ᠤᠯᠵᠦ ᠦᠭᠪᠡ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠢᠯᠡᠳᠲᠡ ᠦᠷ᠎ᠡ ᠪᠦᠲᠦᠮᠵᠢ ᠤᠯᠪᠠ᠃ ᠰᠠᠨᠠᠭᠠᠴᠢᠯᠠᠭ᠎ᠠ ᠠᠴᠠ ᠪᠠᠨ ᠵᠤᠯᠭᠠᠭᠤᠯᠵᠦ᠂ ᠢᠳᠡᠪᠬᠢᠲᠠᠢ ᠪᠠᠷ ᠵᠠᠯᠭᠠᠨ ᠠᠪᠴᠦ ︽ᠪᠡᠭᠡᠵᠢᠩ ᠲᠢᠶᠠᠨᠵᠢᠨ ᠡᠾᠧᠪᠸᠢ︾ ︽ᠬᠦᠬᠡᠮᠦᠷᠡᠨ ᠤ ᠭᠤᠷᠪᠠᠯᠵᠢᠨ ᠬᠤᠶᠢᠭ︾ ᠵᠡᠷᠭᠡ ᠬᠦᠭᠵᠢᠭᠰᠡᠨ ᠤᠷᠤᠨ ᠳᠤ ᠠᠵᠦ ᠦᠢᠯᠡᠰ ᠢ ᠰᠢᠯᠵᠢᠭᠦᠯᠦᠨ᠎ᠡ᠂ ᠵᠢᠶᠠᠩᠰᠢ ᠮᠤᠵᠢ ᠶᠢᠨ ᠢ ᠴᠦᠨ ᠠᠶᠠᠨᠴᠢᠳ ᠤᠨ ᠲᠡᠷᠭᠡ ᠵᠡᠷᠭᠡ 14 ᠲᠦᠷᠦᠯ ᠵᠦᠢᠯ ᠤᠷᠤᠭᠰᠢᠲᠠᠢ ᠪᠠᠷ ᠭᠡᠷ᠎ᠡ ᠲᠤᠭᠲᠠᠵᠦ᠂ ᠭᠦᠸᠧ ᠱᠧᠩ ᠰᠢᠨᠵᠢᠯᠡᠬᠦ ᠮᠡᠷᠭᠡᠵᠢᠯ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠰᠢᠨ᠎ᠡ ᠮᠠᠲ᠋ᠧᠷᠢᠶᠠᠯ ᠵᠡᠷᠭᠡ 6 ᠲᠦᠷᠦᠯ ᠵᠦᠢᠯ ᠰᠠᠨᠠᠭᠠᠨ ᠳᠤ ᠲᠤᠬᠢᠷᠠᠵᠦ᠂ 5 ᠲᠦᠷᠦᠯ ᠵᠦᠢᠯ ᠬᠡᠯᠡᠯᠴᠡᠭᠡᠷ ᠤᠷᠤᠭᠰᠢᠲᠠᠢ᠂ ᠪᠦᠬᠦ ᠵᠢᠯ ᠳᠤ 43 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠲᠠᠲᠠᠨ ᠤᠷᠤᠭᠤᠯᠪᠠ᠃         ︵ᠭᠤᠷᠪᠠ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠴᠢᠬᠤᠯᠠᠴᠢᠯᠠᠵᠦ᠂ ᠤᠷᠤᠨ ᠨᠤᠲᠤᠭ ᠤᠨ ᠲᠦᠪ ᠤᠨ ᠨᠦᠯᠦᠭᠡᠯᠡᠬᠦ ᠴᠢᠳᠠᠪᠤᠷᠢ ᠢᠯᠡᠳᠲᠡ ᠳᠡᠭᠡᠭᠰᠢᠯᠡᠪᠡ᠃ ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠎ ᠲᠠᠢ ᠠᠳᠬᠤᠵᠦ᠂ ᠵᠢᠣ ᠯᠦᠩ ᠤᠯᠠᠨ ᠤᠯᠤᠰ ᠤᠨ ᠲᠠᠯᠠᠪᠠᠢ᠂ ᠵᠧᠵᠢᠶᠠᠩ ᠤᠨ ᠤᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠲᠡ ᠵᠡᠷᠭᠡ ᠲᠦᠷᠦᠯ ᠵᠦᠢᠯ ᠭᠤᠤᠯ ᠪᠠᠷᠢᠯᠭ᠎ᠠ ᠪᠠᠨ ᠳᠠᠭᠤᠰᠬᠠᠵᠦ᠂ ᠴᠠᠬᠢᠯᠭᠠᠨ ᠬᠦᠴᠦᠨ ᠤ ᠲᠠᠳᠤᠯᠭ᠎ᠠ ᠪᠤᠯᠪᠠᠰᠤᠷᠠᠯ ᠤᠨ ᠰᠠᠭᠤᠷᠢᠨ ᠭᠠᠵᠠᠷ᠂ ᠪᠦᠸᠧ ᠯᠢᠨ ᠬᠠᠨ ᠪᠠᠭᠤᠳᠠᠯ ᠵᠡᠷᠭᠡ ᠲᠦᠷᠦᠯ ᠵᠦᠢᠯ ᠤᠷᠤᠭᠰᠢᠲᠠᠢ ᠶᠠᠪᠤᠭᠳᠠᠵᠦ᠂ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠦᠷᠳᠡᠭ 86 ᠳ᠋ᠦᠩᠰᠢᠭᠤᠷ ᠲᠦᠭᠦᠷᠢᠭ ᠎ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ ᠪᠠᠨ 6.1%᠎ ᠪᠠᠷ ᠨᠡᠮᠡᠭᠳᠡᠪᠡ᠃ ᠵᠤᠭᠠᠴᠠᠯ ᠤᠨ ᠦᠢᠯᠡᠰ ᠯᠠᠪᠳᠠᠭᠤᠨ ᠢᠶᠠᠷ ᠤᠷᠤᠭᠰᠢᠯᠠᠪᠠ᠃ ᠦᠪᠡᠷᠳᠡᠭᠡᠨ ᠵᠠᠰᠠᠬᠤ ᠤᠷᠤᠨ ᠤ ᠪᠦᠬᠦ ᠤᠷᠤᠨ ᠤ ᠬᠡᠪᠴᠢᠶᠡᠨ ᠳᠠᠬᠢ ᠵᠤᠭᠠᠴᠠᠯ ᠎ ᠤᠨ ᠵᠢᠱᠢᠶ᠎ᠡ ᠦᠵᠡᠭᠦᠯᠬᠦ ᠤᠷᠤᠨ ᠢ ᠪᠠᠶᠢᠭᠤᠯᠬᠤ᠂ ᠤᠮᠠᠷᠠᠳᠤ ᠬᠡᠰᠡᠭ ᠤᠨ ᠠᠮᠢ ᠠᠬᠤᠢ ᠶᠢᠨ ᠤᠷᠤᠨ᠂ ᠬᠠᠳᠤᠨ ᠭᠤᠤᠯ ᠳᠠᠭᠠᠤ ᠦᠵᠡᠮᠵᠢ ᠰᠤᠨᠢᠷᠬᠠᠬᠤ ᠵᠡᠷᠭᠡ ᠵᠢᠭᠤᠯᠴᠢᠯᠠᠯ ᠤᠨ ᠦᠢᠯᠡᠰ ᠢ ᠲᠦᠷᠭᠡᠨ ᠪᠠᠶᠢᠭᠤᠯᠵᠦ᠂ ᠠᠯᠲᠠᠨ ᠰᠢᠷᠭᠠᠯ ᠡᠯᠡᠰᠦᠨ ᠲᠤᠬᠤᠢ᠂ ᠬᠠᠨ ᠰᠧᠨ ᠠᠷᠢᠬᠢᠨ ᠦᠢᠯᠡᠳᠪᠦᠷᠢ᠂ ᠮᠦᠩᠭᠦᠨᠬᠤᠸᠠᠷ ᠵᠡᠷᠭᠡ ᠤᠳᠤ ᠶᠢᠨ ᠪᠠᠶᠢᠭ᠎ᠠ ᠦᠵᠡᠮᠵᠢ ᠶᠢᠨ ᠭᠠᠵᠠᠷ ᠤᠨ ᠶᠠᠰᠦ ᠴᠢᠨᠠᠷ ᠪᠠ ᠵᠤᠭᠠᠴᠠᠭᠰᠡᠳ ᠤᠨ ᠪᠠᠭ᠋ᠠᠷᠠᠯ ᠢ ᠲᠠᠲᠠᠬᠤ ᠴᠢᠳᠠᠪᠦᠷᠢ ᠨᠢ ᠴᠦᠮ ᠳᠡᠭᠡᠭᠰᠢᠯᠡᠪᠡ᠃ ᠳᠤᠮᠳᠠᠳᠤ ᠤᠯᠤᠰ ᠤᠨ ᠵᠠᠰᠠᠮᠡᠯ ᠵᠠᠮ ᠤᠨ ᠳᠤᠭᠤᠢ ᠲᠡᠷᠭᠡᠨ ᠤ ᠬᠤᠯᠪᠤᠭᠠᠳᠤ ᠤᠷᠤᠯᠳᠤᠭᠠᠨ ᠤ ᠰᠢᠢᠳᠪᠦᠷᠢᠳᠤ ᠤᠷᠤᠯᠳᠤᠭᠠᠨ ᠵᠡᠷᠭᠡ 20 ᠭᠠᠷᠤᠢ ᠲᠤᠮᠦ ᠬᠡᠯᠪᠡᠷᠢ ᠶᠢᠨ ᠤᠷᠤᠯᠳᠤᠭᠠᠨ ᠢ ᠬᠠᠮᠵᠢᠯᠴᠠᠨ ᠬᠢᠭᠰᠡᠨ ᠪᠠ ᠳᠠᠭᠠᠭᠠᠴᠢᠯᠠᠨ ᠬᠢᠪᠡ᠃ ᠪᠦᠬᠦ ᠵᠢᠯ ᠳᠤ ᠬᠦᠯᠢᠶᠡᠨ ᠠᠪᠤᠭᠰᠡᠨ ᠵᠤᠭᠠᠴᠠᠭᠰᠡᠳ ᠤᠨ ᠲᠤᠭ᠎ᠠ ᠪᠠᠷᠤᠭ 225 ᠲᠦᠮᠡᠨ ᠬᠦᠮᠦᠨ ᠳᠤ ᠬᠦᠷᠴᠦ᠂ ᠠᠳᠠᠯᠢ ᠬᠤᠭᠤᠴᠠᠭᠠᠨ ᠠᠴᠠ ᠪᠠᠨ 35%᠎ ᠪᠠᠷ ᠨᠡᠮᠡᠭᠳᠡᠪᠡ᠂ ᠵᠢᠭᠤᠯᠴᠢᠯᠠᠯ ᠤᠨ ᠪᠦᠬᠦ ᠤᠷᠤᠯᠭ᠎ᠠ ᠨᠢ ᠪᠠᠷᠤᠭ 55 ᠳ᠋ᠦᠩᠰᠢᠭᠤᠷ ᠲᠦᠭᠦᠷᠢᠭ  ᠎ ᠲᠤ ᠬᠦᠷᠴᠦ᠂ ᠠᠳᠠᠯᠢ ᠬᠤᠭᠤᠴᠠᠭᠠᠨ ᠠᠴᠠ ᠪᠠᠨ 34% ᠎ ᠪᠠᠷ ᠨᠡᠮᠡᠭᠳᠡᠪᠡ᠃ ᠮᠦᠩᠭᠦᠨ ᠭᠦᠢᠯᠭᠡᠭᠡᠨ ᠤ ᠬᠤᠪᠢ ᠨᠡᠮᠡᠷᠢ ᠶᠢᠨ ᠨᠤᠷᠮ᠎ᠠ ᠦᠷᠭᠦᠯᠵᠢᠯᠡᠨ ᠨᠡᠮᠡᠭᠳᠡᠪᠡ᠃ ᠡᠯ᠎ᠡ ᠵᠦᠢᠯ ᠎ ᠤᠨ ᠪᠠᠩᠬᠢ ᠶᠢᠨ ᠡᠵᠡᠩᠨᠡᠯᠲᠡ ᠶᠢᠨ ᠴᠡᠭ 114 ᠬᠦᠷᠳᠡᠯ᠎ᠡ ᠨᠡᠮᠡᠭᠳᠡᠵᠦ᠂ ᠲᠤᠬᠠᠶᠢᠯᠠᠭᠰᠡᠨ ᠠᠵᠢᠯ ᠢᠶᠠᠨ ᠤᠶᠢᠷ᠎ᠠ ᠬᠠᠪᠢ ᠶᠢᠨ ᠭᠠᠵᠠᠷ ᠤᠷᠤᠨ ᠬᠦᠷᠳᠡᠯ᠎ᠡ ᠦᠷᠭᠡᠵᠢᠭᠦᠯᠦᠨ ᠬᠦᠭᠵᠢᠭᠦᠯᠵᠦ᠂ ᠤᠷᠤᠨ ᠬᠡᠪᠴᠢᠶᠡᠨ ᠤ ᠮᠦᠩᠭᠦᠨ ᠭᠦᠢᠯᠭᠡᠭᠡᠨ ᠤ ᠲᠦᠪ ᠠᠩᠬ᠎ᠠ ᠠᠯᠬᠤᠮ ᠪᠦᠷᠢᠯᠳᠦᠪᠡ᠃ ᠠᠷᠠᠳ ᠤᠨ ᠵᠤᠭᠤᠰ ᠤᠨ ᠬᠠᠳᠠᠭᠠᠯᠠᠮᠵᠢ᠂ ᠵᠢᠭᠡᠯᠡᠯᠭᠡ ᠶᠢᠨ ᠲᠤᠭ᠎ᠠ ᠨᠢ ᠲᠤᠰ ᠲᠤᠰ 569.2 ᠳ᠋ᠦᠩᠰᠢᠭᠤᠷ ᠲᠦᠭᠦᠷᠢᠭ᠂ 506.4 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ ᠪᠠᠨ 3.1%᠂ 0.6%᠎ ᠪᠠᠷ ᠨᠡᠮᠡᠭᠳᠡᠪᠡ᠂ ᠮᠦᠩᠭᠦᠨ ᠭᠦᠢᠯᠭᠡᠭᠡᠨ ᠤ ᠦᠢᠯᠡᠰ ᠤᠨ ᠭᠠᠶᠢᠯᠢ ᠲᠠᠲᠠᠪᠦᠷᠢ ᠶᠢᠨ ᠤᠷᠤᠯᠭ᠎ᠠ ᠨᠢ 6.9 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠬᠤᠪᠢ ᠨᠡᠮᠡᠷᠢ ᠶᠢᠨ ᠨᠤᠷᠮ᠎ᠠ ᠨᠢ 18.9%᠂ ᠦᠢᠯᠡᠴᠢᠯᠡᠭᠡᠨ ᠤ ᠦᠢᠯᠡᠰ ᠤᠨ ᠭᠠᠶᠢᠯᠢ ᠲᠠᠲᠠᠪᠦᠷᠢ ᠶᠢᠨ ᠶᠡᠷᠤᠩᠬᠡᠢ ᠤᠷᠤᠯᠭ᠎ᠠ ᠶᠢᠨ 29.5%᠎ ᠢ ᠡᠵᠡᠯᠡᠪᠡ᠃ ᠠᠷᠠᠯᠵᠢᠶ᠎ᠠ ᠬᠤᠳᠠᠯᠳᠤᠭᠠᠨ ᠤ ᠡᠳ᠋ ᠪᠠᠷᠠᠭᠠᠨ ᠤ ᠭᠦᠢᠯᠭᠡᠭᠡ ᠮᠡᠳᠡᠭᠡ ᠵᠠᠩᠬᠢᠵᠢᠯᠲᠡ ᠪᠠᠷ ᠬᠦᠭᠵᠢᠪᠡ᠃ ᠵᠢᠩ ᠳ᠋ᠦᠩ ᠭᠡᠷ ᠤᠨ ᠴᠠᠬᠢᠯᠭᠠᠨ ᠬᠡᠷᠡᠭᠰᠡᠯ ᠤᠨ ᠬᠤᠳᠠᠯᠳᠤᠭ᠎ᠠ ᠡᠵᠡᠩᠨᠡᠯᠲᠡ ᠳᠤ ᠤᠷᠤᠵᠦ᠂ ᠨᠢᠭᠡ ᠬᠡᠰᠡᠭ ᠪᠤᠳᠠᠳᠤ ᠴᠤᠭᠴᠠ ᠶᠢᠨ ᠳᠡᠯᠭᠡᠭᠦᠷ ᠰᠦᠯᠵᠢᠶᠡᠨ ᠳᠡᠭᠡᠷ᠎ᠡ ᠵᠡᠷᠭᠡ ᠪᠠᠷ ᠪᠤᠷᠤᠯᠠᠭᠤᠯᠵᠦ᠂ ᠤᠯᠠᠮᠵᠢᠯᠠᠯᠳᠤ ᠠᠷᠠᠯᠵᠢᠶ᠎ᠠ ᠬᠤᠳᠠᠯᠳᠤᠭᠠᠨ ᠤ ᠦᠢᠯᠡᠰ ᠪᠠ ᠡᠯᠧᠺᠲᠷᠤᠨ ᠬᠤᠳᠠᠯᠳᠤᠭᠠᠨ ᠤ ᠦᠢᠯᠡᠰ ᠢ ᠬᠠᠷᠢᠯᠴᠠᠨ ᠠᠭᠤᠰᠤᠯᠴᠠᠭᠤᠯᠤᠨ ᠬᠦᠭᠵᠢᠭᠦᠯᠪᠡ᠃ ᠲᠤᠰ ᠭᠠᠵᠠᠷ ᠤᠷᠤᠨ ᠤ ᠨᠡᠯᠢᠶᠡᠳ ᠤᠯᠠᠨ ᠪᠠᠷᠠᠭᠠᠨ ᠤ ᠠᠵᠦ ᠠᠬᠤᠶᠢᠯᠠᠯ ᠢ ᠲᠡᠷᠭᠡ ᠦᠭᠡᠢ ᠳᠠᠭᠠᠭᠠᠴᠢᠯᠠᠨ ᠲᠡᠭᠡᠭᠡᠪᠦᠷᠢᠯᠡᠬᠦ ᠲᠤᠷᠰᠢᠯᠲᠡ ᠶᠢᠨ ᠴᠡᠭ ᠲᠤ ᠤᠷᠤᠭᠤᠯᠵᠦ᠂ ᠦᠬᠠᠢ ᠶᠢᠨ ᠬᠤᠶᠢᠳᠤ ᠦᠷᠳᠡᠭᠡ ᠳᠠᠬᠢ ᠲᠡᠮᠤᠷ ᠵᠠᠮ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠦᠨᠳᠤᠰᠦᠨ ᠳᠡᠭᠡᠨ ᠪᠠᠶᠢᠭᠤᠯᠵᠦ ᠳᠠᠭᠤᠰᠦᠨ᠂ ᠤᠶᠤᠨᠳᠤ ᠵᠠᠰᠠᠮᠡᠯ ᠵᠠᠮ ᠤᠨ ᠡᠳ᠋ ᠪᠠᠷᠠᠭᠠᠨ ᠤ  ᠭᠦᠢᠯᠭᠡᠭᠡᠨ ᠤ ᠭᠠᠷᠠᠮ ᠤᠨ ᠲᠦᠷᠦᠯ ᠵᠦᠢᠯ ᠢ ᠯᠠᠪᠳᠠᠭᠤᠨ ᠢᠶᠠᠷ ᠠᠬᠢᠭᠤᠯᠵᠦ᠂ ᠲᠦᠷᠭᠡᠨ ᠬᠦᠷᠭᠡᠬᠦ ᠬᠡᠮᠵᠢᠶ᠎ᠡ 31.4%᠎ ᠪᠠᠷ ᠨᠡᠮᠡᠭᠳᠡᠵᠦ᠂ ᠲᠡᠮᠤᠷ ᠵᠠᠮ ᠵᠠᠰᠠᠮᠡᠯ ᠵᠠᠮ ᠠᠭᠠᠷ ᠤᠨ ᠠᠶᠠᠯᠠᠯ ᠤᠨ ᠠᠳ᠋ ᠪᠠᠷᠠᠭᠠᠨ ᠤ ᠭᠦᠢᠯᠭᠡᠭᠡᠨ ᠤ ᠰᠢᠨ᠎ᠡ ᠲᠤᠤᠷ ᠰᠦᠯᠵᠢᠶ᠎ᠡ ᠵᠤᠬᠢᠴᠠᠩᠭᠤᠢ ᠬᠦᠭᠵᠢᠪᠡ        ︵ᠲᠦᠷᠪᠡ︶ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠲᠡ ᠶᠢᠨ ᠴᠢᠨᠠᠷ ᠴᠢᠨᠰᠠᠭ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠪᠡ᠃ ᠲᠠᠷᠢᠶᠠᠯᠠᠩ ᠤᠨ ᠨᠡᠮᠡᠭᠳᠡᠯ ᠦᠷᠳᠡᠭ 1.9 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ ᠪᠠᠨ 3%᠎ ᠪᠠᠷ ᠨᠡᠮᠡᠭᠳᠡᠪᠡ᠃ ᠲᠠᠷᠢᠶᠠᠯᠠᠬᠤ ᠤᠷᠤᠨ ᠤ ᠤᠷᠴᠢᠨ ᠲᠤᠭᠤᠷᠢᠨ ᠦᠷᠭᠦᠯᠵᠢᠯᠡᠨ ᠰᠠᠶᠢᠵᠢᠷᠠᠪᠠ᠃ ︽ᠬᠠᠶᠢᠷᠤᠪ ᠤᠨ ᠲᠤᠬᠤᠢ ᠲᠤᠭᠤᠷᠢᠭ ᠤᠨ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯ ᠤᠨ ᠲᠦᠰᠦᠯ ︵2018 —2020︶︾᠎ ᠢ ᠲᠤᠭᠲᠠᠭᠠᠵᠦ᠂ 560 ᠲᠦᠮᠡᠨ ᠲᠦᠭᠦᠷᠢᠭ ᠪᠡᠯᠡ ᠤᠷᠤᠭᠤᠯᠵᠦ ᠬᠤᠲᠡ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠦᠷᠭᠦᠯᠵᠢᠯᠡᠨ ᠲᠠᠷᠢᠶᠠᠯᠠᠬᠤ ᠤᠷᠤᠨ ᠳᠡᠰᠢ ᠤᠷᠳᠤᠳᠬᠠᠬᠤ ᠶᠢ ᠲᠦᠯᠬᠢᠨ ᠠᠬᠢᠭᠤᠯᠵᠦ᠂ ᠪᠤᠬᠢᠷ ᠤᠰᠦ ᠶᠢ ᠰᠢᠢᠳᠪᠦᠷᠢᠯᠡᠬᠦ᠂ ᠬᠤᠭ ᠨᠤᠪᠰᠢ ᠴᠡᠪᠡᠷᠯᠡᠨ ᠲᠡᠭᠡᠭᠡᠪᠦᠷᠢᠯᠡᠬᠦ᠂ ᠤᠷᠴᠢᠨ ᠲᠤᠭᠤᠷᠢᠨ ᠤ ᠬᠠᠮᠠᠭᠠᠯᠠᠯᠲᠡ ᠶᠢᠨ ᠴᠡᠪᠡᠷᠯᠡᠭᠡ ᠵᠡᠷᠭᠡ ᠶᠢ ᠪᠦᠬᠦᠨ ᠢ ᠬᠠᠮᠤᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠭᠡᠷᠡᠯᠲᠤᠭᠦᠯᠵᠦ ᠴᠢᠮᠡᠭᠯᠡᠬᠦ᠂ ᠵᠤᠷᠯᠤᠩ ᠢ ᠦᠭᠡᠷᠡᠴᠢᠯᠡᠨ ᠪᠠᠶᠢᠭᠤᠯᠬᠤ ᠲᠤᠬᠠᠢ ᠨᠢᠭᠡᠳᠤᠯᠲᠠᠢ ᠲᠦᠯᠦᠪᠵᠢᠭᠦᠯᠦᠨ ᠠᠬᠢᠭᠤᠯᠵᠦ᠂ ᠬᠤᠲᠡ ᠬᠦᠳᠡᠭᠡ ᠶᠢᠨ ᠰᠠᠭᠤᠭᠠᠯᠢ ᠠᠷᠠᠳ ᠤᠨ ᠤᠯᠠᠨ ᠨᠡᠶᠢᠲᠡ ᠎ ᠶᠢᠨ ᠦᠢᠯᠡᠴᠢᠯᠡᠭᠡ ᠶᠢᠨ ᠵᠦᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠪᠠ᠃ ᠲᠠᠷᠢᠶᠠᠯᠠᠩ ᠤᠷᠤᠨ ᠤ ᠠᠵᠦ ᠠᠬᠤᠢ ᠤᠯᠠᠨ ᠡᠰᠢᠵᠢᠭᠰᠡᠨ ᠬᠦᠭᠵᠢᠯᠲᠡ ᠶᠢ ᠪᠡᠶᠡᠯᠡᠭᠦᠯᠪᠡ᠃ ᠦᠵᠦᠮ᠂ ᠭᠤᠸᠠ ᠵᠢᠮᠢᠰ ᠵᠡᠷᠭᠡ ᠤᠨᠴᠠᠯᠢᠭᠳᠤ ᠲᠠᠷᠢᠮᠡᠯ ᠤᠨ ᠠᠵᠦ ᠦᠢᠯᠡᠰ ᠤᠨ ᠬᠡᠪᠴᠢᠶ᠎ᠡ ᠶᠢ ᠦᠷᠭᠦᠯᠵᠢᠯᠡᠨ ᠦᠷᠭᠡᠳᠭᠡᠵᠦ᠂ ᠲᠢᠶᠠᠨ ᠾᠧ ᠭᠦ᠋ ᠢᠳᠡᠰᠢᠨ ᠲᠤᠰᠦ᠂ ᠬᠤᠩ ᠰᠢᠩ ᠭᠤᠯᠢᠷ ᠵᠡᠷᠭᠡ ᠨᠢᠭᠡ ᠪᠦᠯᠦᠭ ᠲᠤᠰᠬᠤᠨ ᠤ ᠬᠠᠮᠳᠤ ᠶᠢᠨ ᠠᠵᠦ ᠠᠬᠤᠢ ᠶᠢ ᠪᠠᠶᠢᠭᠤᠯᠵᠦ ᠠᠰᠢᠭᠯᠠᠯᠲᠡ ᠳᠤ ᠤᠷᠤᠭᠤᠯᠵᠦ᠂ ᠰᠡᠯᠡᠭᠦᠴᠡᠯ ᠤᠨ ᠲᠠᠷᠢᠶᠠᠯᠠᠩ᠂ ᠦᠪᠡᠷᠮᠢᠴᠡ ᠤᠨᠴᠠᠯᠢᠭᠳᠤ ᠢᠳᠡᠭᠡᠨ ᠤᠮᠳᠠᠭᠠᠨ ᠵᠡᠷᠭᠡ ᠨᠢᠭᠡ ᠭᠤᠷᠪᠠᠳᠤᠭᠠᠷ ᠠᠵᠦ ᠦᠢᠯᠡᠰ ᠤᠨ ᠠᠭᠤᠰᠦᠯᠴᠠᠨ ᠬᠦᠭᠵᠢᠬᠦ ᠲᠦᠷᠦᠯ ᠵᠦᠢᠯ ᠢ ᠲᠠᠰᠤᠷᠠᠯᠲᠡ ᠦᠭᠡᠢ ᠪᠤᠵᠠᠭᠠᠶᠢᠷᠠᠭᠤᠯᠤᠨ᠎ᠠ᠂ ︽ᠠᠩᠬᠠᠳᠤᠭᠠᠷ ᠬᠤᠭᠤᠴᠠᠭᠠᠨ ᠤ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠪᠤᠯᠦᠨ ︽ᠭᠠᠭ᠋ᠠᠢ ᠵᠢᠯ ᠤᠨ ᠪᠠᠶᠠᠷ︾ ︽ᠰᠢᠨ᠎ᠡ ᠵᠢᠯ ᠤᠨ ᠪᠠᠷᠠᠭᠠᠨ ᠤ ᠪᠠᠶᠠᠷ︾ ᠵᠡᠷᠭᠡ ᠰᠢᠷᠢᠰ ᠵᠠᠬ᠎ᠠ ᠳᠡᠯᠭᠡᠭᠦᠷ ᠎ ᠤᠨ ᠬᠦᠳᠡᠯᠭᠡᠭᠡᠨ ᠢ ᠠᠮᠵᠢᠯᠲᠡ ᠲᠠᠢ ᠡᠷᠬᠢᠯᠡᠵᠦ᠂ ᠠᠵᠦ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠬᠦ ᠶᠢᠨ ᠬᠠᠮᠳᠤ᠂ ᠲᠠᠷᠢᠶᠠᠯᠠᠬᠤ ᠤᠷᠤᠨ ᠶᠠᠭ ᠠᠯᠬᠤᠮ ᠠᠯᠬᠤᠮ ᠢᠶᠠᠷ ᠡᠷᠭᠢᠨ ᠲᠤᠭᠤᠷᠢᠨ ᠤ ᠰᠠᠭᠤᠭᠠᠯᠢ ᠠᠷᠠᠳ ᠤᠨ ᠤᠶᠢᠷ᠎ᠠ ᠵᠤᠭᠠᠴᠠᠯ ᠤᠨ ᠲᠡᠷᠢᠭᠦᠨ ᠤ ᠰᠤᠩᠭᠤᠯᠲᠠ ᠶᠢᠨ ᠭᠠᠵᠠᠷ ᠪᠤᠯᠵᠦ ᠬᠤᠪᠢᠷᠠᠪᠠ᠃ ᠲᠠᠷᠢᠶᠠᠯᠠᠬᠤ ᠤᠷᠤᠨ ᠤ ᠦᠭᠡᠷᠡᠴᠢᠯᠡᠯᠲᠡ ᠶᠢ ᠲᠠᠰᠤᠷᠠᠯᠲᠡ ᠦᠭᠡᠢ ᠭᠦᠨᠵᠡᠭᠡᠶᠢᠷᠡᠭᠦᠯᠪᠡ᠃ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ ᠡᠷᠬᠡ ᠶᠢ ᠲᠤᠭᠲᠠᠭᠠᠵᠦ ᠲᠡᠮᠲᠡᠭᠯᠡᠨ ᠭᠡᠷᠡᠴᠢ ᠲᠠᠷᠬᠠᠭᠠᠬᠤ ᠠᠵᠢᠯ ᠦᠨᠳᠦᠰᠦᠨ ᠳᠡᠭᠡᠨ ᠳᠠᠭᠤᠰᠴᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠤᠩᠬᠡᠢ ᠦᠭᠡᠷᠡᠴᠢᠯᠡᠯᠲᠡ ᠰᠢᠨ᠎ᠡ ᠠᠬᠢᠯᠲᠡ ᠲᠠᠢ ᠪᠠᠶᠢᠵᠦ᠂ ᠲᠠᠷᠢᠶᠠᠯᠠᠩ ᠤᠨ ᠠᠵᠦ ᠦᠢᠯᠡᠳᠪᠦᠷᠢ ᠶᠢᠨ ᠠᠰᠢᠭ ᠲᠤᠰᠠ ᠨᠡᠩ ᠨᠢᠭ᠌ᠲᠡ ᠬᠤᠯᠪᠤᠯᠳᠠᠪᠠ᠃        ︵ᠲᠠᠪᠦ︶ ᠬᠤᠲᠡ ᠶᠢᠨ ᠪᠦᠲᠦᠭᠡᠨ ᠪᠠᠶᠢᠭᠤᠯᠤᠯᠲᠡ ᠶᠢ ᠲᠦᠷᠭᠡᠳᠭᠡᠨ ᠠᠬᠢᠭᠤᠯᠵᠦ᠂ ᠪᠠᠶᠢᠭᠤᠯᠵᠦ ᠬᠠᠮᠢᠶᠠᠷᠬᠤ ᠬᠢᠷᠢ ᠲᠦᠪᠰᠢᠨ ᠮᠡᠳᠡᠭᠳᠡᠮ᠎ᠡ ᠳᠡᠭᠡᠭᠰᠢᠯᠡᠪᠡ᠃ ᠳᠦᠭᠦᠮ ᠪᠦᠳᠦᠭᠦᠯᠢᠭ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠶᠢ ᠴᠢᠩᠭ᠎ᠠ ᠪᠠᠷᠢᠮᠲᠠᠯᠠᠵᠦ᠂ ᠬᠤᠲᠡ ᠶᠢᠨ ᠪᠦᠲᠦᠭᠡᠨ ᠪᠠᠶᠢᠭᠤᠯᠤᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠤᠯᠲᠠᠢ ᠲᠦᠯᠦᠪᠯᠡᠵᠦ᠂ ᠰᠢᠨᠡᠳᠭᠡᠨ ᠵᠠᠰᠠᠭᠰᠠᠨ ᠵᠠᠮ 50 ᠭᠠᠷᠤᠢ ᠺᠢᠯᠤᠮᠧᠲᠷ᠂ ᠰᠢᠨ᠎ᠡ ᠎ ᠪᠠᠷ ᠪᠠᠶᠢᠭᠤᠯᠤᠭᠰᠡᠨ ᠨᠡᠶᠢᠲᠡ ᠶᠢᠨ ᠵᠤᠷᠯᠤᠩ 9 ᠰᠠᠭᠤᠷᠢ᠂ ᠦᠭᠡᠷᠡᠴᠢᠯᠡᠨ ᠵᠠᠰᠠᠭᠰᠠᠨ ᠤᠰᠤ ᠭᠠᠳᠠᠭᠰᠢᠯᠠᠭᠤᠯᠬᠤ ᠬᠤᠭᠤᠯᠠᠢ ᠶᠢᠨ ᠲᠤᠤᠷ 3.6 ᠺᠢᠯᠤᠮᠧᠲᠷ᠂ ᠬᠤᠭᠤᠰᠦᠨ ᠭᠠᠵᠠᠷ ᠢ ᠴᠤᠭᠯᠠᠭᠤᠯᠤᠨ ᠠᠰᠢᠭᠯᠠᠬᠤ ᠵᠡᠷᠭᠡ ᠪᠠᠷ ᠨᠤᠭᠤᠭᠠᠷᠠᠭᠤᠯᠤᠭᠰᠡᠨ ᠲᠠᠯᠠᠪᠠᠢ ᠨᠢ 1.8 ᠲᠦᠮᠡᠨ ᠺᠦᠸᠠᠳ᠋ ᠮᠧᠲᠷ᠂ ᠬᠤᠲᠡ ᠶᠢᠨ ᠲᠤᠭᠤᠷᠢᠭ ᠤᠨ ᠨᠤᠭᠤᠭᠠᠷᠠᠭᠤᠯᠤᠭᠰᠡᠨ ᠬᠡᠮᠵᠢᠶ᠎ᠡ ᠨᠢ 46%᠃ ᠳᠤᠮᠳᠠᠴᠢ ᠪᠠᠷ ᠬᠦᠮᠦᠨ ᠪᠦᠷᠢ ᠳᠤ ᠨᠤᠭᠤᠭᠠᠷᠠᠭᠤᠯᠤᠭᠰᠡᠨ ᠲᠠᠯᠠᠪᠠᠢ ᠎ ᠨᠢ 22.5 ᠺᠦᠸᠠᠳ᠋ ᠮᠧᠲᠷ᠂ ᠬᠤᠲᠡ ᠲᠤᠭᠤᠷᠢᠭ ᠤᠨ ᠠᠵᠢᠯᠯᠠᠵᠦ ᠠᠮᠢᠳᠤᠷᠠᠬᠤ ᠳᠤ ᠲᠤᠬᠢᠷᠠᠮᠵᠢᠲᠠᠢ ᠤᠷᠴᠢᠨ ᠲᠤᠭᠤᠷᠢᠨ ᠦᠷᠭᠦᠯᠵᠢᠯᠡᠨ ᠰᠠᠶᠢᠵᠢᠷᠠᠵᠦ᠂ ᠡᠷᠬᠢᠨ ᠲᠤᠭᠤᠷᠢᠨ ᠤ ᠬᠦᠮᠦᠨ ᠠᠮᠠ ᠶᠢᠨ ᠮᠠᠨ ᠤ ᠲᠤᠭᠤᠷᠢᠭ ᠳᠤ ᠢᠷᠡᠵᠦ ᠰᠠᠭᠤᠷᠢᠰᠢᠨ ᠠᠮᠢᠳᠤᠷᠠᠬᠤ ᠪᠠᠭ᠋ᠠᠷᠠᠯ ᠢ ᠲᠠᠲᠠᠪᠠ᠃ ᠳᠦᠭᠦᠮ ᠪᠦᠳᠦᠭᠦᠯᠢᠭ ᠤᠷᠤᠨ ᠰᠠᠭᠤᠴᠠ ᠶᠢᠨ ᠦᠭᠡᠷᠡᠴᠢᠯᠡᠯᠲᠡ ᠶᠢᠨ ᠠᠵᠢᠯ ᠤᠨ ᠲᠠᠲᠠᠪᠦᠷᠢᠯᠠᠬᠤ ᠪᠠᠶᠢᠭᠤᠯᠬᠤ ᠦᠭᠡᠷᠡᠴᠢᠯᠡᠬᠦ ᠭᠤᠷᠪᠠᠨ ᠠᠯᠬᠤᠮ ᠢ ᠵᠡᠷᠭᠡᠴᠡᠭᠡ ᠪᠠᠷ ᠶᠠᠪᠤᠭᠳᠠᠭᠤᠯᠪᠠ᠃ ᠡᠳ᠋ ᠶᠢᠨ ᠬᠦᠴᠦᠨ ᠬᠦᠷᠦᠯᠴᠡᠬᠦ ᠦᠭᠡᠢ ᠬᠦᠴᠢᠷ ᠪᠡᠷᠬᠡ ᠶᠢ ᠢᠯᠠᠨ ᠳᠠᠪᠠᠵᠦ᠂ ᠢᠳᠡᠪᠬᠢᠲᠠᠢ ᠪᠠᠷ ᠪᠡᠯᠡ ᠮᠦᠩᠭᠦ ᠬᠤᠷᠠᠮᠳᠤᠭᠤᠯᠵᠦ ᠤᠯᠠᠨ ᠲᠦᠮᠡᠨ ᠤ ᠠᠮᠢᠳᠤᠷᠠᠬᠤ ᠤᠷᠴᠢᠨ ᠲᠤᠭᠤᠷᠢᠨ ᠢ ᠰᠠᠶᠢᠵᠢᠷᠠᠭᠤᠯᠪᠠ᠂ 9 ᠭᠡᠷ ᠪᠠᠶᠢᠰᠢᠩ ᠲᠠᠲᠠᠪᠦᠷᠢᠯᠠᠬᠤ ᠲᠦᠷᠦᠯ ᠵᠦᠢᠯ ᠢ ᠪᠡᠶᠡᠯᠡᠭᠦᠯᠵᠦ᠂ 3235 ᠰᠠᠭᠤᠷᠢ ᠭᠡᠷ ᠪᠠᠶᠢᠰᠢᠩ ᠲᠠᠲᠠᠪᠦᠷᠢᠯᠠᠬᠤ ᠡᠭᠦᠷᠬᠡ ᠪᠠᠨ ᠲᠡᠭᠦᠰ ᠰᠠᠶᠢᠬᠠᠨ ᠪᠡᠶᠡᠯᠡᠭᠦᠯᠵᠠᠢ᠃ ᠰᠢᠨᠵᠢᠯᠡᠬᠦ ᠤᠬᠠᠭᠠᠨᠴᠢ ᠪᠠᠷ ᠪᠤᠳᠤᠯᠭ᠎ᠠ ᠲᠤᠭᠲᠠᠭᠠᠬᠤ᠂ ᠴᠢᠳᠠᠯ ᠎ ᠤᠨ ᠢᠶᠠᠨ ᠬᠢᠷᠢ ᠪᠠᠷ ᠬᠢᠬᠦ᠂ ᠳᠦᠭᠦᠮ ᠪᠦᠳᠦᠭᠦᠯᠢᠭ ᠤᠷᠤᠨ ᠰᠠᠭᠤᠴᠠ ᠶᠢᠨ ᠦᠭᠡᠷᠡᠴᠢᠯᠡᠯᠲᠡ ᠶᠢᠨ ᠲᠦᠷᠦᠯ ᠵᠦᠢᠯ ᠎ ᠤᠨ ᠵᠠᠷᠤᠳᠠᠯ ᠢᠶᠠᠨ ᠪᠠᠭᠠᠰᠬᠠᠵᠦ᠂ ᠡᠳ᠋ ᠶᠢᠨ ᠬᠦᠴᠦᠨ ᠪᠠ ᠬᠦᠴᠦ ᠲᠠᠮᠢᠷ ᠢᠶᠠᠨ ᠰᠤᠯᠯᠠᠨ ᠭᠠᠷᠭᠠᠵᠦ᠂ 6000 ᠭᠠᠷᠤᠢ ᠪᠤᠴᠠᠨ ᠨᠡᠭᠦᠬᠦ ᠰᠠᠭᠤᠭᠠᠯᠢ ᠠᠷᠠᠳ ᠤᠨ ᠳᠦᠭᠦᠮ ᠪᠦᠳᠦᠭᠦᠯᠢᠭ ᠤᠷᠤᠨ ᠰᠠᠭᠤᠴᠠ ᠶᠢᠨ ᠲᠦᠪᠬᠢᠨᠡᠭᠦᠯᠬᠦ ᠤᠷᠤᠨ ᠲᠠᠢ ᠬᠤᠯᠪᠤᠭᠳᠠᠭᠰᠠᠨ ᠲᠦᠷᠦᠯ ᠵᠦᠢᠯ ᠢ ᠲᠦᠷᠭᠡᠳᠭᠡᠨ ᠬᠡᠷᠡᠭᠵᠢᠭᠦᠯᠵᠦ᠂ ᠴᠢᠩ ᠱᠠᠨ ᠴᠡᠴᠡᠷᠯᠢᠭ ᠤᠨ ᠡᠮᠦᠨ᠎ᠡ ᠵᠡᠷᠭᠡ 5 ᠲᠦᠪᠬᠢᠨᠡᠭᠦᠯᠬᠦ ᠤᠷᠤᠨ ᠤ 18 ᠰᠠᠭᠤᠷᠢ ᠪᠤᠴᠠᠨ ᠨᠡᠭᠦᠯᠭᠡᠬᠦ ᠠᠰᠠᠷ ᠤᠨ ᠭᠤᠤᠯ ᠴᠤᠭᠴᠠ ᠶᠢ ᠦᠨᠳᠤᠰᠦᠨ ᠳᠤᠨᠢ ᠪᠠᠶᠢᠭᠤᠯᠵᠦ ᠳᠠᠭᠤᠰᠦᠨ᠂ ᠵᠢᠶᠠᠨ ᠱᠧ ᠡᠮᠦᠨ᠎ᠡ ᠵᠠᠮ ᠤᠨ ᠪᠠᠷᠠᠭᠤᠨ ᠲᠠᠯ᠎ᠠ ᠶᠢᠨ ᠲᠦᠪᠬᠢᠨᠡᠭᠦᠯᠬᠦ ᠤᠷᠤᠨ ᠤ ᠰᠠᠭᠤᠷᠢ ᠪᠠᠷᠢᠯᠭ᠎ᠠ ᠤᠨ ᠠᠵᠢᠯ ᠳᠠᠭᠤᠰᠴᠦ᠂ ᠳᠤᠤᠷ᠎ᠠ ᠬᠠᠶᠢᠷᠤᠪ ᠤᠨ ᠲᠦᠪᠬᠢᠨᠡᠭᠦᠯᠬᠦ ᠤᠷᠤᠨ ᠤ ᠤᠨᠳᠤᠤ ᠭᠠᠵᠠᠷ ᠨᠡᠭᠦᠯᠭᠡᠬᠦ ᠠᠵᠢᠯ ᠤᠷᠤᠭᠰᠢᠲᠠᠢ ᠶᠠᠪᠤᠭᠳᠠᠪᠠ᠃ ᠳᠦᠭᠦᠮ ᠪᠦᠳᠦᠭᠦᠯᠢᠭ ᠤᠷᠤᠨ ᠰᠠᠭᠤᠴᠠ ᠶᠢᠨ ᠦᠢᠯᠡᠴᠢᠯᠡᠭᠡᠨ ᠤ ᠲᠠᠪᠴᠠᠩ ᠢ ᠠᠰᠢᠭᠯᠠᠵᠦ᠂ 8 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠦ᠂ ᠭᠡᠷ ᠭᠠᠵᠠᠷ ᠬᠦᠷᠦᠩᠭᠡ ᠶᠢᠨ ᠬᠠᠳᠠᠭᠠᠯᠠᠮᠵᠢ ᠶᠢᠨ ᠭᠡᠷ ᠢ 1914 ᠰᠠᠭᠤᠷᠢ ᠬᠤᠳᠠᠯᠳᠤᠨ ᠠᠪᠴᠦ᠂ ᠳᠦᠭᠦᠮ ᠪᠦᠳᠦᠭᠦᠯᠢᠭ ᠤᠷᠤᠨ ᠰᠠᠭᠤᠴᠠ ᠶᠢᠨ ᠰᠠᠭᠤᠭᠠᠯᠢ ᠠᠷᠠᠳ ᠤᠨ ᠪᠤᠴᠠᠨ ᠨᠡᠭᠦᠬᠦ ᠳᠤ ᠨᠡᠩ ᠪᠠᠳᠤᠯᠠᠭ᠎ᠠ ᠲᠠᠢ ᠪᠤᠯᠪᠠ᠃ ᠠᠷᠠᠳ ᠲᠦᠮᠡᠨ ᠢ ᠵᠤᠬᠢᠶᠠᠨ ᠪᠠᠶᠢᠭᠤᠯᠦᠨ ᠬᠠᠮᠳᠤ ᠪᠠᠷ ᠭᠡᠷ ᠤᠷᠤᠨ ᠤ ᠪᠦᠲᠦᠭᠡᠨ ᠪᠠᠶᠢᠭᠤᠯᠤᠯᠲᠡ ᠳᠤ ᠤᠷᠤᠯᠴᠠᠵᠦ᠂ 5 ᠳᠦᠭᠦᠮ ᠪᠦᠳᠦᠭᠦᠯᠢᠭ ᠪᠤᠰᠦ  ᠭᠡᠷ ᠪᠠᠶᠢᠰᠢᠩ ᠤᠨ ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠡ ᠶᠢ ᠬᠡᠷᠡᠭᠵᠢᠭᠦᠯᠵᠦ᠂ 4᠎ ᠢ ᠦᠨᠳᠦᠰᠦᠨ ᠳᠤᠨᠢ ᠪᠠᠶᠢᠭᠤᠯᠵᠦ ᠳᠠᠭᠤᠰᠦᠨ᠂ 2.5 ᠲᠦᠮᠡᠨ ᠺᠦᠸᠠᠳ᠋ ᠮᠧᠲᠷ ᠵᠡᠭᠡᠯᠢ ᠭᠤᠳᠤᠮᠵᠢ ᠶᠢ ᠬᠠᠲᠠᠷᠠᠭᠤᠯᠵᠦ᠂ ᠤᠰᠤ ᠬᠠᠩᠭᠠᠬᠤ ᠬᠤᠭᠤᠯᠠᠢ ᠶᠢᠨ ᠲᠤᠤᠷ ᠢ 3.3 ᠺᠢᠯᠤᠮᠧᠲᠷ ᠦᠭᠡᠷᠡᠴᠢᠯᠡᠨ ᠵᠠᠰᠠᠵᠦ᠂ ᠢᠯᠴᠢᠨ ᠬᠤᠭᠤᠯᠠᠢ ᠶᠢᠨ ᠲᠤᠤᠷ ᠢ 7.8 ᠺᠢᠯᠤᠮᠧᠲᠷ ᠤᠭᠰᠠᠷᠠᠨ ᠳᠡᠪᠢᠰᠪᠡ᠃ ᠠᠰᠠᠭᠤᠳᠠᠯ ᠲᠠᠢ ᠠᠰᠠᠷ ᠎ ᠢ ᠰᠢᠢᠳᠪᠦᠷᠢᠯᠡᠬᠦ ᠪᠤᠳᠠᠲᠠᠢ ᠠᠮᠵᠢᠯᠲᠡ ᠤᠯᠪᠠ᠃ ᠶᠡᠭᠡ ᠬᠦᠴᠦ ᠵᠠᠷᠤᠴᠠᠭᠤᠯᠵᠦ ᠦᠩᠭᠡᠷᠡᠭᠰᠡᠨ ᠵᠢᠯ ᠤᠳ ᠤᠨ ᠦᠯᠡᠳᠡᠭᠳᠡᠵᠦ ᠢᠷᠡᠭᠰᠡᠨ ᠭᠡᠷ ᠭᠠᠵᠠᠷ ᠤᠨ ᠬᠦᠷᠤᠩᠭᠡ ᠶᠢᠨ ᠨᠡᠬᠡᠬᠡᠨ ᠬᠦᠭᠵᠢᠭᠦᠯᠬᠦ ᠠᠰᠠᠭᠤᠳᠠᠯ ᠢ ᠠᠷᠢᠯᠭᠠᠵᠦ᠂ ᠲᠤᠰᠬᠠᠢ ᠵᠠᠰᠠᠯᠲᠡ ᠶᠢᠨ ᠠᠵᠢᠯ ᠤᠨ ᠤᠳᠤᠷᠢᠳᠬᠤ ᠪᠠᠭ ᠢ ᠪᠠᠶᠢᠭᠤᠯᠵᠦ᠂ ᠲᠤᠰᠬᠠᠢ ᠬᠠᠤᠯᠢᠴᠢ ᠶᠢᠨ ᠪᠦᠯᠬᠦᠮ ᠢ ᠤᠷᠢᠵᠦ᠂ ᠬᠠᠤᠯᠢ ᠴᠠᠭᠠᠵᠠ᠂ ᠵᠠᠰᠠᠭ ᠵᠠᠬᠢᠷᠭ᠎ᠠ ᠵᠡᠷᠭᠡ ᠪᠦᠲᠦᠮᠵᠢᠲᠠᠢ ᠠᠷᠭ᠎ᠠ ᠪᠠᠷᠢᠯ ᠢ ᠶᠡᠷᠤᠩᠬᠡᠶᠢᠯᠡᠨ ᠬᠡᠷᠡᠭᠵᠢᠭᠦᠯᠵᠦ᠂ ᠡᠾᠦ᠋ᠢ ᠶᠢᠨ᠂ ᠸᠠᠢ ᠲᠠᠨ ᠵᠡᠷᠭᠡ 7 ᠠᠰᠠᠭᠤᠳᠠᠯ ᠲᠠᠢ ᠠᠰᠠᠷ ᠵᠠᠯᠭᠠᠯᠳᠤᠭ᠎ᠠ ᠪᠠᠷ ᠠᠵᠢᠯ ᠰᠡᠷᠭᠦᠭᠡᠵᠦ᠂ ᠦᠩᠭᠡᠷᠡᠭᠰᠡᠨ ᠵᠢᠯ ᠤᠳ ᠤᠨ ᠪᠤᠴᠠᠨ ᠨᠡᠭᠦᠯᠭᠡᠭᠰᠡᠨ 400 ᠭᠠᠷᠤᠢ ᠡᠷᠤᠬᠡ ᠰᠠᠭᠤᠭᠠᠯᠢ ᠠᠷᠠᠳ ᠢ ᠲᠦᠪᠬᠢᠨᠡᠭᠦᠯᠪᠡ᠃ ︽ᠬᠤᠶᠠᠷ ᠪᠠᠶᠢᠭᠤᠯᠬᠤ︾᠎ ᠪᠠᠷ ᠬᠠᠮᠢᠶᠠᠷᠤᠯᠲᠡ ᠶᠢ ᠨᠡᠩ ᠨᠠᠷᠢᠨ ᠨᠢᠭ᠌ᠲᠡ ᠬᠠᠪᠰᠤᠷᠤᠨ ᠠᠬᠢᠭᠤᠯᠤᠨ᠎ᠠ᠃ ︽ᠬᠤᠶᠠᠷ ᠪᠠᠶᠢᠭᠤᠯᠬᠤ︾᠎ ᠪᠠᠷ ᠬᠦᠳᠤᠯᠵᠦ᠂ ᠨᠠᠷᠢᠨ ᠨᠢᠭ᠌ᠲᠡ ᠬᠠᠮᠢᠶᠠᠷᠤᠯᠲᠠ ᠪᠠ ᠤᠷᠳᠤ ᠬᠤᠭᠤᠴᠠᠭ᠎ᠠ ᠬᠦᠴᠦᠨ ᠲᠠᠢ ᠲᠤᠭᠲᠠᠴᠠ ᠪᠠᠷ ᠬᠤᠲᠡ ᠶᠢᠨ ᠬᠠᠮᠢᠶᠠᠷᠤᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠷᠤᠨ ᠰᠠᠭᠤᠴᠠ ᠪᠠ ᠬᠤᠲᠡ ᠬᠦᠳᠡᠭᠡ ᠶᠢᠨ ᠪᠦᠲᠦᠭᠡᠨ ᠪᠠᠶᠢᠭᠤᠯᠤᠯᠲᠡ ᠶᠢᠨ ᠲᠤᠪᠴᠢᠶ᠎ᠠ᠂ ᠴᠡᠴᠡᠷᠯᠢᠭ ᠤᠨ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠲᠡ ᠶᠢᠨ ᠲᠤᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠤᠯᠢ ᠬᠡᠷᠡᠭᠵᠢᠭᠦᠯᠬᠦ ᠴᠢᠳᠠᠮᠵᠢ ᠪᠠ ᠴᠢᠳᠠᠪᠦᠷᠢ ᠶᠢ ᠤᠯᠠᠮ ᠨᠢᠭᠡ ᠠᠯᠬᠤᠮ ᠨᠢᠭᠡᠳᠭᠡᠵᠦ᠂ ᠬᠠᠮᠳᠤ ᠪᠠᠷ ᠬᠦᠳᠡᠯᠦᠯᠴᠡᠨ ᠬᠠᠤᠯᠢ ᠬᠡᠷᠡᠭᠵᠢᠭᠦᠯᠵᠦ᠂ ᠤᠨᠢᠨ ᠳᠡᠭᠡᠷ᠎ᠡ ᠨᠢ ᠬᠦᠴᠦᠯᠡᠬᠦ ᠶᠢ ᠬᠠᠮᠢᠶᠠᠷᠤᠯᠲᠡ ᠶᠢᠨ ᠬᠡᠪᠰᠢᠯ ᠪᠤᠯᠭᠠᠨ᠎ᠠ ᠃ ᠪᠠᠭ᠎ᠠ ᠲᠤᠭᠤᠷᠢᠭ ᠲᠤ ᠲᠤᠷ᠎ᠠ ᠪᠠᠷ ᠢᠶᠠᠨ ᠪᠠᠶᠢᠭᠤᠯᠬᠤ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠵᠡᠷᠭᠡ ᠲᠤᠰᠬᠠᠢ ᠬᠦᠳᠡᠯᠭᠡᠭᠡᠨ ᠢ ᠭᠦᠨᠵᠡᠭᠡᠢ ᠦᠷᠨᠢᠭᠦᠯᠵᠦ᠂ ᠬᠠᠶᠠᠭᠳᠠᠮᠡᠯ ᠡᠳ᠋ ᠬᠤᠳᠠᠯᠳᠤᠨ ᠠᠪᠬᠤ ᠰᠦᠯᠵᠢᠶᠡᠨ ᠴᠡᠭ ᠵᠠᠯᠭᠠᠯᠳᠤᠭ᠎ᠠ ᠪᠠᠷ ᠬᠤᠲᠡ ᠲᠤᠭᠤᠷᠢᠭ ᠠᠴᠠ ᠭᠠᠷᠴᠦ ᠬᠦᠷᠢᠶᠡᠯᠡᠩ ᠳᠤ ᠤᠷᠤᠵᠦ᠂ ᠨᠡᠶᠢᠭᠡᠮ ᠤᠨ ᠬᠦᠴᠦᠨ ᠢᠳᠡᠪᠬᠢᠲᠠᠢ ᠪᠠᠷ ︽ᠬᠤᠶᠠᠷ ᠪᠠᠶᠢᠭᠤᠯᠬᠤ︾᠎ ᠳᠤ ᠤᠷᠤᠯᠴᠠᠵᠦ᠂ ᠬᠤᠲᠡ ᠶᠢᠨ ᠬᠠᠮᠢᠶᠠᠷᠤᠯᠲᠠ ᠶᠢᠨ ᠠᠵᠢᠯ ᠲᠠᠬᠢᠨᠲᠠ ᠰᠢᠨ᠎ᠡ ᠲᠠᠪᠴᠠᠩ ᠳᠤ ᠭᠠᠷᠪᠠ᠃        ︵ᠵᠢᠷᠭᠤᠭ᠎ᠠ︶ ᠬᠦᠭᠵᠢᠯᠲᠡ ᠶᠢᠨ ᠳᠤᠮᠳᠡ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠎ ᠶᠢ ᠴᠢᠩᠭ᠎ᠠ ᠪᠠᠷᠢᠮᠲᠠᠯᠠᠵᠦ᠂ ᠨᠡᠶᠢᠭᠡᠮ ᠤᠨ ᠦᠢᠯᠡᠰ ᠢ ᠵᠤᠬᠢᠴᠠᠩᠭᠤᠢ ᠬᠦᠭᠵᠢᠭᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠨ ᠵᠠᠰᠠᠭ ᠵᠠᠬᠢᠷᠭᠠᠨ ᠤ ᠵᠠᠷᠤᠳᠠᠯ ᠢ ᠪᠠᠭᠠᠰᠬᠠᠵᠦ᠂ ᠡᠯ᠎ᠡ ᠵᠦᠢᠯ ᠤᠨ ᠠᠷᠭ᠎ᠠ ᠪᠠᠷ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠵᠦ᠂ ᠠᠷᠠᠳ ᠤᠨ ᠠᠮᠢᠳᠤᠷᠠᠯ ᠤᠨ ᠵᠠᠷᠤᠳᠠᠯ ᠨᠢ ᠡᠳ᠋ ᠤᠨ ᠵᠠᠰᠠᠭ ᠤᠨ ᠵᠠᠷᠤᠳᠠᠯ ᠤᠨ 83%᠎ ᠶᠢ ᠡᠵᠡᠯᠡᠨ᠎ᠡ᠃ ᠬᠡᠵᠢᠶᠡᠲᠡ ᠯᠠᠪᠳᠠᠭᠤᠨ ᠠᠵᠢᠯ ᠤᠯᠭᠤᠯᠲᠡ ᠪᠠᠷ ᠴᠢᠩᠭ᠎ᠠ ᠪᠠᠲᠤᠯᠠᠭ᠎ᠠ ᠪᠤᠯᠭᠠᠬᠤ ᠶᠢ ᠪᠠᠷᠢᠮᠲᠠᠯᠠᠨ᠎ᠠ᠃ ᠦᠢᠯᠡᠰ ᠪᠤᠰᠬᠠᠬᠤ ᠨᠡᠪᠴᠢᠯᠡᠭᠦᠷ ᠤᠨ ᠰᠠᠭᠤᠷᠢᠨ ᠭᠠᠵᠠᠷ ᠢ ᠪᠠᠶᠢᠭᠤᠯᠬᠤ ᠶᠢ ᠴᠢᠩᠭᠠᠳᠬᠠᠵᠦ᠂ ᠦᠢᠯᠡᠰ ᠪᠤᠰᠬᠠᠬᠤ ᠪᠠᠳᠤᠯᠭᠠᠳᠤ ᠵᠢᠭᠡᠯᠡᠯᠭᠡ ᠶᠢᠨ ᠮᠦᠩᠭᠦ 209 ᠲᠦᠮᠡᠨ ᠲᠦᠭᠦᠷᠢᠭ ᠢ ᠲᠠᠷᠬᠠᠭᠠᠵᠦ᠂ 877 ᠬᠦᠮᠦᠨ ᠢ ᠳᠡᠮᠵᠢᠨ ᠦᠢᠯᠡᠰ ᠪᠤᠰᠬᠠᠪᠠ᠂ ᠬᠤᠲᠡ ᠪᠠᠯᠭᠠᠰᠦᠨ ᠤ 2581 ᠬᠦᠮᠦᠨ ᠰᠢᠨ᠎ᠡ ᠎ ᠪᠠᠷ ᠠᠵᠢᠯ ᠤᠯᠪᠠ᠃ ᠬᠤᠲᠡ ᠪᠠᠯᠭᠠᠰᠦᠨ ᠤ ᠰᠠᠭᠤᠭᠠᠯᠢ ᠠᠷᠠᠳ ᠤᠨ ᠦᠨᠳᠤᠰᠦᠨ ᠡᠮᠴᠢᠯᠡᠭᠡᠨ ᠤ ᠳᠠᠭᠠᠳᠬᠠᠯ ᠤᠨ ᠦᠭᠡᠷᠡᠴᠢᠯᠡᠯᠲᠡ ᠦᠨᠳᠤᠰᠦᠨ ᠳᠡᠭᠡᠨ ᠳᠠᠭᠤᠰᠴᠦ᠂ ᠮᠤᠵᠢ ᠠᠯᠤᠰᠯᠠᠨ ᠪᠤᠰᠤᠳ ᠭᠠᠵᠠᠷ ᠡᠪᠡᠳᠴᠢᠨ ᠦᠵᠡᠭᠦᠯᠬᠦ ᠳᠤ ᠰᠢᠭᠤᠳ ᠲᠠᠰᠤᠯᠦᠨ ᠪᠤᠳᠤᠬᠤ ᠶᠢ ᠪᠡᠶᠡᠯᠡᠭᠦᠯᠵᠠᠢ᠃ ᠦᠨᠳᠤᠰᠦᠨ ᠡᠮᠴᠢᠯᠡᠭᠡᠨ ᠤ ᠳᠠᠭᠠᠳᠬᠠᠯ ᠤᠨ ᠨᠦᠬᠦᠪᠦᠷᠢ᠂ ᠡᠮᠴᠢᠯᠡᠭᠡᠨ ᠤ ᠠᠪᠤᠷᠠᠨ ᠲᠤᠰᠠᠯᠠᠯᠲᠡ᠂ ᠲᠦᠷ ᠴᠠᠭ ᠤᠨ ᠠᠪᠤᠷᠠᠨ ᠲᠤᠰᠠᠯᠠᠯᠲᠡ ᠵᠡᠷᠭᠡ ᠪᠡᠯᠡ ᠮᠦᠩᠭᠦ ᠶᠢ ᠭᠦᠢᠴᠡᠳ ᠲᠤᠭ᠎ᠠ ᠪᠠᠷ ᠲᠠᠷᠬᠠᠭᠠᠵᠦ᠂ ᠳᠤᠤᠷ᠎ᠠ ᠪᠠᠳᠤᠯᠠᠭ᠎ᠠ ᠶᠢᠨ ᠮᠦᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠰᠠᠷ᠎ᠠ ᠶᠢᠨ 680 ᠲᠦᠭᠦᠷᠢᠭ ᠪᠤᠯᠭᠠᠵᠦ᠂ ᠶᠠᠳᠠᠭᠤ ᠬᠦᠴᠢᠷᠳᠡᠯᠲᠠᠢ ᠬᠦᠮᠦᠰ ᠤᠨ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠡ ᠦᠭᠡᠢ ᠳᠡᠭᠡᠭᠰᠢᠯᠡᠭᠦᠯᠦᠨ᠎ᠡ᠃ ᠦᠷᠭᠦᠯᠵᠢᠯᠡᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢ ᠠᠬᠢᠭᠤᠯᠵᠦ᠂ ᠨᠡᠶᠢᠭᠡᠮ ᠲᠤᠭᠤᠷᠢᠭ ᠤᠨ ᠦᠲᠡᠯᠤᠭᠡ ᠨᠠᠰᠤᠲᠠᠨ ᠢ ᠡᠳᠤᠷ ᠲᠤᠳᠤᠮ ᠤᠨ ᠬᠠᠷᠠᠭᠠᠯᠵᠠᠬᠤ ᠲᠦᠪ 12 ᠪᠠᠶᠢᠨ᠎ᠠ᠃ ᠬᠡᠵᠢᠶᠡᠲᠡ  ᠰᠤᠷᠭᠠᠨ ᠬᠦᠮᠦᠵᠢᠯ ᠤᠨ ᠦᠢᠯᠡᠰ ᠢ ᠡᠩ ᠲᠡᠷᠢᠭᠦᠨ ᠳᠤ ᠬᠦᠭᠵᠢᠭᠦᠯᠬᠦ ᠶᠢ ᠪᠠᠷᠢᠮᠲᠠᠯᠠᠨ᠎ᠠ᠃ 7000 ᠲᠦᠮᠡᠨ ᠲᠦᠭᠦᠷᠢᠭ ᠤᠨ ᠪᠡᠯᠡ ᠮᠦᠩᠭᠦ ᠤᠷᠤᠭᠤᠯᠵᠦ᠂ ᠰᠤᠷᠭᠠᠭᠤᠯᠢ ᠎ ᠶᠢᠨ ᠰᠠᠭᠤᠷᠢ ᠲᠦᠭᠦᠭᠡᠷᠤᠮᠵᠢ ᠶᠢᠨ ᠴᠢᠨᠠᠷ ᠢ ᠳᠡᠭᠡᠭᠰᠢᠯᠡᠭᠦᠯᠬᠦ ᠦᠭᠡᠷᠡᠴᠢᠯᠡᠯᠲᠡ ᠶᠢ ᠬᠡᠷᠡᠭᠵᠢᠭᠦᠯᠵᠦ᠂ ᠨᠢᠭᠡᠳᠤᠭᠡᠷ ᠪᠠᠭ᠎ᠠ ᠰᠤᠷᠭᠠᠭᠤᠯᠢ ᠶᠢᠨ ᠪᠡᠶ᠎ᠡ ᠲᠠᠮᠢᠷ ᠤᠨ ᠲᠠᠯᠠᠪᠠᠢ ᠪᠤᠯᠦᠨ ᠬᠤᠶᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ᠂ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠡᠪᠦᠯ ᠤᠨ ᠤᠯᠠᠷᠢᠯ ᠤᠨ ᠬᠦᠯ ᠪᠦᠮᠪᠦᠭᠡ ᠪᠤᠯᠪᠠᠰᠤᠷᠠᠬᠤ ᠭᠠᠵᠠᠷ ᠠᠰᠢᠭᠯᠠᠯᠲᠡ ᠳᠤ ᠤᠷᠤᠵᠦ᠂ ᠲᠦᠷᠪᠡᠳᠤᠭᠡᠷ ᠳᠤᠮᠳᠠᠳᠤ ᠰᠤᠷᠭᠠᠭᠤᠯᠢ ᠶᠢᠨ ᠬᠦᠯ ᠪᠦᠮᠪᠦᠭᠡ ᠎ ᠶᠢᠨ ᠤᠷᠳᠤᠨ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠶᠡᠷᠤᠩᠬᠡᠶᠢᠯᠡᠭᠰᠡᠨ ᠠᠰᠠᠷ ᠵᠡᠷᠭᠡ ᠲᠦᠷᠦᠯ ᠵᠦᠢᠯ ᠢ ᠯᠠᠪᠳᠠᠭᠤᠨ ᠢᠶᠠᠷ ᠶᠠᠪᠤᠭᠳᠠᠭᠤᠯᠪᠠ᠃ 2.85 ᠳ᠋ᠦᠩᠰᠢᠭᠤᠷ ᠲᠦᠭᠦᠷᠢᠭ ᠤᠨ ᠶᠡᠷᠤᠩᠬᠡᠢ ᠪᠡᠯᠡ ᠤᠷᠤᠭᠤᠯᠤᠯᠲᠡ ᠪᠠᠷ 10 ᠰᠠᠭᠤᠷᠢ ᠬᠡᠤᠬᠡᠳ ᠤᠨ ᠴᠡᠴᠡᠷᠯᠢᠭ ᠢ ᠪᠠᠶᠢᠭᠤᠯᠬᠤ ᠲᠦᠷᠦᠯ ᠵᠦᠢᠯ ᠢ ᠡᠬᠢᠯᠡᠭᠦᠯᠵᠦ᠂ 4 ᠰᠠᠭᠤᠷᠢ ᠨᠢ ᠨᠢᠭᠡᠨᠲᠡ ᠠᠰᠢᠭᠯᠠᠯᠲᠡ ᠳᠤ ᠤᠷᠤᠵᠦ᠂ 4 ᠰᠠᠭᠤᠷᠢ ᠨᠢ ᠡᠮᠬᠢ ᠲᠢᠭᠯᠡᠮ ᠲᠠᠢ ᠪᠠᠷ ᠶᠠᠪᠤᠭᠳᠠᠵᠦ᠂ 2 ᠰᠠᠭᠤᠷᠢ ᠨᠢ ᠪᠡᠯᠡᠳᠭᠡᠯ ᠠᠵᠢᠯ ᠡᠬᠢᠯᠡᠭᠦᠯᠪᠡ᠃ ᠤᠯᠠᠨ ᠲᠦᠮᠡᠨ ᠤ ᠠᠩᠬᠠᠷᠳᠠᠭ ︽ᠴᠡᠴᠡᠷᠯᠢᠭ ᠲᠤ ᠤᠷᠤᠬᠤ ᠳᠤ ᠬᠦᠴᠢᠷ︾ ᠠᠰᠠᠭᠤᠳᠠᠯ ᠤᠯᠠᠮ ᠨᠢᠭᠡ ᠠᠯᠬᠤᠮ ᠬᠦᠩᠭᠡᠷᠡᠪᠡ᠃ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠪᠦᠬᠦ ᠤᠯᠤᠰ ᠲᠤ ᠬᠠᠨᠳᠤᠭᠤᠯᠤᠨ 74 ᠨᠡᠷᠡᠰ ᠰᠢᠯᠢᠳᠡᠭ ᠪᠠᠭᠰᠢ ᠶᠢ ᠰᠤᠩᠭᠤᠨ ᠬᠡᠷᠡᠭᠯᠡᠵᠦ᠂ ᠪᠠᠭᠰᠢ ᠶᠢᠨ ᠡᠩᠨᠡᠭᠡ ᠤᠯᠠᠮ ᠨᠢᠭᠡ ᠠᠯᠬᠤᠮ ᠳᠡᠭᠦᠯᠳᠡᠷᠵᠢᠪᠡ᠃ ᠬᠡᠵᠢᠶᠡᠲᠡ ᠡᠷᠡᠭᠦᠯ ᠮᠡᠨᠳᠤ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ ᠡᠮᠴᠢᠯᠡᠭᠡᠨ ᠤ ᠬᠠᠮᠳᠤ ᠶᠢᠨ ᠴᠤᠭᠴᠠ ᠶᠢ ᠪᠦᠲᠦᠭᠡᠨ ᠪᠠᠶᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠬᠠᠢ ᠪᠸᠢ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠠᠰᠢᠭᠯᠠᠯᠲᠡ ᠳᠤ ᠤᠷᠤᠵᠦ᠂ ᠪᠦᠬᠦ ᠲᠤᠭᠤᠷᠢᠭ ᠤᠨ 5 ᠰᠠᠭᠤᠷᠢ ᠠᠯᠪᠠᠨ ᠠᠴᠠ ᠡᠷᠬᠢᠯᠡᠭᠰᠡᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠢ ᠪᠦᠬᠦᠨ ᠢ ᠡᠮᠴᠢᠯᠡᠭᠡᠨ ᠤ ᠬᠠᠮᠳᠤ ᠶᠢᠨ ᠴᠤᠭᠴᠠ ᠶᠢᠨ ᠬᠠᠮᠢᠶᠠᠷᠤᠯᠲᠠ ᠳᠤ ᠤᠷᠤᠭᠤᠯᠵᠦ ᠂ ᠴᠢᠨᠠᠷ ᠰᠠᠶᠢᠲᠠᠢ ᠡᠮᠨᠡᠯᠭᠡ ᠶᠢᠨ ᠰᠤᠷᠪᠤᠯᠵᠢ ᠤᠯᠠᠮ ᠨᠢᠭᠡ ᠠᠯᠬᠤᠮ ᠦᠨᠳᠤᠰᠦᠨ ᠱᠠᠳᠤᠨ ᠵᠦᠭ ᠤᠷᠳᠤᠳᠬᠠᠵᠦ᠂ ᠲᠤᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠶᠢ ᠴᠢᠩᠭᠠᠳᠬᠠᠵᠦ᠂ 1700 ᠲᠦᠮᠡᠨ ᠲᠦᠭᠦᠷᠢᠭ ᠤᠨ ᠪᠡᠯᠡ ᠤᠷᠤᠭᠤᠯᠵᠦ ᠡᠮᠨᠡᠯᠭᠡ ᠶᠢᠨ ᠲᠦᠭᠦᠭᠡᠷᠤᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠂ ᠭᠠᠳᠠᠷ ᠤᠷᠤᠨ ᠤ ᠨᠡᠷᠡᠳᠤ ᠡᠮᠨᠡᠯᠭᠡ ᠶᠢᠨ ᠬᠤᠷᠢᠶ᠎ᠠ ᠲᠠᠢ ᠬᠠᠮᠳᠤᠷᠠᠯᠴᠠᠬᠤ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ ᠬᠢᠷᠢ ᠲᠦᠪᠰᠢᠨ ᠮᠡᠳᠡᠭᠳᠡᠮ᠎ᠡ ᠳᠡᠭᠡᠭᠰᠢᠯᠡᠪᠡ᠂ ᠪᠦᠬᠦ ᠵᠢᠯ ᠳᠤ ᠡᠭᠦᠳᠡᠨ ᠡᠮᠨᠡᠯᠭᠡ ᠎ ᠳᠤ ᠡᠪᠡᠳᠴᠢᠨ ᠦᠵᠡᠭᠦᠯᠦᠭᠰᠡᠨ ᠬᠦᠮᠦᠨ ᠤ ᠲᠤᠭ᠎ᠠ 25.6 ᠲᠦᠮᠡ ᠳᠤ ᠬᠦᠷᠴᠦ᠂ ᠠᠳᠠᠯᠢ ᠬᠤᠭᠤᠴᠠᠭᠠᠨ ᠠᠴᠠ ᠎ ᠪᠠᠨ 58%᠎ ᠪᠠᠷ ᠨᠡᠮᠡᠭᠳᠡᠪᠡ᠂ ᠡᠮᠨᠡᠯᠭᠡ ᠶᠢᠨ ᠤᠷᠤᠯᠭ᠎ᠠ ᠨᠢ ᠳ᠋ᠦᠩᠰᠢᠭᠤᠷ ᠲᠦᠭᠦᠷᠢᠭ ᠢ ᠰᠢᠪᠳᠤᠯᠵᠦ᠂ ᠠᠳᠠᠯᠢ ᠬᠤᠭᠤᠴᠠᠭᠠᠨ ᠠᠴᠠ ᠪᠠᠨ 42%᠎ ᠪᠠᠷ  ᠨᠡᠮᠡᠭᠳᠡᠵᠦ᠂ ᠦᠬᠠᠢ ᠬᠤᠲᠡ ᠶᠢᠨ ᠲᠡᠷᠢᠭᠦᠨ ᠤ ᠡᠮᠨᠡᠯᠭᠡ ᠶᠢᠨ ᠬᠤᠷᠢᠶ᠎ᠠ ᠭᠡᠰᠡᠨ ᠰᠠᠶᠢᠬᠠᠨ ᠴᠤᠯᠠ ᠶᠢ ᠬᠦᠷᠳᠡᠪᠡ᠃ ᠮᠠᠨ ᠤ ᠲᠤᠭᠤᠷᠢᠭ ᠦᠪᠡᠷᠳᠡᠭᠡᠨ ᠵᠠᠰᠠᠬᠤ ᠤᠷᠤᠨ ᠤ ᠳᠡᠰ ᠤᠨ ᠤᠳᠠᠭᠠᠨ ᠴᠢᠨᠠᠷᠲᠠᠢ ᠡᠪᠡᠳᠴᠢᠨ ᠤ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠤᠷᠤᠨ ᠪᠠ ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠪᠠᠴᠢᠮ ᠢ ᠠᠷᠭᠠᠴᠠᠬᠤ ᠳᠦᠷᠢᠮ ᠤᠨ ᠵᠢᠱᠢᠶ᠎ᠡ ᠦᠵᠡᠭᠦᠯᠬᠦ ᠤᠷᠤᠨ ᠢᠶᠠᠷ ᠰᠢᠯᠭᠠᠷᠠᠭᠤᠯᠪᠠ᠃ ᠬᠡᠵᠢᠶᠡᠲᠡ ᠰᠤᠶᠤᠯ ᠤᠨ ᠦᠢᠯᠡᠰ ᠤᠨ ᠴᠡᠴᠡᠭᠯᠡᠨ ᠬᠦᠭᠵᠢᠬᠦ ᠶᠢ ᠪᠠᠷᠢᠮᠲᠠᠯᠠᠨ᠎ᠠ᠃ ︽ᠬᠠᠶᠢᠷᠤᠪ ᠎ ᠤᠨ ᠲᠤᠬᠤᠢ ᠲᠤᠭᠤᠷᠢᠭ ᠤᠨ ᠤᠯᠠᠭᠠᠨᠮᠦᠴᠢᠷ︾ ᠪᠠ ᠪᠦᠬᠦ ᠬᠤᠲᠡ ᠶᠢᠨ ᠬᠠᠮᠤᠭ ᠡᠬᠢᠨ ᠤ ᠬᠤᠲᠡ ᠶᠢᠨ ᠠᠷᠠᠳ ᠎ ᠤᠨ ᠤᠷᠠᠯᠢᠭ ᠤᠨ ᠰᠤᠷᠭᠠᠭᠤᠯᠢ ᠪᠠᠶᠢᠭᠤᠯᠤᠭᠳᠠᠵᠦ᠂ ᠡᠯ᠎ᠡ ᠵᠦᠢᠯ ᠤᠨ ᠲᠤᠮᠦ ᠬᠡᠯᠪᠡᠷᠢ ᠶᠢᠨ ᠤᠷᠠᠯᠢᠭ ᠤᠨ ᠬᠦᠳᠡᠯᠭᠡᠭᠡᠨ᠂ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ ᠲᠤᠭᠯᠠᠯᠲᠡ 280 ᠭᠠᠷᠤᠢ ᠲᠠᠯᠠᠪᠤᠷ ᠦᠷᠨᠢᠭᠦᠯᠵᠦ᠂ ᠰᠦᠢᠳᠭᠡᠯ ᠬᠤᠷᠢᠶᠠᠬᠤ ᠦᠭᠡᠢ ᠪᠠᠷ 3200 ᠭᠠᠷᠤᠢ ᠬᠤᠲᠡ ᠶᠢᠨ ᠠᠷᠠᠳ ᠲᠤ ᠪᠤᠯᠪᠠᠰᠤᠷᠠᠯ ᠬᠢᠵᠦ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠨᠡᠩ ᠪᠠᠶᠠᠯᠢᠭᠵᠢᠭᠤᠯᠵᠠᠢ᠃        ︵ᠳᠤᠯᠤᠭ᠎ᠠ︶ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠯᠠᠪᠳᠠᠭᠤᠨ ᠪᠠᠳᠤᠲᠠᠢ ᠲᠦᠯᠬᠢᠨ ᠠᠬᠢᠭᠤᠯᠵᠦ᠂ ᠪᠦᠬᠦ ᠬᠦᠴᠦᠨ ᠢᠶᠠᠷ ᠬᠦᠭᠵᠢᠯᠲᠡ ᠶᠢᠨ ᠬᠠᠷᠰᠢᠯᠠᠯ ᠢ ᠠᠷᠢᠯᠭᠠᠨ᠎ᠠ᠃ ᠦᠭᠡᠷᠡᠴᠢᠯᠡᠯᠲᠡ ᠪᠠᠷ ᠠᠵᠦ ᠠᠬᠤᠢ ᠨᠡᠶᠢᠭᠡᠮ ᠤᠨ ᠬᠦᠭᠵᠢᠯᠲᠡ ᠶᠢ ᠲᠦᠯᠬᠢᠨ ᠠᠬᠢᠭᠤᠯᠵᠦ᠂ ᠠᠵᠦ ᠠᠬᠤᠢ᠂ ᠠᠮᠢ ᠠᠬᠤᠢ᠂ ᠨᠡᠶᠢᠭᠡᠮ ᠤᠨ ᠪᠠᠲᠤᠯᠭ᠎ᠠ ᠶᠢᠨ ᠦᠭᠡᠷᠡᠴᠢᠯᠡᠯᠲᠡ ᠶᠢᠨ ᠦᠷ᠎ᠡ ᠪᠦᠲᠦᠭᠡᠯ ᠪᠤᠯᠵᠦ ᠪᠦᠷᠢᠯᠳᠤᠭᠰᠡᠨ 145 ᠵᠤᠷᠪᠤᠰ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠵᠦᠪᠰᠢᠶᠡᠷᠡᠯ ᠪᠠ ᠬᠢᠨᠠᠨ ᠵᠦᠪᠰᠢᠶᠡᠷᠡᠬᠦ ᠨᠠᠷᠢᠨ ᠳᠠᠩᠰᠠ ᠶᠢ 127 ᠵᠦᠢᠯ ᠳᠡᠭᠰᠢᠯᠡᠵᠦ᠂ 45 ᠵᠦᠢᠯ ᠨᠢ ︽ᠨᠢᠭᠡ ᠯᠠ ᠤᠳᠠᠭ᠎ᠠ ᠳᠤ ᠰᠢᠢᠳᠪᠦᠷᠢᠯᠡᠬᠦ︾᠎ ᠶᠢ ᠪᠡᠶᠡᠯᠡᠭᠦᠯᠵᠦ᠂ ᠰᠢᠢᠳᠪᠦᠷᠢᠯᠡᠬᠦ ᠬᠤᠭᠤᠴᠠᠭ᠎ᠠ ᠶᠢ 70% ᠪᠤᠭᠤᠨᠢᠰᠬᠠᠵᠠᠢ᠃ ︽ᠭᠡᠷᠡᠴᠢ ᠪᠠᠭᠠᠰᠬᠠᠬᠤ︾᠎ ᠪᠠᠷ ︽ᠵᠠᠰᠠᠭ ᠢ ᠴᠤᠮᠬᠠᠳᠬᠠᠬᠤ︾᠎ ᠶᠢ ᠠᠬᠢᠭᠤᠯᠤᠨ᠎ᠠ᠂ ᠪᠦᠬᠦ ᠲᠠᠯ᠎ᠠ ᠪᠠᠷ ︽ᠣᠯᠠᠨ ᠭᠡᠷᠡᠴᠢ ᠶᠢ ᠨᠢᠭᠡᠳᠬᠡᠬᠦ︾᠎ ᠶᠢ ᠬᠡᠷᠡᠭᠵᠢᠭᠦᠯᠵᠦ᠂ ᠭᠡᠷᠡᠴᠢ ᠰᠡᠭᠦᠳᠡᠷ ᠰᠠᠯᠭᠠᠬᠤ ᠳᠤ ᠦᠭᠡᠷᠡᠴᠢᠯᠡᠯᠲᠡ ᠬᠢᠵᠦ᠂ ᠠᠵᠦ ᠠᠬᠤᠶᠢᠯᠠᠯ ᠤᠨ ᠠᠵᠢᠯ ᠡᠬᠢᠯᠡᠬᠦ ᠬᠢᠨᠠᠨ ᠵᠦᠪᠰᠢᠶᠡᠷᠡᠬᠦ ᠬᠤᠭᠤᠴᠠᠭ᠎ᠠ ᠶᠢ ᠴᠤᠮᠬᠠᠳᠬᠠᠭᠠᠳ ᠭᠤᠷᠪᠠᠨ ᠠᠵᠢᠯ ᠤᠨ ᠡᠳᠤᠷ ᠪᠤᠯᠭᠠᠪᠠ᠃ ᠰᠤᠷᠭᠠᠨ ᠬᠦᠮᠦᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠰᠤᠷᠭᠠᠭᠤᠯᠢ ᠶᠢᠨ ︽ᠵᠠᠰᠠᠭ  ᠵᠠᠬᠢᠷᠭᠠᠨᠵᠢᠬᠤ︾᠎ ᠶᠢ ᠲᠦᠯᠬᠢᠨ ᠠᠬᠢᠭᠤᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠢ ᠲᠤᠰᠢᠶᠠᠯ ᠳᠤ ᠤᠷᠢᠬᠤ ᠠᠵᠢᠯ ᠪᠦᠬᠦ ᠲᠠᠯ᠎ᠠ ᠪᠠᠷ ᠳᠠᠭᠤᠰᠴᠦ᠂ 352 ᠨᠡᠷᠡᠰ ᠳᠡᠭᠡᠳᠤ ᠴᠤᠯᠠ ᠲᠠᠢ ᠪᠠᠭᠰᠠᠢ ᠶᠢᠨ ᠮᠡᠷᠭᠡᠵᠢᠯ ᠤᠨ ᠴᠤᠯᠠ ᠶᠢᠨ ᠴᠠᠯᠢᠩ ᠢ ᠪᠤᠲᠠᠲᠠᠶᠢᠵᠢᠭᠤᠯᠵᠠᠢ᠃ ᠰᠤᠷᠬᠤ ᠠᠴᠠ ᠡᠮᠦᠨᠡᠬᠢ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠠᠷᠭ᠎ᠠ ᠮᠠᠶ᠋ᠢᠭ ᠢ ᠰᠢᠨᠡᠳᠭᠡᠵᠦ᠂ ᠰᠢᠯᠢᠳᠡᠭ ᠬᠠᠮᠢᠶᠠᠷᠤᠯᠲᠡ ᠶᠢᠨ ᠪᠦᠯᠬᠦᠮ ᠢ ᠲᠤᠮᠢᠯᠠᠨ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠬᠦᠭᠵᠢᠯᠲᠡ ᠶᠢ ᠬᠠᠪᠰᠤᠷᠴᠦ᠂ ᠬᠡᠤᠬᠡᠳ ᠤᠨ ᠰᠤᠷᠭᠠᠨ ᠬᠦᠮᠦᠵᠢᠯ ᠤᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠢᠳᠡᠭᠡᠨ ᠤ ᠦᠢᠯᠡᠳᠪᠦᠷᠢᠯᠡᠯ ᠎ ᠢ ᠵᠤᠷᠢᠭᠵᠢᠭᠤᠯᠬᠤ ᠳᠦᠷᠢᠮ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠢᠳᠡᠭᠡᠨ ᠢ ᠪᠤᠯᠪᠠᠰᠤᠷᠠᠭᠤᠯᠬᠤ ᠬᠦᠷᠢᠶᠡᠯᠡᠩ ᠠᠵᠦ ᠠᠬᠤᠶᠢᠯᠠᠯ ᠳᠤ ᠤᠷᠤᠬᠤ ᠨᠡᠶᠢᠳᠡᠮ ᠬᠠᠷᠠᠭᠠᠯᠵᠠᠬᠤ ᠳᠦᠷᠢᠮ ᠤᠨ ᠨᠦᠬᠦᠪᠦᠷᠢ ᠶᠢ ᠬᠤᠪᠢᠷᠠᠭᠤᠯᠵᠦ ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠪᠠᠷᠢᠮᠵᠢᠶ᠎ᠠ ᠲᠤᠭᠲᠠᠭᠠᠬᠤ᠂ ᠳᠠᠯᠠᠶᠢᠴᠢᠯᠠᠬᠤ᠂ ᠨᠡᠷᠡᠳᠤ ᠳᠡᠮᠲᠡᠭᠴᠢᠯᠡᠬᠦ ᠵᠡᠷᠭᠡ ᠭᠤᠷᠪᠠᠨ ᠵᠦᠢᠯ ᠤᠨ ᠱᠠᠩᠨᠠᠯ ᠢᠶᠠᠷ ᠢᠳᠡᠭᠡᠨ ᠢ ᠪᠤᠯᠪᠠᠰᠤᠷᠠᠭᠤᠯᠬᠤ ᠦᠢᠯᠡᠳᠪᠦᠷᠢᠯᠡᠯ ᠎ ᠤᠨ ᠬᠦᠴᠦᠷᠬᠡᠭᠵᠢᠨ ᠪᠤᠵᠠᠭᠠᠶᠢᠷᠠᠭᠤᠯᠬᠤ ᠶᠢ ᠬᠦᠲᠦᠯᠦᠨ᠎ᠡ᠃ ᠳᠦᠭᠦᠮ ᠪᠦᠳᠦᠭᠦᠯᠢᠭ ᠤᠷᠤᠨ ᠰᠠᠭᠤᠴᠠ ᠶᠢ ᠴᠡᠭᠴᠡᠯᠡᠨ ᠵᠠᠰᠠᠬᠤ ᠳᠤ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ ᠃ ᠨᠤᠷᠠᠭᠠᠵᠦ ᠨᠡᠭᠦᠯᠭᠡᠬᠦ ᠤᠷᠤᠨ ᠳᠤ ᠵᠦᠢ ᠵᠤᠬᠢᠰᠲᠠᠢ ᠲᠦᠯᠦᠪᠯᠡᠭᠡ ᠬᠢᠵᠦ᠂ ᠭᠡᠷ ᠪᠠᠶᠢᠰᠢᠩ ᠲᠠᠲᠠᠪᠦᠷᠢᠯᠠᠵᠦ ᠨᠡᠭᠦᠯᠭᠡᠬᠦ ᠰᠢᠯᠵᠢᠯᠲᠡ ᠶᠢᠨ ᠭᠤᠭᠴᠤᠭ᠎ᠠ ᠶᠢ ᠦᠭᠡᠶᠢᠰᠭᠡᠵᠦ᠂ ᠨᠡᠭᠦᠯᠭᠡᠵᠦ ᠲᠦᠪᠬᠢᠨᠡᠭᠦᠯᠬᠦ ᠳᠤ ᠰᠢᠨ᠎ᠡ ᠠᠰᠠᠭᠤᠳᠠᠯ ᠭᠠᠷᠬᠤ ᠠᠴᠠ ᠵᠠᠶᠢᠯᠠᠰᠬᠢᠵᠦ᠂ ᠨᠤᠤᠷᠬᠠᠢ ᠤᠷᠤᠨ ᠤ ᠴᠡᠭᠴᠡᠯᠡᠨ ᠵᠠᠰᠠᠬᠤ ᠪᠡᠯᠡ ᠮᠦᠩᠭᠦ ᠶᠢᠨ ᠬᠡᠷᠡᠭᠯᠡᠬᠦ ᠠᠰᠢᠭᠯᠠᠮᠵᠢ ᠎ ᠨᠢ ᠨᠡᠩ ᠦᠨᠳᠤᠷ᠂ ᠪᠦᠷᠬᠦᠯᠲᠡ ᠶᠢᠨ ᠬᠡᠪᠴᠢᠶ᠎ᠡ ᠨᠢ ᠨᠡᠩ ᠦᠷᠭᠡᠨ᠃ ᠨᠡᠶᠢᠭᠡᠮ ᠤᠨ ᠵᠠᠰᠠᠯᠲᠡ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ︽ᠬᠠᠮᠳᠤ ᠪᠠᠶᠢᠭᠤᠯᠬᠤ ᠬᠠᠮᠳᠤ ᠵᠠᠰᠠᠬᠤ ᠬᠠᠮᠳᠤ ᠡᠳ᠋ᠯᠡᠬᠦ︾ ᠤᠶᠢᠯᠠᠭᠠᠭᠳᠠᠬᠤᠨ ᠢ ᠲᠤᠤᠱᠯᠠᠭᠤᠯᠵᠦ᠂ ᠨᠡᠶᠢᠭᠡᠮ ᠤᠨ ᠵᠤᠬᠢᠶᠠᠨ ᠪᠠᠶᠢᠭᠤᠯᠤᠯᠲᠡ ᠪᠠ ᠤᠯᠠᠨ ᠨᠡᠶᠢᠲᠡ ᠶᠢ ᠵᠤᠷᠢᠭᠵᠢᠭᠤᠯᠤᠨ ᠬᠦᠲᠦᠯᠦᠵᠦ᠂ ᠨᠡᠶᠢᠲᠡ ᠶᠢᠨ ᠠᠰᠠᠷᠠᠮᠵᠢ ᠶᠢᠨ ᠵᠠᠷ ᠤᠬᠠᠭᠤᠯᠭ᠎ᠠ ᠶᠢᠨ ᠫᠠᠶᠢᠰᠠ ᠶᠢᠨ ᠬᠠᠮᠠᠭᠠᠯᠠᠯᠲᠡ ᠂ ᠨᠤᠤᠷᠬᠠᠢ ᠤᠷᠤᠨ ᠤ ᠴᠡᠭᠴᠡᠯᠡᠨ ᠵᠠᠰᠠᠬᠤ ᠵᠡᠷᠭᠡ ᠨᠡᠶᠢᠭᠡᠮ ᠤᠨ ᠪᠠᠶᠢᠭᠤᠯᠤᠯᠲᠡ ᠳᠤ ᠢᠳᠡᠪᠬᠢᠲᠠᠢ ᠤᠷᠤᠯᠴᠠᠵᠦ᠂ ᠬᠦᠮᠦᠨ ᠪᠦᠬᠦᠨ ᠤᠷᠤᠯᠴᠠᠵᠦ᠂ ᠬᠦᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠭᠡᠬᠦ ᠨᠡᠶᠢᠭᠡᠮ ᠤᠨ ᠵᠠᠰᠠᠯᠲᠡ ᠶᠢᠨ ᠲᠤᠭᠲᠠᠮᠵᠢ ᠪᠤᠯᠵᠦ ᠪᠦᠷᠢᠯᠳᠦᠬᠦ ᠶᠢ ᠠᠬᠢᠭᠤᠯᠤᠨ᠎ᠠ᠃ ᠤᠨᠴᠠ ᠵᠦᠪᠰᠢᠶᠡᠷᠡᠯ ᠤᠨ ᠡᠵᠡᠩᠨᠡᠬᠦ ᠮᠠᠶ᠋ᠢᠭ ᠢᠶᠠᠷ ᠪᠠᠷᠢᠯᠭ᠎ᠠ ᠎ ᠶᠢᠨ ᠬᠠᠶᠠᠭᠳᠠᠮᠡᠯ ᠢ ᠴᠡᠪᠡᠷᠯᠡᠨ ᠵᠦᠭᠡᠭᠡᠪᠦᠷᠢᠯᠡᠬᠦ ᠬᠠᠮᠢᠶᠠᠷᠤᠯᠲᠡ ᠶᠢ ᠴᠢᠩᠭᠠᠳᠬᠠᠵᠦ᠂ ᠵᠠᠰᠠᠭ ᠤᠨ ᠤᠷᠳᠤᠨ ᠤ ᠬᠠᠮᠢᠶᠠᠷᠤᠯᠲᠠ ᠶᠢᠨ ᠦᠪᠡᠷ ᠤᠨ ᠦᠷᠳᠡᠭ ᠢ ᠠᠷᠪᠢᠯᠠᠵᠦ᠂ ᠬᠤᠲᠡ ᠶᠢᠨ ᠤᠷᠴᠢᠨ ᠲᠤᠭᠤᠷᠢᠨ ᠢ ᠰᠠᠶᠢᠵᠢᠷᠠᠭᠤᠯᠪᠠ᠃        ︵ᠨᠠᠢᠮᠠ︶ ᠵᠠᠰᠠᠭ ᠤᠨ ᠤᠷᠳᠤᠨ ᠤ  ᠬᠤᠪᠢ ᠪᠡᠶ᠎ᠡ ᠶᠢᠨ ᠪᠦᠲᠦᠭᠡᠨ ᠪᠠᠶᠢᠭᠤᠯᠤᠯᠲᠡ ᠪᠠᠨ ᠲᠠᠰᠤᠷᠠᠯᠲᠡ ᠦᠭᠡᠢ ᠴᠢᠩᠭᠠᠳᠬᠠᠵᠦ᠂ ᠵᠠᠰᠠᠭ ᠵᠠᠬᠢᠷᠭᠠᠨ ᠤ ᠴᠢᠳᠠᠪᠦᠷᠢ ᠪᠦᠲᠦᠮᠵᠢᠲᠠᠢ ᠳᠡᠭᠡᠭᠰᠢᠯᠡᠪᠡ᠃ ᠦᠪᠡᠷ ᠪᠡᠶ᠎ᠡ ᠶᠢᠨ ᠪᠦᠲᠦᠭᠡᠨ ᠪᠠᠶᠢᠭᠤᠯᠤᠯᠲᠡ ᠪᠠᠨ ᠢᠮᠠᠭᠲᠡ ᠲᠡᠷᠢᠭᠦᠨ ᠪᠠᠶᠢᠷᠢᠨ ᠳᠤ ᠲᠠᠯᠪᠢᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠤᠯᠤᠰ ᠲᠦᠷᠦ ᠶᠢᠨ ᠰᠠᠬᠢᠯᠭ᠎ᠠ ᠪᠠᠳᠤ ᠶᠢ ᠴᠢᠩᠭ᠎ᠠ ᠰᠠᠬᠢᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠎ ᠶᠢ ᠪᠠᠷᠢᠮᠲᠠᠯᠠᠨ᠂ ᠡᠯ᠎ᠡ ᠵᠦᠢᠯ ᠤᠨ ᠠᠵᠢᠯ ᠤᠨ ᠰᠢᠨ᠎ᠡ ᠬᠢᠷᠢ ᠪᠦᠲᠦᠮᠵᠢ ᠤᠯᠬᠤ ᠶᠢ ᠲᠦᠯᠬᠢᠨ ᠠᠬᠢᠭᠤᠯᠤᠨ᠎ᠠ᠃ ᠨᠠᠮ ᠤᠨ ᠪᠦᠲᠦᠭᠡᠨ ᠪᠠᠶᠢᠭᠤᠯᠤᠯᠲᠡ ᠶᠢ ᠪᠦᠬᠦ ᠲᠠᠯ᠎ᠠ ᠪᠠᠷ ᠴᠢᠩᠭᠠᠳᠬᠠᠪᠠ᠃ ᠰᠢᠨ᠎ᠡ ᠴᠠᠭ ᠦᠶ᠎ᠡ ᠶᠢᠨ ᠨᠠᠮ ᠤᠨ ᠪᠦᠲᠦᠭᠡᠨ ᠪᠠᠶᠢᠭᠤᠯᠤᠯᠲᠡ ᠶᠢᠨ ᠶᠡᠷᠤᠩᠬᠡᠢ ᠱᠠᠭᠠᠷᠲᠠᠯᠭ᠎ᠠ ᠶᠢ ᠭᠦᠨᠵᠡᠭᠡᠢ ᠲᠤᠭᠤᠰᠢᠯᠠᠭᠤᠯᠤᠨ᠂ ᠵᠠᠰᠠᠭ ᠤᠨ ᠤᠷᠳᠤᠨ ᠎ ᠤ ᠨᠠᠮ ᠤᠨ ᠳᠤᠭᠤᠶᠢᠯᠠᠩ ᠲᠦᠷᠦᠭᠦᠯᠡᠨ ︽ᠲᠦᠷᠪᠡᠨ ᠤᠬᠠᠮᠰᠡᠷ︾᠎ ᠶᠢ ᠪᠤᠢ ᠪᠤᠯᠭᠠᠵᠦ᠂ ︽ᠲᠦᠷᠪᠡᠨ ᠢᠳᠡᠭᠡᠯ︾ ᠪᠠᠲᠦ ᠴᠢᠩᠭ᠎ᠠ᠂ ︽ᠬᠤᠶᠠᠷ ᠬᠠᠮᠠᠭᠠᠯᠠᠬᠤ︾᠎ ᠶᠢ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠦ᠂ ᠦᠢᠯᠡᠳᠤᠯᠭᠡ ᠶᠢ ᠵᠢᠯᠤᠭᠤᠳᠤᠨ᠂ ᠠᠵᠢᠯ ᠢ ᠲᠦᠯᠬᠢᠨ ᠠᠬᠢᠭᠤᠯᠤᠨ᠎ᠠ᠃ ︽ᠤᠭ ᠰᠠᠨᠠᠭ᠎ᠠ ᠪᠠ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠶ᠎ᠡ︾ ᠭᠤᠤᠯ ᠰᠡᠳᠤᠪᠳᠤ ᠰᠤᠷᠭᠠᠨ ᠬᠦᠮᠦᠵᠢᠯ ᠤᠨ ᠬᠦᠳᠡᠯᠭᠡᠭᠡᠨ ᠢ ᠨᠠᠷᠢᠨ ᠬᠢᠨᠠᠮᠠᠭᠠᠢ ᠦᠷᠨᠢᠭᠦᠯᠵᠦ᠂ ︽ᠭᠤᠷᠪᠠᠨ ᠬᠤᠷᠠᠯ ᠨᠢᠭᠡ ᠬᠢᠴᠢᠶᠡᠯ︾᠎ ᠤᠨ ᠳᠦᠷᠢᠮ ᠪᠠ ︽ᠭᠤᠤᠯ ᠰᠡᠳᠤᠪᠳᠤ ᠨᠠᠮ ᠤᠨ ᠡᠳᠤᠷ︾᠎ ᠤᠨ ᠬᠦᠳᠡᠯᠭᠡᠭᠡᠨ ᠢ ᠪᠠᠷᠢᠮᠲᠠᠯᠠᠵᠦ᠂ ᠵᠤᠬᠢᠶᠠᠨ ᠪᠠᠶᠢᠭᠤᠯᠤᠯᠲᠡ ᠶᠢᠨ ᠠᠵᠢᠯ ᠨᠡᠩ ᠯᠠᠪᠳᠠᠭᠤᠨ ᠪᠠᠲᠤᠲᠠᠢ ᠪᠤᠯᠪᠠ᠃ ᠭᠠᠴᠠᠭ᠎ᠠ ︵ᠲᠤᠰᠬᠤᠨ︶᠎ ᠤ ᠬᠤᠷᠢᠶᠠᠨ ᠤ ᠬᠤᠭᠤᠴᠠᠭ᠎ᠠ ᠰᠤᠯᠢᠬᠤ ᠠᠵᠢᠯ ᠢ ᠳᠡᠭᠦᠰ ᠠᠮᠵᠢᠯᠲᠡ ᠲᠠᠢ ᠪᠡᠶᠡᠯᠡᠭᠦᠯᠵᠠᠢ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠡ ᠶᠢ ᠨᠡᠩ ᠭᠦᠨᠵᠡᠭᠡᠶᠢᠷᠡᠭᠦᠯᠪᠡ᠃ ᠨᠠᠮ ᠤᠨ ᠰᠤᠷᠳᠠᠯ ᠴᠢᠭᠡᠴᠢ ᠵᠠᠰᠠᠭ ᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠴᠢᠩᠭ᠎ᠠ ᠨᠢᠮᠪᠠᠢ ᠨᠠᠶᠢᠳᠠᠪᠦᠷᠢᠵᠢᠭᠤᠯᠵᠦ᠂ ᠲᠦᠪ ᠬᠤᠷᠢᠶᠠᠨ ᠤ ᠨᠠᠢᠮᠠᠨ ᠲᠤᠭᠲᠠᠭᠠᠯ ᠤᠨ ᠵᠤᠷᠢᠭ ᠰᠠᠨᠠᠭ᠎ᠠ ᠶᠢ ᠰᠢᠨᠳᠡᠷᠡᠰᠢ ᠦᠭᠡᠢ ᠨᠠᠶᠢᠳᠠᠪᠦᠷᠢᠵᠢᠭᠤᠯᠵᠦ᠂ ᠴᠦᠭᠦᠷᠡᠰᠢ ᠦᠭᠡᠢ ︽ᠲᠦᠷᠪᠡᠨ ᠰᠤᠷᠳᠠᠯ︾᠎ ᠢ ᠵᠠᠯᠠᠷᠠᠭᠤᠯᠵᠦ᠂ ᠵᠢᠷᠭᠠᠵᠦ ᠴᠡᠩᠬᠡᠬᠦ ᠦᠵᠡᠯ᠂ ᠱᠠᠯᠢᠨ ᠪᠦᠷᠢᠯᠭᠡᠬᠦ ᠰᠤᠷᠳᠠᠯ ᠤᠨ ᠰᠢᠨ᠎ᠡ ᠢᠯᠡᠷᠡᠯ ᠡᠭᠦᠰᠬᠦ ᠶᠢ ᠡᠷᠡᠰ ᠲᠠᠰᠦ ᠬᠤᠷᠢᠭᠯᠠᠨ᠎ᠠ᠃ ᠬᠢᠨᠠᠨ ᠪᠤᠳᠤᠬᠤ ᠬᠢᠨᠠᠯᠲᠡ ᠶᠢ ᠴᠢᠩᠭᠠᠳᠬᠠᠵᠦ᠂ ᠬᠠᠤᠯᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠬᠡᠮᠵᠢᠯᠡᠬᠦ ᠶᠢ ᠴᠢᠩᠭᠠᠳᠬᠠᠵᠦ᠂ ᠬᠡᠪ ᠰᠤᠷᠳᠠᠯ ᠤᠨ ᠪᠦᠲᠦᠭᠡᠨ ᠪᠠᠶᠢᠭᠤᠯᠤᠯᠲᠡ ᠶᠢ ᠲᠠᠰᠤᠷᠠᠯᠲᠡ ᠦᠭᠡᠢ ᠴᠢᠩᠭᠠᠳᠬᠠᠨ᠎ᠠ᠃ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠪᠠ ᠰᠠᠨᠠᠭᠠᠴᠢᠯᠭᠠᠳᠤ ᠡᠷᠬᠡ ᠶᠢ ᠪᠠᠳᠤ ᠴᠢᠩᠭ᠎ᠠ ᠠᠳᠬᠤᠨ᠎ᠠ᠃ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭᠠᠳᠤ ᠳᠦᠷᠢᠮ ᠢ ᠨᠠᠶᠢᠳᠠᠪᠦᠷᠢᠵᠢᠭᠤᠯᠵᠦ᠂ ᠳᠤᠮᠳᠠᠳᠤ ᠶᠢᠨ ᠵᠡᠭᠦᠳᠦ ᠪᠠ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠬᠦᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠤᠷᠳᠤᠨ ᠤ ᠡᠷᠤᠬᠡ ᠎ ᠶᠢᠨ ᠨᠸᠤᠨ ᠦᠷᠳᠡᠭᠡ ᠶᠢᠨ ᠬᠠᠮᠢᠶᠠᠷᠤᠯᠲᠡ ᠶᠢ ᠳᠦᠷᠢᠮᠵᠢᠭᠦᠯᠦᠨ ᠴᠢᠩᠭᠠᠳᠬᠠᠵᠦ᠂ ᠪᠠᠶᠠᠯᠢᠭ ᠰᠠᠶᠢᠬᠠᠨ ᠰᠤᠶᠤᠯ ᠤᠨ ᠤᠬᠠᠭᠤᠯᠬᠤ ᠬᠦᠳᠡᠯᠭᠡᠭᠡᠨ ᠢ ᠵᠤᠬᠢᠶᠠᠨ ᠪᠠᠶᠢᠭᠤᠯᠵᠦ᠂ ᠡᠯ᠎ᠡ ᠵᠦᠢᠯ ᠤᠨ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠎ ᠤᠨ ᠲᠡᠷᠡ ᠶᠤᠰᠤᠭᠠᠷ ᠢᠶᠠᠷ ᠢᠶᠠᠨ ᠨᠠᠶᠢᠳᠠᠪᠦᠷᠢᠵᠢᠬᠤ ᠶᠢ ᠪᠠᠳᠤᠯᠠᠪᠠ᠃ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠡ ᠡᠳᠤᠷ ᠠᠴᠠ ᠡᠳᠤᠷ ᠳᠡᠭᠦᠯᠳᠡᠷᠵᠢᠪᠡ᠃ ᠵᠠᠰᠠᠭ ᠵᠠᠬᠢᠷᠭᠠᠨ ᠤ ᠰᠢᠢᠳᠪᠦᠷᠢᠳᠤ ᠪᠤᠳᠤᠯᠭ᠎ᠠ ᠶᠢᠨ ᠬᠠᠤᠯᠢ ᠶᠤᠰᠦᠨ ᠤ ᠬᠢᠨᠠᠨ ᠪᠠᠶᠢᠴᠠᠭᠠᠬᠤ ᠪᠠ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠤᠬᠠᠮᠰᠡᠷ ᠠᠴᠠ ᠪᠠᠨ ᠠᠷᠠᠳ ᠤᠨ ᠲᠦᠯᠦᠭᠡᠯᠡᠭᠴᠢ ᠶᠢᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠡ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠡ ᠶᠢ ᠬᠦᠯᠢᠶᠡᠨ ᠠᠪᠴᠦ ᠂ 205 ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠳᠤᠷᠠᠳᠤᠯᠭ᠎ᠠ ᠶᠢ ᠰᠢᠢᠳᠪᠦᠷᠢᠯᠡᠵᠦ᠂ ᠰᠢᠢᠳᠪᠦᠷᠢᠯᠡᠭᠰᠡᠨ ᠨᠤᠷᠮ᠎ᠠ 100%᠃ ︽ᠳᠤᠯᠤᠳᠤᠭᠠᠷ ᠲᠠᠪᠤᠨ ᠵᠢᠯ︾᠎ ᠤᠨ ᠬᠠᠤᠯᠢ ᠴᠠᠭᠠᠵᠠ ᠎ ᠶᠢᠨ ᠡᠩ ᠤᠨ ᠮᠡᠳᠡᠯᠭᠡ ᠶᠢ ᠲᠦᠭᠡᠮᠡᠯᠵᠢᠭᠦᠯᠬᠦ ᠦᠪᠡᠷᠳᠡᠭᠡᠨ ᠵᠠᠰᠠᠬᠤ ᠤᠷᠤᠨ ᠤ ᠳᠤᠮᠳᠡ ᠬᠤᠭᠤᠴᠠᠭᠠᠨ ᠤ ᠰᠢᠯᠭᠠᠨ ᠬᠤᠷᠢᠶᠠᠬᠤ ᠶᠢ ᠤᠷᠤᠭᠰᠢᠲᠠᠢ ᠪᠠᠳᠤᠯᠠᠵᠠᠢ᠃ ᠪᠦᠬᠦ ᠤᠯᠤᠰ ᠤᠨ ᠵᠠᠰᠠᠭ ᠤᠨ ᠶᠠᠪᠤᠳᠠᠯ ᠢ ᠢᠯᠠ ᠪᠤᠯᠭᠠᠬᠤ ᠪᠠᠷᠢᠮᠵᠢᠶᠠᠵᠢᠭᠰᠡᠨ ᠳᠦᠷᠢᠮᠵᠢᠭᠰᠡᠨ ᠦᠭᠡᠷᠡᠴᠢᠯᠡᠯᠲᠡ ᠶᠢᠨ ᠲᠤᠷᠰᠢᠯᠲᠡ ᠶᠢᠨ ᠠᠵᠢᠯ ᠢ ᠡᠮᠬᠢ ᠲᠢᠭᠯᠡᠮ ᠲᠠᠢ ᠲᠦᠯᠬᠢᠨ ᠠᠬᠢᠭᠤᠯᠵᠦ᠂ ᠢᠯᠡ ᠪᠤᠯᠭᠠᠬᠤ ᠶᠤᠰᠤᠲᠠᠢ ᠵᠦᠢᠯᠡᠰ ᠢ ᠪᠦᠬᠦᠨ ᠢ ᠢᠯᠡ ᠪᠤᠯᠭᠠᠵᠦ᠂ ᠤᠯᠠᠨ ᠨᠡᠶᠢᠲᠡ ᠶᠢᠨ ᠪᠠᠶᠢᠳᠠᠯ ᠎ ᠢ ᠮᠡᠳᠡᠬᠦ ᠡᠷᠬᠡ᠂ ᠬᠢᠨᠠᠯᠲᠡ ᠲᠠᠯᠪᠢᠬᠤ ᠡᠷᠬᠡ ᠭᠦᠢᠴᠡᠳ ᠪᠠᠲᠤᠯᠠᠭ᠎ᠠ ᠶᠢ ᠤᠯᠪᠠ᠃ ᠪᠦᠬᠦ ᠣᠯᠣᠰ ᠤᠨ ᠠᠵᠦ ᠠᠬᠤᠢ ᠎ ᠶᠢᠨ ᠨᠡᠶᠢᠳᠡᠮ ᠪᠠᠶᠢᠴᠠᠭᠠᠯᠲᠡ ᠪᠦᠬᠦ ᠲᠠᠯ᠎ᠠ ᠪᠠᠷ ᠡᠬᠢᠯᠡᠵᠦ᠂ ᠤᠯᠤᠰ ᠤᠨ ᠬᠠᠮᠠᠭᠠᠯᠠᠯᠲᠡ ᠶᠢᠨ ᠪᠦᠲᠦᠭᠡᠨ ᠪᠠᠶᠢᠭᠤᠯᠤᠯᠲᠡ᠂ ᠠᠷᠠᠳ ᠤᠨ ᠵᠡᠪᠰᠡᠭᠳᠤ ᠬᠦᠴᠦᠨ᠂ ᠬᠤᠶᠠᠷ ᠢ ᠬᠦᠷᠢᠶᠡᠯᠡᠬᠦ ᠠᠵᠢᠯ ᠰᠢᠨ᠎ᠡ ᠲᠠᠪᠴᠠᠩ ᠳᠤ ᠭᠠᠷᠴᠦ᠂ ᠦᠨᠳᠦᠰᠦᠲᠡᠨ ᠱᠠᠰᠢᠨ ᠰᠤᠷᠲᠠᠬᠤᠨ᠂ ᠲᠦᠯᠦᠪᠯᠡᠭᠡᠳᠤ ᠦᠷᠡᠵᠢᠯ᠂ ᠡᠮᠡᠭᠲᠠᠶᠢᠴᠦᠳ᠂ ᠪᠠᠭ᠎ᠠ ᠬᠡᠤᠬᠡᠳ᠂ ᠳᠠᠩᠰᠠ ᠡᠪᠬᠡᠮᠡᠯ ᠲᠡᠤᠬᠡ ᠤᠶᠢᠯᠠᠯᠭ᠎ᠠ᠂ ᠦᠲᠡᠯᠤᠭᠡ ᠨᠠᠰᠤᠲᠠᠨ᠂ ᠵᠡᠮᠳᠡᠭᠴᠦᠳ ᠵᠡᠷᠭᠡ ᠠᠵᠢᠯ ᠪᠦᠷ ᠰᠢᠨ᠎ᠡ ᠠᠮᠵᠢᠯᠲᠡ ᠤᠯᠤᠭᠰᠡᠨ ᠪᠠᠶᠢᠨ᠎ᠠ᠃        ᠲᠦᠯᠦᠭᠡᠯᠡᠭᠴᠢᠳ ᠡ᠂ ᠦᠩᠭᠡᠷᠡᠭᠰᠡᠨ ᠤ ᠨᠢᠭᠡ ᠵᠢᠯ ᠳᠤ᠂ ᠬᠦᠴᠢᠷ ᠪᠡᠷᠭᠡ ᠲᠦᠰᠦᠭᠡᠯᠡᠭᠰᠡᠨ ᠠᠴᠠ ᠠᠷᠪᠢᠨ᠂ ᠪᠢᠲᠡ ᠬᠤᠶᠠᠷ ᠤᠳᠠᠭᠠᠨ ᠤ ᠰᠢᠷᠦᠭᠦᠨ ᠪᠤᠷᠤᠭᠠᠨ ᠳᠤ ᠳᠠᠭᠠᠷᠢᠭᠳᠠᠵᠦ᠂ ᠬᠦᠷᠢᠶᠡᠯᠡᠩ ᠤᠨ ᠤᠷᠤᠨ ᠪᠠ ᠲᠠᠷᠢᠶᠠᠯᠠᠬᠤ ᠤᠷᠤᠨ ᠬᠦᠨᠳᠤ ᠨᠤᠴᠢᠲᠠᠢ ᠬᠤᠬᠢᠷᠠᠯ ᠳᠤ ᠤᠴᠠᠷᠠᠵᠦ᠂ ᠨᠢᠭᠡ ᠬᠡᠰᠡᠭ ᠨᠤᠤᠷᠬᠠᠢ ᠤᠷᠤᠨ ᠤ ᠴᠡᠭᠴᠡᠯᠡᠨ ᠵᠠᠰᠠᠬᠤ ᠵᠦᠢᠯᠡᠰ ᠨᠢ ᠢᠳᠡᠭᠡᠮᠵᠢᠳᠤ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢᠨ ᠴᠢᠩᠭᠠᠷᠠᠭᠰᠡᠨ ᠠᠴᠠ ᠤᠭ ᠤᠨ ᠲᠦᠯᠦᠪᠯᠡᠭᠡ ᠪᠠᠷ ᠢᠶᠠᠨ ᠬᠡᠷᠡᠭᠵᠢᠭᠦᠯᠵᠦ ᠳᠡᠶᠢᠯᠬᠦ ᠦᠭᠡᠢ ᠪᠤᠯᠪᠠ᠃ ᠬᠦᠴᠢᠷ ᠪᠡᠷᠭᠡᠰᠢᠶᠡᠯ ᠤᠨ ᠡᠮᠦᠨ᠎ᠡ᠂ ᠪᠢᠳᠡ ᠢᠮᠠᠭᠲᠠ ᠪᠠᠶᠢᠯᠳᠤᠬᠤ ᠪᠤᠳᠤᠯᠭ᠎ᠠ ᠶᠢᠨ ᠲᠤᠭᠲᠠᠴᠠ ᠶᠢ ᠪᠠᠷᠢᠮᠲᠠᠯᠠᠵᠦ᠂ ᠯᠠᠪᠳᠠᠭᠤᠨ ᠢᠶᠠᠷ ᠠᠷᠭᠠᠴᠠᠬᠤ᠂ ᠦᠨᠡᠨ ᠢ ᠪᠠᠷᠢᠮᠲᠠᠯᠠᠨ ᠪᠤᠲᠠᠲᠠᠢ ᠶᠢ ᠡᠷᠬᠢᠮᠯᠡᠬᠦ᠂ ᠰᠢᠷᠭᠠᠭᠤ ᠬᠠᠳᠠᠭᠤᠵᠢᠯᠲᠠᠢ ᠪᠠᠷ ᠠᠵᠢᠯᠯᠠᠵᠦ᠂ ᠡᠴᠦᠰ ᠤᠨ ᠦᠷ᠎ᠡ ᠳ᠋ᠦᠩ ᠨᠢ ᠪᠢᠳᠡᠨ ᠤ ᠵᠢᠱᠢᠭᠰᠡᠨ ᠠᠴᠠ ᠰᠠᠶᠢᠨ ᠪᠠᠶᠢᠵᠦ᠂ ᠬᠠᠶᠢᠷᠤᠪ ᠤᠨ ᠲᠤᠬᠤᠢ ᠲᠤᠭᠤᠷᠢᠭ ᠤᠨ ᠠᠵᠦ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠪᠠᠰᠠ ᠴᠢᠬᠤᠯᠠ ᠨᠢᠭᠡ ᠠᠯᠬᠤᠮ ᠢ ᠠᠯᠬᠤᠵᠠᠢ᠃ ᠡᠳᠡᠭᠡᠷ ᠠᠮᠵᠢᠯᠲᠡ ᠶᠢ ᠤᠯᠤᠭᠰᠡᠨ ᠨᠢ᠂ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠶᠢ ᠡᠵᠡᠮᠳᠡᠵᠦ᠂ ᠡᠯ᠎ᠡ ᠲᠠᠯ᠎ᠠ ᠶᠢ ᠵᠤᠬᠢᠴᠠᠭᠤᠯᠤᠨ᠂ ᠵᠦᠪ ᠤᠳᠤᠷᠢᠳᠤᠭᠰᠡᠨ ᠤ ᠦᠷ᠎ᠡ ᠳ᠋ᠦᠩ᠂ ᠲᠤᠭᠤᠷᠢᠭ ᠎ ᠤᠨ ᠠᠷᠠᠳ ᠤᠨ ᠲᠦᠯᠦᠭᠡᠯᠡᠭᠴᠢ ᠶᠢᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠨᠢᠭᠡ ᠰᠡᠳᠬᠢᠯ ᠬᠠᠮᠳᠤ ᠎ ᠶᠢᠨ ᠴᠢᠭᠯᠡᠯ ᠢᠶᠠᠷ ᠪᠦᠲᠦᠮᠵᠢᠲᠠᠢ ᠬᠢᠨᠠᠯᠲᠠ ᠲᠠᠯᠪᠢᠵᠦ᠂ ᠶᠡᠭᠡ ᠬᠦᠴᠦᠨ ᠢᠶᠠᠷ ᠳᠡᠮᠵᠢᠭᠰᠡᠨ ᠤ ᠦᠷ᠎ᠡ ᠳ᠋ᠦᠩ᠂ ᠪᠦᠬᠦ ᠲᠤᠭᠤᠷᠢᠭ ᠤᠨ ᠣᠯᠠᠨ ᠢᠶᠠᠷ ᠢᠶᠠᠨ ᠠᠷᠭ᠎ᠠ ᠪᠤᠳᠤᠵᠦ ᠪᠦᠭᠦᠳᠡᠭᠡᠷ ᠢᠶᠠᠨ ᠬᠦᠴᠦ ᠭᠠᠷᠭᠠᠵᠦ᠂ ᠵᠤᠷᠢᠭᠲᠠᠢ ᠪᠠᠷ ᠤᠷᠤᠭᠰᠢᠯᠡᠨ ᠳᠠᠪᠰᠢᠵᠦ᠂ ᠬᠠᠮᠳᠤ ᠪᠠᠷ ᠬᠦᠴᠦᠯᠡᠨ ᠪᠡᠷᠬᠡ ᠠᠰᠠᠭᠤᠳᠠᠯ ᠢ ᠰᠢᠢᠳᠪᠦᠷᠢᠯᠡᠭᠰᠡᠨ ᠤ ᠦᠷ᠎ᠡ ᠳ᠋ᠦᠩ᠃ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠲᠤᠭᠤᠷᠢᠭ ᠤᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ᠂ ᠬᠠᠶᠢᠷᠤᠪ ᠤᠨ ᠲᠤᠬᠤᠢ ᠲᠤᠭᠤᠷᠢᠭ ᠤᠨ ᠬᠦᠭᠵᠢᠯᠲᠡ ᠶᠢᠨ ᠪᠦᠲᠦᠭᠡᠨ ᠪᠠᠶᠢᠭᠤᠯᠤᠯᠲᠡ ᠶᠢ ᠬᠠᠯᠠᠮᠵᠢᠯᠡᠨ ᠳᠡᠮᠵᠢᠭᠰᠡᠨ ᠨᠡᠶᠢᠭᠡᠮ ᠤᠨ ᠡᠯ᠎ᠡ ᠡᠳᠡᠭᠡᠳ ᠲᠤ ᠴᠢᠩ ᠰᠡᠳᠬᠢᠯ ᠤᠨ ᠲᠠᠯᠠᠷᠬᠠᠯ ᠪᠤᠯᠦᠨ ᠡᠷᠬᠢᠮ ᠳᠡᠭᠡᠳᠤ ᠬᠦᠨᠳᠦᠳᠭᠡᠯ ᠢᠶᠠᠨ ᠳᠡᠪᠰᠢᠭᠦᠯᠦᠶ᠎ᠡ᠃         ᠠᠮᠵᠢᠯᠲᠡ ᠪᠠᠨ ᠣᠯᠵᠦ ᠬᠠᠷᠠᠬᠤ ᠶᠢᠨ ᠬᠠᠮᠳᠤ᠂ ᠤᠳᠤᠬᠢ ᠠᠵᠦ ᠠᠬᠤᠢ ᠨᠡᠶᠢᠭᠡᠮ ᠤᠨ ᠬᠦᠭᠵᠢᠯᠲᠡ ᠳᠤ ᠪᠠᠰᠠ ᠬᠦᠴᠢᠷᠳᠡᠯ ᠪᠤᠯᠦᠨ ᠠᠰᠠᠭᠤᠳᠠᠯ ᠲᠤᠯᠭᠠᠷᠠᠵᠦ ᠪᠠᠶᠢᠬᠤ ᠶᠢ ᠪᠢᠳᠡ ᠰᠡᠷᠬᠡᠭ ᠢᠶᠠᠷ ᠲᠠᠨᠢᠵᠦ ᠮᠡᠳᠡᠪᠡ᠃ ᠳᠤᠪᠤᠶᠢᠮ᠎ᠠ ᠢᠯᠡᠷᠡᠯ ᠨᠢ᠄ ᠠᠵᠦ ᠠᠬᠤᠢ ᠶᠢᠨ ᠤᠷᠤᠭᠤᠳᠠᠯ ᠤᠨ ᠳᠠᠷᠤᠯᠲᠡ ᠪᠠᠰᠠ ᠨᠡᠯᠢᠶᠡᠳ ᠶᠡᠭᠡ᠂ ᠠᠵᠦ ᠠᠬᠤᠶᠢᠯᠠᠯ ᠤᠨ ᠪᠡᠯᠡ ᠮᠦᠩᠭᠦ ᠤᠷᠤᠭᠤᠯᠬᠤ ᠢᠳᠡᠭᠡᠯ ᠵᠤᠷᠢᠭ ᠳᠤᠲᠠᠮᠠᠭ᠂ ᠠᠵᠦ ᠠᠬᠤᠢ ᠶᠢᠨ ᠦᠰᠦᠯᠲᠡ ᠶᠢᠨ ᠲᠤᠳᠤᠭᠠᠳᠤ ᠬᠦᠳᠡᠯᠭᠡᠬᠦ ᠬᠦᠴᠦᠨ ᠴᠢᠩᠭ᠎ᠠ ᠪᠢᠰᠢ᠂ ᠠᠵᠦ ᠠᠬᠤᠢ ᠶᠢᠨ ᠪᠦᠲᠦᠴᠡ ᠶᠢᠨ ᠴᠢᠨᠠᠷ ᠲᠠᠢ ᠵᠦᠷᠢᠴᠡᠯ ᠪᠠᠰᠠ ᠨᠡᠯᠢᠶᠡᠳ ᠳᠤᠪᠤᠶᠢᠮ᠎ᠠ᠂ ᠤᠯᠠᠮᠵᠢᠯᠠᠯᠳᠤ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠵᠦ ᠳᠡᠰ ᠳᠡᠪᠰᠢᠬᠦ  ᠠᠯᠬᠤᠴᠠ ᠤᠳᠠᠭᠠᠨ᠂ ᠰᠢᠨ᠎ᠡ ᠪᠠᠷ ᠮᠠᠨᠳᠤᠭᠰᠡᠨ ᠠᠵᠦ ᠦᠢᠯᠡᠰ ᠨᠢ ᠬᠡᠪᠴᠢᠶᠡᠵᠢᠭᠡᠳᠤᠢ᠂ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠨᠢ ᠡᠭᠦᠷᠭᠡ ᠬᠦᠨᠳᠦ ᠵᠠᠮ ᠬᠤᠯᠠ᠂ ᠠᠵᠦ ᠦᠢᠯᠡᠳᠪᠦᠷᠢ ᠶᠢᠨ ᠪᠦᠲᠦᠭᠳᠡᠭᠦᠨ ᠨᠢ ᠨᠡᠶᠢᠳᠡᠮ ᠳᠡᠭᠡᠨ ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠳᠤᠤᠷ᠎ᠠ᠂ ᠨᠡᠮᠡᠯᠲᠡ ᠦᠷᠳᠡᠭ ᠳᠤᠤᠷ᠎ᠠ᠂ ᠵᠠᠬ᠎ᠠ ᠳᠡᠯᠭᠡᠭᠦᠷ ᠤᠨ ᠦᠷᠢᠰᠦᠯᠳᠡᠬᠦ ᠴᠢᠳᠠᠪᠦᠷᠢ ᠴᠢᠩᠭ᠎ᠠ ᠪᠢᠰᠢ᠂ ᠬᠦᠷᠢᠶᠡᠯᠡᠩ ᠤᠨ ᠭᠠᠵᠠᠷ ᠰᠢᠷᠤᠢ ᠶᠢᠨ ᠬᠠᠩᠭᠠᠯᠭ᠎ᠠ ᠨᠢ ᠭᠦᠢᠴᠡᠳ ᠪᠤᠰᠦ᠂ ᠶᠡᠭᠡ ᠬᠡᠮᠵᠢᠶᠡᠨ ᠤ ᠵᠦᠢᠯᠡᠰ ᠢ ᠬᠦᠷᠢᠶᠡᠯᠡᠩ ᠳᠤ ᠤᠷᠤᠭᠤᠯᠵᠦ ᠠᠰᠢᠭᠯᠠᠯᠲᠡ ᠳᠤ ᠤᠷᠤᠬᠤ ᠶᠢ ᠬᠢᠵᠠᠭᠠᠷᠯᠠᠵᠦ᠂ ᠠᠷᠠᠳ ᠤᠨ ᠠᠮᠢᠳᠤᠷᠠᠯ ᠤᠨ ᠬᠦᠷᠢᠶᠡᠨ ᠤ ᠬᠦᠷᠦᠯᠴᠡᠬᠦ ᠦᠭᠡᠢ ᠲᠠᠯ᠎ᠠ ᠪᠠ ᠵᠠᠰᠠᠭ ᠤᠨ ᠤᠷᠳᠤᠨ ᠤ ᠦᠭᠴᠡᠭᠡ ᠶᠢᠨ ᠬᠤᠭᠤᠷᠤᠨᠳᠤᠬᠢ ᠵᠦᠷᠢᠴᠡᠯ ᠨᠡᠩ ᠳᠤᠪᠤᠶᠢᠮ᠎ᠠ᠂ ᠬᠤᠲᠡ ᠶᠢᠨ ᠰᠠᠭᠤᠷᠢ ᠲᠦᠭᠦᠭᠡᠷᠤᠮᠵᠢ ᠳᠤ ᠮᠦᠨ ᠴᠦ ᠪᠠᠭᠤᠷᠠᠢ ᠭᠤᠭᠴᠤᠭ᠎ᠠ ᠤᠷᠤᠰᠢᠵᠦ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠵᠡᠷᠭᠡ ᠳᠡᠰ ᠨᠢ ᠦᠨᠳᠤᠷ ᠪᠢᠰᠢ᠂ ᠤᠰᠤᠳᠤᠯ ᠢ ᠠᠷᠢᠯᠭᠠᠬᠤ ᠲᠦᠭᠦᠭᠡᠷᠤᠮᠵᠢ ᠬᠦᠨᠳᠤ ᠨᠤᠴᠢᠲᠠᠢ ᠬᠦᠷᠦᠯᠴᠡᠬᠦ ᠦᠭᠡᠢ᠂ ᠦᠶᠡᠷ ᠢ ᠡᠰᠡᠷᠭᠦᠴᠡᠬᠦ ᠴᠢᠳᠠᠪᠦᠷᠢ ᠶᠢ ᠳᠡᠭᠡᠭᠰᠢᠯᠡᠭᠦᠯᠬᠦ ᠬᠡᠷᠡᠭᠲᠠᠢ᠂ ᠡᠬᠢ ᠪᠠᠶᠠᠯᠢᠭ ᠤᠷᠴᠢᠨ ᠠᠬᠤᠢ ᠶᠢᠨ ᠬᠢᠵᠠᠭᠠᠷᠯᠠᠯ ᠡᠳᠤᠷ ᠳᠤᠳᠤᠮ ᠳᠤᠪᠤᠶᠢᠮ᠎ᠠ ᠪᠤᠯᠵᠦ᠂ ᠤᠷᠴᠢᠨ ᠠᠬᠤᠢ ᠶᠢᠨ ᠬᠠᠮᠠᠭᠠᠯᠠᠯᠲᠡ ᠪᠠ ᠪᠤᠬᠢᠷᠳᠠᠯ ᠢ ᠵᠠᠰᠠᠬᠤ ᠡᠭᠦᠷᠭᠡ ᠬᠦᠨᠳᠤ᠂ ᠴᠦᠬᠡᠨ ᠲᠤᠭᠠᠨ ᠤ ᠺᠠᠳ᠋ᠷ ᠤᠨ ᠲᠤᠳᠤᠷ᠎ᠠ ᠪᠠᠰᠠ ᠬᠢᠬᠦ ᠵᠤᠷᠢᠭ ᠦᠭᠡᠢ᠂ ᠬᠢᠬᠦ ᠳᠤᠷ᠎ᠠ ᠦᠭᠡᠢ᠂ ᠡᠰᠡ ᠦᠢᠯᠡᠳᠬᠦᠢ ᠵᠡᠷᠭᠡ ᠠᠰᠠᠭᠤᠳᠠᠯ ᠤᠷᠤᠰᠢᠵᠦ᠂ ᠬᠠᠷᠢᠶ᠎ᠠ ᠤᠷᠤᠨ ᠤ ᠲᠤᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠡᠭᠡ᠂ ᠡᠭᠦᠷᠭᠡ ᠪᠠᠰᠠ ᠨᠡᠯᠢᠶᠡᠳ ᠬᠦᠨᠳᠤ ᠵᠡᠷᠭᠡ ᠠᠰᠠᠭᠤᠳᠠᠯ ᠤᠷᠤᠰᠢᠵᠦ ᠪᠤᠢ᠃ ᠡᠶᠢᠮᠦ ᠠᠴᠠ ᠪᠢᠳᠡ ᠠᠰᠠᠭᠤᠳᠠᠯ ᠎ ᠳᠠᠭᠠᠨ ᠴᠢᠭᠯᠡᠭᠦᠯᠦᠨ᠂ ᠰᠢᠢᠳᠪᠦᠷᠢᠯᠡᠬᠦ ᠵᠦᠪ ᠠᠷᠭ᠎ᠠ ᠵᠠᠮ ᠢ ᠡᠷᠢᠵᠦ᠂ ᠬᠦᠭᠵᠢᠯᠲᠡ ᠶᠢᠨ ᠬᠠᠷᠰᠢ ᠰᠠᠭᠠᠳ ᠢ ᠠᠷᠢᠯᠭᠠᠵᠦ᠂ ᠪᠤᠲᠠᠲᠠᠢ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠠᠷᠭ᠎ᠠ ᠠᠪᠴᠠᠯ ᠢ ᠭᠠᠷᠭᠠᠵᠦ᠂ ᠨᠠᠷᠢᠨ ᠬᠢᠨᠠᠮᠠᠭᠠᠢ ᠰᠢᠢᠳᠪᠦᠷᠢᠯᠡᠨ᠎ᠡ᠃        2019 ᠤᠨ ᠢ ᠪᠠᠷᠠᠯᠬᠤᠶ᠎ᠠ᠂ ᠦᠷᠢᠰᠦᠯᠳᠡᠭᠡᠨ ᠪᠠ ᠵᠠᠪᠰᠢᠶᠠᠨ ᠬᠠᠮᠳᠤ ᠤᠷᠤᠰᠢᠵᠦ᠂ ᠲᠦᠪ ᠬᠤᠷᠢᠶᠠᠨ ᠎ ᠤ ᠠᠵᠦ ᠠᠬᠤᠢ ᠶᠢᠨ ᠠᠵᠢᠯ ᠤᠨ ᠬᠤᠷᠠᠯ ᠳᠡᠭᠡᠷ᠎ᠡ ᠮᠠᠨ ᠤ ᠤᠯᠤᠰ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠎ ᠶᠢᠨ ᠠᠵᠦ ᠳᠤᠬᠢᠶᠠᠯᠳᠤ ᠬᠤᠭᠤᠴᠠᠭᠠᠨ ᠳᠤ ᠤᠷᠤᠰᠢᠬᠤ ᠮᠦᠷᠳᠡᠭᠡᠨ ᠮᠦᠨ ᠴᠦ ᠤᠷᠳᠤ ᠬᠤᠭᠤᠴᠠᠭ᠎ᠠ ᠤᠷᠤᠰᠢᠨ᠎ᠠ᠂ ᠠᠵᠦ ᠠᠬᠤᠢ ᠤᠷᠳᠤ ᠬᠤᠭᠤᠴᠠᠭ᠎ᠠ ᠰᠠᠶᠢᠨ ᠬᠦᠭᠵᠢᠯᠲᠡ ᠶᠢᠨ ᠬᠠᠨᠳᠤᠰᠢ ᠶᠢ ᠪᠠᠷᠢᠮᠲᠠᠯᠠᠵᠦ᠂ ︽ᠠᠵᠢᠯ ᠤᠯᠭᠤᠯᠲᠠ ᠎ ᠶᠢᠨ ᠲᠤᠭᠳᠠᠭᠤᠨ︾᠂ ︽ᠮᠦᠩᠭᠦᠨ ᠭᠦᠢᠯᠭᠡᠭᠡᠨ ᠤ ᠲᠤᠭᠲᠠᠭᠤᠨ︾᠂ ︽ᠭᠠᠳᠠᠭᠠᠳᠤ ᠠᠷᠠᠯᠵᠢᠶ᠎ᠠ ᠶᠢᠨ ᠲᠤᠭᠲᠠᠭᠤᠨ︾᠂ ︽ᠭᠠᠳᠠᠭᠠᠳᠤ ᠪᠡᠯᠡ ᠮᠦᠩᠭᠦ ᠶᠢᠨ ᠲᠤᠭᠲᠠᠭᠤᠨ︾᠂ ︽ᠪᠡᠯᠡ ᠤᠷᠤᠭᠤᠯᠤᠯᠲᠠ ᠶᠢᠨ ᠲᠤᠭᠲᠠᠭᠤᠨ︾᠂ ︽ᠵᠢᠱᠢᠯᠲᠡ ᠶᠢᠨ ᠲᠤᠭᠲᠠᠭᠤᠨ︾ ᠵᠡᠷᠭᠡ ︽ᠵᠢᠷᠭᠤᠭᠠᠨ ᠲᠤᠭᠲᠠᠭᠤᠨ︾᠎ ᠤ ᠲᠦᠷᠦ ᠶᠢᠨ ᠪᠤᠳᠤᠯᠭ᠎ᠠ ᠶᠢ ᠲᠦᠯᠬᠢᠨ ᠠᠬᠢᠭᠤᠯᠵᠦ᠂ ᠨᠡᠬᠡᠬᠡᠯᠳᠡ ᠶᠢ ᠦᠷᠭᠡᠳᠭᠡᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠎ ᠶᠢᠨ ᠴᠢᠨᠠᠷ ᠲᠠᠢ ᠦᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠤᠳᠠᠳᠤ ᠠᠵᠦ ᠠᠬᠤᠢ ᠶᠢ ᠬᠦᠭᠵᠢᠭᠦᠯᠦᠨ᠂ ᠠᠷᠠᠳ ᠠᠴᠠ ᠡᠷᠬᠢᠯᠡᠭᠰᠡᠨ ᠠᠵᠦ ᠠᠬᠤᠢ ᠶᠢ ᠪᠤᠵᠠᠭᠠᠶᠢᠷᠠᠭᠤᠯᠬᠤ ᠵᠡᠷᠭᠡ ᠶᠢ ᠳᠡᠮᠵᠢᠬᠦ ᠬᠦᠴᠦᠯᠡᠴᠡ ᠎ ᠪᠠᠨ ᠲᠠᠰᠤᠷᠠᠯᠲᠡ ᠦᠭᠡᠢ ᠴᠢᠩᠭᠠᠳᠬᠠᠵᠦ᠂ ᠵᠠᠬ᠎ᠠ ᠳᠡᠯᠭᠡᠭᠦᠷ ᠤᠨ ᠢᠳᠡᠭᠡᠯ ᠵᠤᠷᠢᠭ ᠬᠦᠪᠴᠢᠯᠡᠭᠳᠡᠵᠦ᠂ ᠠᠵᠦ ᠠᠬᠤᠢ ᠲᠤᠭᠲᠠᠭᠤᠨ ᠡᠷᠡᠭᠦᠯ ᠢᠶᠠᠷ ᠬᠦᠭᠵᠢᠬᠦ ᠳᠤ  ᠬᠦᠴᠦᠳᠤ ᠲᠦᠰᠢᠭ ᠲᠤᠯᠭᠠᠭᠤᠷᠢ ᠬᠠᠩᠭᠠᠵᠦ ᠦᠭᠴᠡᠢ᠃ ᠦᠪᠡᠷᠳᠡᠭᠡᠨ ᠵᠠᠰᠠᠬᠤ ᠤᠷᠤᠨ ᠠᠴᠠ ᠬᠠᠳᠤᠨ ᠭᠤᠤᠯ ᠤᠨ ᠳᠠᠭᠠᠤ ᠠᠵᠦ ᠠᠬᠤᠢ ᠶᠢᠨ ᠤᠷᠤᠨ ᠤ ᠪᠦᠲᠦᠭᠡᠨ ᠪᠠᠶᠢᠭᠤᠯᠤᠯᠲᠡ ᠶᠢ ᠨᠢᠭᠡᠳᠤᠯᠲᠠᠢ ᠲᠦᠯᠦᠪᠵᠢᠭᠦᠯᠦᠨ᠂ ᠦᠬᠠᠢ ᠵᠢᠴᠢ ᠡᠷᠭᠢᠨ ᠲᠤᠭᠤᠷᠢᠨ ᠤ ᠭᠠᠵᠠᠷ ᠤᠷᠤᠨ ᠤ ᠬᠡᠯᠪᠡᠷᠢ ᠪᠠᠨ ᠬᠤᠪᠢᠷᠠᠭᠤᠯᠦᠨ ᠬᠦᠭᠵᠢᠬᠦ ᠶᠢ ᠤᠯᠠᠮ ᠨᠢᠭᠡ ᠠᠯᠬᠤᠮ ᠳᠡᠮᠵᠢᠵᠦ᠂ ᠰᠠᠭᠤᠷᠢ ᠲᠦᠭᠦᠭᠡᠷᠤᠮᠵᠢ᠂ ᠠᠵᠦ ᠦᠢᠡᠯᠰ ᠤᠨ ᠬᠦᠭᠵᠢᠯᠲᠡ᠂ ᠰᠢᠨᠵᠢᠯᠡᠭᠡ ᠮᠡᠷᠭᠡᠵᠢᠯ ᠤᠨ ᠰᠢᠨᠡᠴᠢᠯᠡᠯᠲᠡ᠂ ᠠᠮᠢ ᠠᠬᠤᠢ ᠤᠷᠴᠢᠨ ᠲᠤᠭᠤᠷᠢᠨ᠂ ᠤᠯᠠᠨ ᠨᠡᠶᠢᠳᠡ ᠎ ᠶᠢᠨ ᠦᠢᠯᠡᠴᠢᠯᠡᠭᠡ ᠵᠡᠷᠬᠡ ᠬᠦᠷᠢᠶᠡᠨ ᠳᠠᠬᠢ ᠪᠡᠯᠡ ᠤᠷᠤᠭᠤᠯᠤᠯᠲᠡ ᠪᠠᠨ ᠵᠤᠬᠢᠰᠲᠠᠢ ᠨᠡᠮᠡᠭᠳᠡᠭᠦᠯᠵᠦ᠂ ᠮᠠᠨ ᠤ ᠲᠤᠭᠤᠷᠢᠭ ᠤᠨ ᠬᠦᠭᠵᠢᠯᠲᠡ ᠶᠢᠨ ᠲᠤᠲᠠᠭᠳᠠᠯ ᠢᠶᠠᠨ ᠲᠦᠷᠭᠡᠨ ᠨᠦᠬᠦᠵᠦ᠂ ᠠᠵᠦ ᠦᠢᠯᠡᠰ ᠤᠨ ᠬᠡᠯᠪᠡᠷᠢ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠬᠤ ᠳᠤ ᠣᠯᠳᠠᠰᠢ ᠦᠭᠡᠢ ᠵᠠᠪᠰᠢᠶᠠᠨ ᠢ ᠣᠯᠭᠤᠵᠠᠢ᠃ ᠦᠬᠠᠢ ᠬᠤᠲᠡ ᠭᠠᠳᠠᠭᠠᠳᠤ ᠨᠡᠬᠡᠬᠡᠯᠲᠡ ᠶᠢᠨ ᠠᠬᠢᠴᠠ ᠪᠠᠨ ᠲᠦᠷᠭᠡᠳᠭᠡᠨ᠂ ︽ᠲᠠᠪᠤᠨ ᠤᠷᠤᠨ︾᠎ ᠢ ᠪᠦᠲᠦᠭᠡᠨ ᠪᠠᠶᠢᠭᠤᠯᠬᠤ ᠶᠢ ᠭᠦᠨᠵᠡᠭᠡᠢ ᠠᠬᠢᠭᠤᠯᠵᠦ᠂ ᠠᠮᠢᠵᠢᠷᠠᠯ ᠤᠨ ᠬᠦᠴᠦᠨ ᠢ ᠦᠳᠤᠭᠡᠬᠦ ᠴᠢᠬᠤᠯᠠ ᠠᠷᠭ᠎ᠠ ᠠᠪᠴᠠᠯ ᠵᠠᠯᠭᠠᠯᠳᠤᠭ᠎ᠠ ᠪᠠᠷ ᠭᠠᠷᠴᠦ ᠢᠷᠡᠵᠦ᠂ ᠢᠳᠡᠪᠬᠢᠲᠠᠢ ᠪᠠᠷ ᠬᠦᠭᠵᠢᠭᠰᠡᠨ ᠤᠷᠤᠨ ᠤ ᠠᠵᠦ ᠦᠢᠯᠡᠰ ᠤᠨ ᠰᠢᠯᠵᠢᠯᠲᠡ ᠎ ᠶᠢᠨ ᠲᠦᠷᠦᠯ ᠵᠦᠢᠯ ᠢ ᠵᠠᠯᠭᠠᠯᠳᠤᠭ᠎ᠠ ᠪᠠᠷ ᠬᠡᠷᠡᠭᠵᠢᠭᠦᠯᠵᠦ᠂ ᠮᠠᠨ ᠤ ᠲᠤᠭᠤᠷᠢᠭ ᠤᠨ ᠠᠵᠦ ᠦᠢᠯᠡᠰ ᠤᠨ ᠴᠢᠨᠠᠷ ᠰᠠᠶᠢᠲᠠᠢ ᠬᠦᠭᠵᠢᠬᠦ ᠳᠤ ᠨᠡᠩ ᠦᠷᠭᠡᠨ ᠲᠠᠪᠴᠠᠩ ᠬᠠᠩᠭᠠᠵᠦ᠂ ᠬᠦᠴᠦᠷᠬᠡᠭ ᠶᠡᠭᠡ ᠬᠦᠳᠡᠯᠭᠡᠬᠦ ᠬᠦᠴᠦᠨ ᠤᠯᠭᠤᠵᠠᠢ ᠃ ᠪᠢᠳᠡ ᠵᠠᠪᠰᠢᠶᠠᠨ ᠢ ᠴᠢᠩᠭ᠎ᠠ ᠠᠳᠬᠤᠵᠦ᠂ ᠪᠤᠯᠭᠤᠮᠵᠢᠲᠠᠢ ᠪᠠᠷ ᠦᠷᠢᠰᠦᠯᠳᠤᠭᠡᠨ ᠢ ᠠᠷᠭᠠᠴᠠᠭᠠᠵᠦ᠂ ᠪᠦᠬᠦ ᠬᠦᠴᠦᠨ ᠢᠶᠠᠷ ᠢᠶᠠᠨ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠲᠦᠯᠬᠢᠨ ᠠᠬᠢᠭᠤᠯᠤᠨ᠎ᠠ᠃       ᠬᠤᠶᠠᠷ᠂ 2019 ᠤᠨ ᠤ ᠠᠵᠢᠯ ᠤᠨ ᠲᠤᠬᠢᠷᠠᠭᠤᠯᠤᠯᠲᠡ       2019 ᠤᠨ ᠪᠤᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠡᠨ 70 ᠵᠢᠯ ᠤᠨ ᠤᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠵᠠᠩᠬᠢᠯᠠᠭ᠎ᠠ ᠶᠢᠨ ᠵᠢᠯ᠃ ᠵᠠᠰᠠᠭ ᠤᠨ ᠤᠷᠳᠤᠨ ᠤ ᠠᠵᠢᠯ ᠤᠨ ᠶᠡᠷᠤᠩᠬᠡᠢ ᠱᠠᠭᠠᠷᠲᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠪᠠ ᠠᠷᠪᠠ ᠶᠢᠰᠦᠳᠤᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠲᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠲᠦᠪ ᠤᠨ ᠠᠵᠦ ᠠᠬᠤᠢ ᠶᠢᠨ ᠬᠤᠷᠠᠯᠳᠤᠭᠠᠨ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠲᠤᠯᠤᠳᠤᠭᠠᠷ᠂ ᠨᠠᠢᠮᠠᠳᠤᠭᠠᠷ ᠪᠦᠭᠦᠳᠡ ᠬᠤᠷᠠᠯ ᠵᠢᠴᠢ ᠪᠦᠬᠦ ᠤᠷᠤᠨ ᠤ ᠠᠵᠦ ᠠᠬᠤᠢ ᠶᠢᠨ ᠬᠤᠷᠠᠯᠳᠤᠭᠠᠨ᠂ ᠬᠤᠲᠡ ᠶᠢᠨ ᠨᠠᠮ ᠤᠨ ᠬᠤᠷᠢᠶᠠᠨ ᠤ ᠳᠤᠯᠤᠳᠤᠭᠠᠷ ᠬᠤᠭᠤᠴᠠᠭᠠᠨ ᠤ ᠳᠤᠯᠤᠳᠤᠭᠠᠷ ᠪᠦᠭᠦᠳᠡ ᠬᠤᠷᠠᠯ ᠵᠢᠴᠢ ᠪᠦᠬᠦ ᠬᠤᠲᠡ ᠶᠢᠨ ᠠᠵᠦ ᠠᠬᠤᠢ ᠶᠢᠨ ᠬᠤᠷᠠᠯᠳᠤᠭᠠᠨ ᠪᠤᠯᠦᠨ ᠲᠤᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠲᠠ ᠶᠢ ᠨᠢᠭᠡᠳᠤᠯᠲᠠᠢ ᠲᠦᠯᠦᠪᠯᠡᠨ ᠠᠬᠢᠭᠤᠯᠵᠦ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠭᠤᠯᠤᠨ ᠠᠬᠢᠭᠤᠯᠵᠦ᠂ ᠯᠠᠪᠳᠠᠭᠤᠨ ᠢᠶᠠᠷ ᠤᠷᠤᠭᠰᠢ ᠳᠠᠪᠰᠢᠬᠤ ᠠᠵᠢᠯ ᠤᠨ ᠶᠡᠷᠤᠩᠬᠡᠢ ᠦᠵᠡᠯᠲᠡ ᠶᠢ ᠪᠠᠷᠢᠮᠳᠠᠯᠠᠵᠦ᠂ ᠰᠢᠨ᠎ᠡ ᠬᠦᠭᠵᠢᠯᠲᠡ ᠎ ᠶᠢᠨ ᠤᠶᠢᠯᠠᠭᠠᠭᠳᠠᠬᠤᠨ ᠢ ᠦᠢᠯᠡᠳᠤᠯᠭᠡᠵᠢᠭᠦᠯᠵᠦ᠂ ᠴᠢᠨᠠᠷ ᠰᠠᠶᠢᠲᠠᠢ ᠬᠦᠭᠵᠢᠯᠲᠡ ᠶᠢ ᠲᠦᠯᠬᠢᠨ ᠠᠬᠢᠭᠤᠯᠬᠤ ᠶᠢ ᠪᠠᠷᠢᠮᠲᠠᠯᠠᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠰᠢᠵᠢᠮ ᠪᠤᠯᠭᠠᠬᠤ ᠶᠢ ᠪᠠᠷᠢᠮᠲᠠᠯᠠᠵᠦ᠂ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠦ᠂ ᠳᠡᠭᠡᠳᠤ ᠬᠢᠷᠢ ᠲᠦᠪᠰᠢᠨ ᠪᠦᠬᠦᠢ ᠨᠡᠬᠡᠬᠡᠯᠲᠡ ᠶᠢ ᠦᠷᠭᠡᠳᠭᠡᠨ᠂ ᠤᠳᠤᠬᠢᠴᠢᠯᠠᠭᠰᠠᠨ ᠠᠵᠦ ᠠᠬᠤᠢ ᠶᠢᠨ ᠰᠢᠰᠲ᠋ᠧᠮ ᠎ ᠢ ᠪᠠᠶᠢᠭᠤᠯᠬᠤ ᠶᠢ ᠲᠦᠷᠭᠡᠳᠭᠡᠵᠦ᠂ ᠪᠢᠴᠢᠯ ᠪᠡᠶ᠎ᠡ ᠴᠤᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠬᠦᠭᠵᠢᠭᠡᠵᠦ᠂ ᠬᠤᠲᠡ ᠶᠢᠨ ᠨᠠᠮ ᠤᠨ ᠬᠤᠷᠢᠶᠠᠨ ᠤ ︽ᠨᠢᠭᠡ ᠶᠡᠷᠤᠩᠬᠡᠶᠢᠯᠡᠨ ᠵᠠᠰᠠᠬᠤ᠂ ᠨᠢᠭᠡ ᠦᠨᠳᠤᠰᠦᠨ ᠱᠠᠭᠠᠷᠲᠠᠯᠭ᠎ᠠ᠂ ᠬᠤᠶᠠᠷ ᠬᠦᠴᠦᠯᠡᠴᠡ᠂ ᠲᠠᠪᠤᠨ ᠤᠷᠤᠨ ᠢ ᠪᠦᠲᠦᠭᠡᠨ ᠪᠠᠶᠢᠭᠤᠯᠬᠤ︾ ᠬᠦᠭᠵᠢᠯᠲᠡ ᠶᠢᠨ ᠰᠡᠳᠬᠢᠴᠡ ᠎ ᠶᠢᠨ ᠱᠠᠭᠠᠷᠲᠠᠯᠭ᠎ᠠ ᠶᠤᠰᠤᠭᠠᠷ᠂ ᠨᠡᠮᠡᠭᠳᠡᠯ ᠢ ᠲᠤᠭᠲᠠᠪᠦᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠎ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠤᠯᠲᠠᠢ ᠲᠦᠯᠦᠪᠯᠡᠨ ᠠᠬᠢᠭᠤᠯᠵᠦ᠂ ᠦᠷᠭᠦᠯᠵᠢᠯᠡᠨ ᠭᠤᠷᠪᠠᠨ ᠶᠡᠭᠡ ᠪᠤᠭᠤᠮᠲᠡ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠵᠦ᠂ ᠪᠦᠬᠦ ᠬᠦᠴᠦᠨ ᠢᠶᠠᠷ ᠢᠶᠠᠨ ᠠᠵᠢᠯ ᠤᠯᠭᠤᠯᠲᠠ ᠶᠢᠨ ᠲᠤᠭᠳᠠᠭᠤᠨ᠂ ᠮᠦᠩᠭᠦᠨ ᠭᠦᠢᠯᠭᠡᠭᠡᠨ ᠤ ᠲᠤᠭᠲᠠᠭᠤᠨ᠂ ᠭᠠᠳᠠᠭᠠᠳᠤ ᠠᠷᠠᠯᠵᠢᠶ᠎ᠠ ᠶᠢᠨ ᠲᠤᠭᠲᠠᠭᠤᠨ᠂ ᠭᠠᠳᠠᠭᠠᠳᠤ ᠪᠡᠯᠡ ᠮᠦᠩᠭᠦ ᠶᠢᠨ ᠲᠤᠭᠲᠠᠭᠤᠨ᠂ ᠪᠡᠯᠡ ᠤᠷᠤᠭᠤᠯᠤᠯᠲᠠ ᠶᠢᠨ ᠲᠤᠭᠲᠠᠭᠤᠨ᠂ ᠲᠦᠯᠦᠪᠯᠡᠭᠡ ᠶᠢᠨ ᠲᠤᠭᠲᠠᠭᠤᠨ ᠪᠠᠶᠢᠯᠭᠠᠬᠤ ᠶᠢ ᠬᠠᠮᠠᠭᠠᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠴᠦᠰ ᠤᠨ ᠰᠢᠢᠳᠪᠦᠷᠢᠳᠤ ᠰᠠᠭᠤᠷᠢ ᠶᠢ ᠲᠠᠯᠪᠢᠵᠦ᠂ ᠰᠢᠯᠢᠳᠡᠭ ᠠᠮᠵᠢᠯᠲᠡ ᠪᠠᠷ ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠡᠨ 70 ᠵᠢᠯ ᠤᠨ ᠤᠢ ᠶᠢ ᠪᠡᠯᠭᠡᠯᠡᠨ᠎ᠡ᠃        2019 ᠤᠨ ᠤ ᠮᠠᠨ ᠤ ᠲᠤᠭᠤᠷᠢᠭ ᠤᠨ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠪᠤᠯᠬᠤ ᠵᠢᠱᠢᠭᠰᠡᠨ ᠬᠠᠷᠠᠯᠲᠡ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠠᠷᠦᠩᠭᠡᠢ ᠦᠰᠦᠯᠲᠡ 6.5 %  ᠬᠦᠷᠴᠦ᠂ ᠲᠤᠭᠳᠠᠮᠡᠯ ᠬᠦᠷᠤᠩᠭᠡ ᠶᠢᠨ ᠪᠡᠯᠡ ᠤᠷᠤᠭᠤᠯᠤᠯᠲᠠ ᠶᠢᠨ ᠦᠰᠦᠯᠲᠡ 10%᠎ ᠢ ᠪᠡᠶᠡᠯᠡᠭᠦᠯᠵᠦ᠂ ᠨᠡᠶᠢᠲᠡ ᠶᠢᠨ ᠡᠳ᠋ ᠎ ᠤᠨ ᠵᠠᠰᠠᠭ ᠤᠨ ᠲᠦᠰᠦᠪ ᠤᠨ ᠤᠷᠤᠯᠭ᠎ᠠ 12 %᠎ ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠤᠯᠲᠡ ᠶᠢᠨ ᠶᠡᠷᠦᠩᠭᠡᠢ ᠬᠡᠮᠵᠢᠶ᠎ᠡ 6.6%᠎ ᠪᠠᠷ ᠨᠡᠮᠡᠭᠳᠡᠵᠦ᠂ ᠬᠤᠲᠡ ᠪᠠᠯᠭᠠᠰᠤ ᠶᠢᠨ ᠰᠠᠭᠤᠭᠠᠯᠢ ᠠᠷᠠᠳ ᠎ ᠤᠨ ᠬᠦᠮᠦᠨ ᠲᠤᠮᠳᠠᠴᠢ ᠶᠢᠨ ᠥᠪᠡᠷ ᠢᠶᠠᠨ ᠡᠵᠡᠮᠳᠡᠵᠦ ᠪᠤᠯᠬᠤ ᠤᠷᠤᠯᠭ᠎ᠠ 6 %᠎ ᠪᠠᠷ ᠨᠡᠮᠡᠭᠳᠡᠵᠤ᠂ ᠲᠠᠷᠢᠶᠠᠯᠠᠬᠤ ᠤᠷᠤᠨ ᠤ ᠬᠦᠮᠦᠨ ᠲᠤᠮᠳᠠᠴᠢ ᠶᠢᠨ ᠥᠪᠡᠷ ᠢᠶᠠᠨ ᠡᠵᠡᠮᠳᠡᠵᠦ ᠪᠤᠯᠬᠤ ᠤᠷᠤᠯᠭ᠎ᠠ 7%᠎ ᠪᠠᠷ ᠨᠡᠮᠡᠭᠳᠡᠨ᠎ᠡ᠂ ᠡᠨᠧᠷᠬᠢ ᠠᠷᠪᠢᠯᠠᠵᠦ ᠪᠤᠬᠢᠷᠳᠤᠯ ᠢ ᠪᠠᠭᠠᠰᠬᠠᠬᠤ ᠬᠡᠮᠵᠢᠶ᠎ᠡ ᠨᠢ ᠦᠪᠡᠷᠳᠡᠭᠡᠨ ᠵᠠᠰᠠᠬᠤ ᠤᠷᠤᠨ ᠤ ᠡᠵᠡᠮᠳᠡᠵᠦ ᠪᠠᠶᠢᠬᠤ ᠪᠠᠷᠢᠮᠵᠢᠶᠠᠨ ᠳᠤ ᠬᠢᠵᠠᠭᠠᠷᠯᠠᠨ᠎ᠠ᠃       ᠳᠡᠭᠡᠷ᠎ᠡ ᠳᠤᠷᠠᠳᠤᠭᠰᠡᠨ ᠬᠠᠷᠠᠯᠲᠡ ᠶᠢ ᠪᠡᠶᠡᠯᠡᠭᠦᠯᠬᠦ ᠳᠤ᠂ ᠪᠢᠳᠡ ᠨᠠᠮ ᠤᠨ ᠲᠦᠪ ᠬᠤᠷᠢᠶᠠᠨ ᠤ ᠵᠠᠷᠯᠢᠭ ᠢ ᠡᠷᠡᠰ ᠰᠢᠭᠤᠷᠬᠠᠢ ᠰᠤᠨᠤᠰᠴᠦ᠂ ︽ᠵᠢᠷᠭᠤᠭᠠᠨ ᠲᠤᠭᠲᠠᠭᠤᠨ︾᠎ ᠤ ᠳᠡᠭᠡᠷ᠎ᠡ ᠪᠤᠳᠠᠳᠤ ᠠᠷᠭ᠎ᠠ ᠠᠪᠴᠠᠯ ᠭᠠᠷᠭᠠᠵᠦ᠂ ︽ᠪᠠᠬᠢᠵᠢᠭᠦᠯᠬᠦ᠂ ᠴᠢᠩᠭᠠᠳᠬᠠᠬᠤ᠂ ᠳᠡᠭᠡᠭᠰᠢᠯᠡᠭᠦᠯᠬᠦ᠂ ᠰᠠᠭᠠᠳ ᠦᠭᠡᠢ ᠨᠡᠪᠲᠡᠷᠡᠬᠦ︾ ᠳᠡᠭᠡᠷ᠎ᠡ ᠬᠦᠴᠦ ᠤᠷᠤᠭᠤᠯᠵᠦ ᠂ ᠭᠤᠷᠪᠠᠨ ᠶᠡᠭᠡ ᠪᠤᠭᠤᠮᠲᠡ ᠰᠢᠪᠳᠤᠯᠬᠤ ᠳᠠᠶᠢᠯᠠᠯᠳᠤᠭᠠᠨ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠵᠦ᠂ ᠴᠢᠨᠠᠷ ᠰᠠᠶᠢᠲᠠᠢ ᠬᠦᠭᠵᠢᠯᠲᠡ ᠳᠡᠭᠡᠷ᠎ᠡ ᠬᠦᠴᠦ ᠪᠠᠨ ᠨᠢᠭᠲᠠᠷᠠᠭᠤᠯᠵᠦ᠂ ᠲᠤᠭᠲᠠᠮᠡᠯ ᠬᠦᠴᠦᠨ ᠢ ᠪᠠᠲᠤᠯᠠᠵᠦ᠂ ᠴᠢᠩᠭ᠎ᠠ ᠠᠳᠬᠤᠵᠦ ᠰᠢᠷᠭᠠᠭᠤ ᠠᠵᠢᠯᠯᠠᠵᠦ᠂ ᠪᠦᠬᠦ ᠬᠦᠴᠦᠨ ᠢᠶᠠᠷ ᠢᠶᠠᠨ ᠲᠤᠤᠷᠠᠬᠢ ᠳᠤᠯᠤᠭᠠᠨ ᠲᠠᠯ᠎ᠠ ᠶᠢᠨ ᠠᠵᠢᠯ ᠢ ᠰᠠᠶᠢᠲᠤᠷ ᠬᠢᠨ᠎ᠡ᠃       ︵ᠨᠢᠭᠡ︶ ᠠᠰᠠᠭᠤᠳᠠᠯ ᠢ ᠤᠨᠤᠪᠴᠢᠲᠠᠢ ᠡᠷᠢᠵᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠪᠦᠬᠦ ᠬᠦᠴᠦᠨ ᠢᠶᠠᠷ ᠢᠶᠠᠨ ᠭᠤᠷᠪᠠᠨ ᠶᠡᠭᠡ ᠪᠤᠭᠤᠮᠲᠡ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠨ᠎ᠡ        ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠨ᠎ᠡ᠃ ︽ᠪᠠᠳᠤ ᠴᠢᠩᠭ᠎ᠠ᠂ ᠡᠵᠡᠮᠰᠢᠯᠳᠤ᠂ ᠡᠮᠬᠢ ᠲᠢᠭᠯᠡᠮ᠂ ᠲᠤᠬᠢᠷᠠᠮᠵᠢᠲᠠᠢ︾ ᠱᠠᠭᠠᠷᠲᠠᠯᠭ᠎ᠠ ᠶᠢ ᠨᠠᠶᠢᠳᠠᠪᠦᠷᠢᠵᠢᠭᠤᠯᠵᠦ᠂ ᠳᠠᠯᠳᠠ ᠦᠷᠢ ᠦᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠨ᠂ ᠵᠢᠭᠡᠯᠡᠯᠭᠡ ᠶᠢᠨ ᠲᠡᠮᠲᠡᠭᠳᠤ ᠪᠡᠯᠡ ᠮᠦᠩᠭᠦ ᠶᠢ ᠢᠳᠡᠪᠬᠢᠲᠠᠢ ᠲᠡᠮᠡᠴᠡᠨ ᠤᠯᠵᠦ᠂ ᠬᠠᠳᠠᠭᠠᠯᠠᠮᠵᠢ ᠶᠢᠨ ᠬᠦᠷᠦᠩᠭᠡ ᠶᠢ ᠠᠮᠢᠳᠤᠯᠢᠭ ᠪᠤᠯᠭᠠᠬᠤ ᠵᠡᠷᠭᠡ ᠠᠷᠭ᠎ᠠ ᠬᠡᠮᠵᠢᠶ᠎ᠡ ᠠᠪᠴᠦ᠂ ᠵᠠᠰᠠᠭ ᠤᠨ ᠤᠷᠳᠤᠨ ᠤ ᠦᠷᠢ ᠦᠭᠴᠡᠭᠡ ᠶᠢ ᠯᠠᠪᠳᠠᠭᠤᠨ ᠢᠶᠠᠷ ᠠᠷᠢᠯᠭᠠᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠪᠠ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ ᠬᠠᠤᠯᠢ ᠪᠤᠰᠦ ᠪᠠᠷ ᠪᠡᠯᠡ ᠮᠦᠩᠭᠦ ᠴᠤᠭᠯᠠᠭᠤᠯᠬᠤ ᠵᠡᠷᠭᠡ ᠬᠠᠤᠯᠢ ᠲᠤᠭᠲᠠᠭᠠᠯ ᠢ ᠵᠦᠷᠢᠴᠡᠭᠰᠡᠨ ᠮᠦᠩᠭᠦᠨ ᠭᠦᠢᠯᠭᠡᠭᠡᠨ ᠤ ᠠᠵᠢᠯᠯᠠᠭ᠎ᠠ ᠶᠢ ᠡᠷᠡᠰ ᠰᠡᠷᠭᠡᠶᠢᠯᠡᠨ ᠴᠢᠩᠭ᠎ᠠ ᠴᠤᠬᠢᠯᠲᠡ ᠦᠭᠴᠦ᠂ ᠰᠢᠰᠲ᠋ᠧᠮᠵᠢᠭᠰᠡᠨ ᠴᠢᠨᠠᠷᠲᠠᠢ ᠮᠦᠩᠭᠦᠨ ᠭᠦᠢᠯᠭᠡᠭᠡᠨ ᠤ ᠲᠦᠭᠰᠢᠭᠦᠷᠢ ᠡᠭᠦᠰᠬᠦ ᠦᠭᠡᠢ ᠬᠤᠷᠢᠭ᠎ᠠ ᠱᠤᠭᠤᠮ ᠢ ᠪᠠᠳᠤ ᠰᠠᠬᠢᠨ᠎ᠠ᠃ ᠨᠡᠶᠢᠭᠡᠮ ᠤᠨ ᠶᠡᠭᠡ ᠲᠠᠯ᠎ᠠ ᠶᠢᠨ ᠲᠤᠭᠲᠠᠭᠤᠨ ᠠᠮᠤᠷ ᠲᠦᠪᠰᠢᠨ ᠢ ᠬᠠᠮᠠᠭᠠᠯᠠᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠠᠶᠤᠯ ᠲᠦᠭᠰᠢᠭᠦᠷᠢ ᠶᠢ ᠤᠷᠢᠳᠴᠢᠯᠡᠨ ᠮᠠᠭᠠᠳᠯᠠᠵᠦ᠂ ᠢᠯᠭᠠᠷᠠᠭᠤᠯᠤᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠠᠢ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠡ ᠶᠢ ᠡᠬᠢᠯᠡᠭᠦᠯᠵᠦ᠂ ᠢᠳᠡᠭᠡᠨ ᠤ ᠵᠦᠢᠯ ᠪᠠ ᠡᠮ ᠤᠨ ᠵᠦᠢᠯ ᠤᠨ ᠨᠠᠷᠢᠯᠢᠭᠵᠢᠭᠤᠯᠤᠭᠰᠡᠨ ᠬᠢᠨᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠬᠢᠳᠠᠯ ᠰᠤᠷᠪᠤᠯᠵᠢᠯᠠᠯ ᠎ ᠤᠨ ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠦᠷᠢᠵᠢᠭᠤᠯᠵᠦ᠂ ᠲᠤᠭᠤᠷᠢᠭ ᠲᠤ ᠬᠠᠷᠢᠶᠠᠯᠠᠭᠳᠠᠬᠤ ᠵᠠᠬᠢᠳᠠᠯ ᠰᠤᠷᠪᠤᠯᠵᠢᠯᠠᠯ ᠤᠨ ᠬᠡᠷᠡᠭ ᠢ ᠰᠡᠳᠬᠢᠯ ᠲᠠᠯᠪᠢᠨ ᠰᠠᠨᠠᠭ᠎ᠠ ᠲᠠᠯᠪᠢᠨ ᠬᠦᠴᠦ ᠵᠠᠷᠤᠴᠠᠭᠤᠯᠵᠦ ᠠᠷᠢᠯᠭᠠᠨ᠎ᠠ᠃ ᠵᠤᠭᠤᠰ ᠦᠷᠢᠳᠤᠵᠦ ᠪᠠᠶᠢᠭ᠎ᠠ ᠰᠠᠯᠠᠭ᠎ᠠ ᠮᠦᠴᠢᠷ ᠤᠨ ᠬᠠᠮᠢᠶᠠᠷᠤᠯᠲᠡ ᠶᠢᠨ ᠠᠵᠢᠯ ᠎ ᠤᠨ ᠡᠷᠴᠢᠮ ᠢᠶᠠᠨ ᠴᠢᠩᠭᠠᠷᠠᠭᠤᠯᠵᠦ᠂ ᠬᠦᠯᠦᠰᠦᠨ ᠠᠵᠢᠯᠴᠢᠨ ᠤ ᠬᠦᠳᠡᠯᠮᠤᠷᠢ ᠶᠢᠨ ᠪᠠᠳᠤᠯᠠᠭ᠎ᠠ ᠶᠢᠨ ᠡᠷᠬᠡ ᠠᠰᠢᠭ ᠎ ᠢ ᠬᠠᠮᠠᠭᠠᠯᠠᠨ᠎ᠠ᠃ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠦᠷᠨᠢᠭᠦᠯᠵᠦ᠂ ᠪᠦᠬᠦ ᠬᠦᠴᠦᠨ ᠢᠶᠠᠷ ᠢᠶᠠᠨ ᠬᠠᠮᠤᠭ ᠤᠨ ᠠᠮᠤᠷ ᠲᠦᠪᠰᠢᠨ ᠬᠤᠲᠡ ᠲᠤᠭᠤᠷᠢᠭ ᠢ ᠪᠦᠲᠦᠭᠡᠨ ᠪᠠᠶᠢᠭᠤᠯᠤᠨ᠎ᠠ᠃        ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠵᠠᠩᠬᠢᠯᠠᠭ᠎ᠠ ᠶᠢᠨ ᠴᠡᠭ ᠢ ᠠᠳᠬᠤᠨ᠎ᠠ᠃ ᠶᠠᠳᠠᠭᠤ ᠎ ᠠᠴᠠ ᠠᠩᠬᠢᠵᠢᠷᠠᠭᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠵᠦ ᠦᠢᠯᠡᠰ ᠢᠶᠠᠷ ᠶᠠᠳᠠᠭᠤ ᠶᠢ ᠳᠡᠳᠭᠦᠬᠦ ᠪᠠᠷ ᠭᠠᠷᠳᠠᠯ ᠪᠤᠯᠭᠠᠵᠦ᠂ 800 ᠲᠦᠮᠡᠨ ᠲᠦᠭᠦᠷᠢᠭ ᠤᠨ ᠲᠦᠷᠦᠯ ᠵᠦᠢᠯ ᠤᠨ ᠪᠡᠯᠡ ᠮᠦᠩᠭᠦ ᠪᠠᠷ ᠠᠵᠦ ᠦᠢᠯᠡᠰ ᠤᠨ ᠦᠷ᠎ᠡ ᠠᠰᠢᠭ ᠢ ᠳᠠᠭᠠᠭᠤᠯᠤᠨ ᠪᠠᠳᠠᠷᠠᠭᠤᠯᠵᠦ᠂ ᠲᠤᠰᠬᠤᠨ ᠤ ᠬᠠᠮᠳᠤ ᠶᠢᠨ ᠠᠵᠦ ᠠᠬᠤᠢ ᠶᠢᠨ ᠶᠠᠰᠦ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠪᠠᠳᠤᠯᠠᠨ᠎ᠠ᠃ ᠶᠠᠳᠠᠭᠤ ᠶᠢ ᠳᠡᠳᠭᠦᠬᠦ ᠲᠤᠰᠬᠠᠢ ᠵᠦᠢᠯ ᠤᠨ ᠪᠡᠯᠡ ᠮᠦᠩᠭᠦ ᠶᠢ ᠴᠢᠩᠭ᠎ᠠ ᠬᠢᠨᠠᠨ ᠬᠠᠮᠢᠶᠠᠷᠴᠦ᠂ ᠰᠤᠷᠭᠠᠨ ᠬᠦᠮᠦᠵᠢᠯ᠂ ᠡᠮ ᠡᠮᠨᠡᠯᠭᠡ ᠵᠡᠷᠭᠡ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠠᠲᠤᠯᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠤᠶᠤᠨ ᠵᠤᠷᠢᠭ ᠬᠤᠶᠠᠷ ᠢ ᠤᠶᠠᠯᠳᠤᠭᠤᠯᠤᠨ ᠶᠠᠳᠠᠭᠤ ᠶᠢ ᠳᠡᠳᠭᠦᠵᠦ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠲᠤᠳᠤᠭᠠᠳᠤ ᠬᠦᠳᠡᠯᠭᠡᠬᠦ ᠬᠦᠴᠦᠨ ᠢ ᠬᠦᠭᠵᠢᠭᠡᠨ᠎ᠡ᠃ ᠳᠠᠩᠰᠠ ᠡᠪᠬᠡᠮᠡᠯ ᠪᠠᠶᠢᠭᠤᠯᠤᠨ ᠺᠠᠷᠲ᠋ᠠᠯᠠᠭᠰᠠᠨ ᠶᠠᠳᠠᠭᠤ ᠬᠦᠴᠢᠷᠳᠡᠯᠲᠠᠢ ᠡᠷᠤᠬᠡ ᠳᠤ ᠬᠦᠳᠡᠯᠤᠩᠭᠦᠢ ᠲᠤᠬᠢᠷᠠᠭᠤᠯᠤᠯᠲᠡ ᠬᠢᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ︽ᠡᠷᠬᠢᠨ ᠬᠠᠷᠠᠬᠤ︾ ᠠᠵᠢᠯ ᠢ ᠭᠦᠨᠵᠡᠭᠡᠢ ᠦᠷᠨᠢᠭᠦᠯᠦᠨ᠎ᠡ᠃        ᠤᠷᠴᠢᠨ ᠲᠤᠭᠤᠷᠢᠨ ᠤ ᠬᠠᠮᠠᠭᠠᠯᠠᠯᠲᠡ ᠶᠢ ᠰᠤᠯᠠᠷᠠᠭᠤᠯᠤᠯ ᠦᠭᠡᠢ ᠴᠢᠩᠭ᠎ᠠ ᠠᠳᠬᠤᠨ᠎ᠠ᠃ ᠲᠦᠪ ᠤᠨ ᠤᠷᠴᠢᠨ ᠠᠬᠤᠢ ᠶᠢᠨ ᠬᠠᠮᠠᠭᠠᠯᠠᠯᠲᠡ ᠶᠢᠨ ᠬᠢᠨᠠᠨ ᠪᠠᠶᠢᠴᠠᠭᠠᠯᠲᠡ ᠪᠠ ︽ᠡᠷᠬᠢᠨ ᠬᠠᠷᠠᠬᠤ︾᠎ ᠶᠢ ᠬᠠᠷᠢᠭᠤ ᠳᠤᠰᠬᠠᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠦ᠂ ︽ᠲᠦᠷᠪᠡᠨ ᠤᠬᠠᠮᠰᠡᠷ︾᠎ ᠢ ᠪᠠᠳᠤ ᠪᠠᠬᠢ ᠪᠤᠯᠭᠠᠵᠦ᠂ ︽ᠬᠤᠶᠠᠷ ᠢ ᠬᠠᠮᠠᠭᠠᠯᠠᠬᠤ︾ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠢᠯᠡᠳᠤᠯᠭᠡᠵᠢᠭᠦᠯᠵᠦ᠂ ᠬᠠᠮᠤᠭ ᠤᠨ ᠡᠷᠡᠰ ᠪᠠᠳᠤ ᠤᠪᠤᠷ᠂ ᠬᠠᠮᠤᠭ ᠤᠨ ᠬᠦᠴᠦᠲᠠᠢ ᠠᠷᠭ᠎ᠠ ᠬᠡᠮᠵᠢᠶ᠎ᠡ᠂ ᠬᠠᠮᠤᠭ ᠤᠨ ᠴᠢᠩᠭ᠎ᠠ ᠱᠠᠭᠠᠷᠲᠠᠯᠭ᠎ᠠ ᠎ ᠪᠠᠷ᠂ ᠪᠠᠷᠠᠭᠤᠨ ᠤᠷᠳᠤᠰ ᠤᠨ ᠪᠠᠶᠢᠭᠠᠯᠢ ᠶᠢᠨ ᠬᠠᠮᠠᠭᠠᠯᠠᠯᠲᠡ ᠶᠢᠨ ᠤᠷᠤᠨ ᠤ ᠠᠵᠦ ᠠᠬᠤᠶᠢᠯᠠᠯ ᠤᠨ ᠤᠬᠤᠷᠢᠵᠦ ᠭᠠᠷᠬᠤ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠭᠡᠵᠦ᠂ ᠲᠦᠪ ᠤᠨ ᠤᠷᠴᠢᠨ ᠠᠬᠤᠢ ᠶᠢᠨ ᠬᠠᠮᠠᠭᠠᠯᠠᠯᠲᠡ ᠶᠢᠨ ᠬᠢᠨᠠᠨ ᠪᠠᠶᠢᠴᠠᠭᠠᠯᠲᠡ ᠪᠠ ︽ᠡᠷᠬᠢᠨ ᠬᠠᠷᠠᠬᠤ︾ ᠪᠠᠶᠢᠴᠠᠭᠠᠯᠲᠡ ᠶᠢᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠤᠷᠢᠳᠴᠢᠯᠡᠨ ᠪᠡᠶᠡᠯᠡᠭᠦᠯᠦᠨ᠎ᠡ᠃ ᠮᠠᠨ ᠤ ᠲᠤᠭᠤᠷᠢᠭ ᠤᠨ ᠪᠤᠬᠢᠷᠲᠤᠯ ᠢ ᠰᠡᠷᠭᠡᠶᠢᠯᠡᠨ ᠵᠠᠰᠠᠬᠤ ᠪᠤᠭᠤᠮᠲᠡ ᠰᠢᠪᠳᠤᠯᠬᠤ ᠭᠤᠷᠪᠠᠨ ᠵᠢᠯ ᠤᠨ ᠲᠦᠯᠦᠪᠯᠡᠭᠡ ᠶᠢᠨ ᠶᠤᠰᠤᠭᠠᠷ᠂ 35 ᠵᠦᠢᠯ ᠤᠨ ᠠᠵᠢᠯ ᠤᠨ ᠡᠭᠦᠷᠭᠡ ᠶᠢ ᠯᠠᠪᠳᠠᠭᠤᠨ ᠪᠠᠳᠤᠲᠠᠢ ᠠᠬᠢᠭᠤᠯᠵᠦ᠂ ︽ᠲᠡᠭᠷᠢ ᠨᠢ ᠴᠡᠯᠮᠡᠭ᠂ ᠭᠠᠵᠠᠷ ᠨᠢ ᠨᠤᠭᠤᠭᠠᠨ᠂ ᠣᠰᠤ ᠨᠢ ᠲᠤᠩᠭᠠᠯᠠᠭ︾᠎ ᠶᠢ ᠪᠡᠶᠡᠯᠡᠭᠦᠯᠬᠦ ᠳᠤ ᠪᠠᠳᠤ ᠪᠠᠬᠢ ᠰᠠᠭᠤᠷᠢ ᠶᠢ ᠲᠠᠯᠪᠢᠨ᠎ᠠ᠃         ︵ᠬᠤᠶᠠᠷ︶ ᠯᠠᠪᠳᠠᠭᠤᠨ ᠢᠶᠠᠷ ᠤᠷᠤᠭᠰᠢᠯᠠᠬᠤ᠂ ᠬᠦᠭᠵᠢᠯᠲᠡ ᠶᠢᠨ ᠰᠢᠨ᠎ᠡ ᠶᠢ ᠡᠭᠦᠳᠬᠦ᠂ ᠬᠡᠯᠪᠡᠷᠢ ᠪᠠᠨ ᠬᠤᠪᠢᠷᠠᠭᠤᠯᠤᠨ ᠬᠦᠭᠵᠢᠭᠦᠯᠬᠦ ᠵᠢᠱᠢᠶ᠎ᠡ ᠦᠵᠡᠭᠦᠯᠬᠦ ᠤᠷᠤᠨ ᠢ ᠪᠦᠬᠦ ᠬᠦᠴᠦᠨ ᠪᠠᠷ ᠢᠶᠠᠨ ᠪᠦᠲᠦᠭᠡᠨ ᠪᠠᠶᠢᠭᠤᠯᠤᠨ᠎ᠠ         ᠤᠯᠠᠮᠵᠢᠯᠠᠯᠳᠤ ᠠᠵᠦ ᠦᠢᠯᠡᠰ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠪᠤᠤ ᠭᠠᠩ ᠸᠠᠨ ᠲᠧᠩ ᠪᠤᠯᠦᠨ ᠪᠡᠭᠡᠵᠢᠩ ᠤᠨ ᠵᠢᠶᠠᠨ ᠯᠦᠩ ᠪᠦᠯᠦᠭᠯᠡᠯ ᠤᠨ ᠪᠠᠶᠢᠯᠳᠤᠬᠤ ᠪᠤᠳᠤᠯᠭ᠎ᠠ ᠶᠢᠨ ᠵᠤᠬᠢᠶᠠᠨ ᠪᠠᠶᠢᠭᠤᠯᠤᠯᠲᠡ ᠶᠢ ᠲᠦᠷᠭᠡᠳᠭᠡᠵᠦ᠂ 200 ᠲᠦᠮᠡᠨ ᠲᠤᠨ ᠪᠤᠯᠤᠳ ᠲᠡᠮᠤᠷ ᠤᠨ ᠵᠦᠢᠯᠡᠰ ᠤᠨ ᠦᠷ᠎ᠡ ᠠᠰᠢᠭ ᠢ ᠠᠬᠢᠭᠤᠯᠵᠦ᠂ ᠬᠠᠳᠤᠨ ᠭᠤᠤᠯ ᠤᠨ ᠪᠦᠯᠦᠭᠯᠡᠯ ᠤᠨ ᠪᠦᠬᠦᠯᠢ ᠴᠤᠭᠴᠠ ᠶᠢᠨ ᠠᠵᠦ ᠦᠢᠯᠡᠰ ᠤᠨ ᠬᠡᠯᠬᠢᠶ᠎ᠡ ᠶᠢ ᠦᠷ᠎ᠡ ᠠᠰᠢᠭ ᠲᠠᠢ ᠪᠤᠯᠭᠠᠨ ᠳᠠᠶᠢᠴᠢᠯᠠᠪᠠ᠃ ᠪᠤᠤ ᠡᠦ ᠨᠡᠭᠦᠷᠡᠰᠦᠨ ᠮᠠᠲ᠋ᠧᠷᠢᠶᠠᠯ ᠤᠨ ᠠᠵᠦ ᠦᠢᠯᠡᠰ ᠤᠨ ᠬᠦᠷᠢᠶᠡᠯᠡᠩ ᠤᠨ ᠨᠢᠭᠡᠳᠤᠭᠡᠷ ᠬᠤᠭᠤᠴᠠᠭᠠᠨ ᠤ 5 ᠲᠦᠮᠡᠨ ᠳᠤᠨ ᠪᠢᠯᠢᠭ ᠲᠤᠶᠢᠯ ᠤᠨ ᠮᠠᠲ᠋ᠧᠷᠢᠶᠠᠯ᠂ ᠨᠡᠭᠦᠷᠡᠰᠦᠲᠦ᠋ᠷᠦᠭᠴᠢ ᠰᠢᠷᠭᠡᠭ ᠵᠡᠷᠭᠡ ᠲᠦᠷᠦᠯ ᠵᠦᠢᠯ ᠤᠨ ᠪᠠᠷᠢᠯᠭ᠎ᠠ ᠤᠨ ᠡᠬᠢᠯᠡᠯᠲᠡ ᠶᠢ ᠪᠠᠲᠤᠯᠠᠵᠦ᠂ ᠲᠠᠢ ᠠᠨ ᠸᠠᠨ ᠾᠧ ᠠᠨᠲᠷᠡᠼᠧᠨ ᠲᠤᠰᠦ ᠪᠤᠯᠪᠠᠰᠤᠷᠠᠭᠤᠯᠬᠤ ᠲᠦᠷᠦᠯ ᠵᠦᠢᠯ ᠤᠨ ᠪᠠᠶᠢᠭᠤᠯᠤᠯᠲᠡ ᠶᠢ ᠯᠠᠪᠳᠠᠭᠤᠨ ᠪᠠᠳᠤᠲᠠᠢ ᠠᠬᠢᠭᠤᠯᠵᠦ᠂ ᠪᠤᠤ ᠬᠤᠸᠠ ᠸᠠᠨ ᠴᠧᠨ ᠤᠨᠴᠠ ᠲᠦᠷᠦᠯ ᠤᠨ ᠯᠢᠴᠢᠩ ᠤᠨ ᠲᠦᠷᠦᠯ ᠵᠦᠢᠯ ᠤᠨ ᠠᠰᠢᠭᠯᠠᠯᠲᠡ ᠳᠤ ᠤᠷᠤᠬᠤ ᠶᠢ ᠪᠠᠳᠤᠯᠠᠵᠦ᠂ ᠨᠡᠭᠦᠷᠡᠰᠦ ᠬᠡᠤᠷᠰᠢᠭᠦᠯᠬᠦ ᠶᠢ ᠰᠢᠨ᠎ᠡ ᠮᠠᠲ᠋ᠧᠷᠢᠶᠠᠯ ᠪᠠ ᠠᠷᠢᠭᠤᠨ ᠴᠡᠪᠡᠷ ᠡᠨᠧᠷᠬᠢ ᠶᠢᠨ ᠰᠤᠷᠪᠤᠯᠵᠢ ᠤᠨ ᠴᠢᠭᠯᠡᠯ ᠳᠡᠰᠢ ᠬᠦᠭᠵᠢᠬᠦ ᠶᠢ ᠲᠦᠷᠭᠡᠳᠭᠡᠨ᠎ᠡ᠃ ᠠᠮᠤᠷ ᠲᠦᠪᠰᠢᠨ ᠪᠠ ᠤᠷᠴᠢᠨ ᠠᠬᠤᠢ ᠶᠢᠨ ᠬᠠᠮᠠᠭᠠᠯᠠᠯᠲᠡ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠦ᠂ 630 ᠲᠦᠮᠡᠨ ᠲᠤᠨ ᠰᠢᠲᠠᠭᠠᠮᠡᠯ ᠨᠡᠭᠦᠷᠡᠰᠦ ᠦᠢᠯᠡᠳᠪᠦᠷᠢᠯᠡᠬᠦ ᠴᠢᠳᠠᠪᠦᠷᠢ ᠶᠢ ᠪᠠᠳᠠᠷᠠᠭᠤᠯᠵᠦ᠂ ᠬᠤᠷᠰᠤᠨ ᠵᠤᠤᠬ᠎ᠠ ᠶᠢᠨ ᠨᠡᠭᠦᠷᠡᠰᠦᠨ ᠬᠡᠢ᠂ ᠨᠡᠭᠦᠷᠡᠰᠦᠨ ᠤ ᠬᠡᠤᠳᠡᠰᠦ ᠶᠢᠨ ᠲᠤᠰᠦ ᠵᠡᠷᠭᠡ ᠦᠢᠯᠡᠳᠭᠦᠨ ᠤ ᠬᠠᠩᠭᠠᠯᠭ᠎ᠠ ᠶᠢ ᠪᠠᠳᠤᠯᠠᠵᠦ᠂ ᠤᠮᠠᠷᠠᠳᠤ ᠤᠷᠤᠨ ᠤ ᠲᠤᠰᠤᠨ ᠠᠭᠤᠷᠬᠠᠢ ᠶᠢᠨ LNG ᠲᠦᠷᠦᠯ ᠵᠦᠢᠯ ᠢ ᠳᠠᠬᠢᠨ ᠡᠬᠢᠯᠡᠭᠦᠯᠬᠦ ᠪᠤᠯᠦᠨ ᠳᠤᠤᠷᠠᠳᠤ ᠤᠷᠤᠰᠬᠠᠯ ᠤᠨ ᠠᠵᠦ ᠦᠢᠯᠡᠰ ᠤᠨ ᠬᠡᠯᠬᠢᠶ᠎ᠡ ᠶᠢᠨ ᠬᠦᠭᠵᠢᠯᠲᠡ ᠎ ᠳᠤ ᠨᠦᠬᠦᠴᠡᠯ ᠪᠦᠷᠢᠯᠳᠤᠭᠦᠯᠵᠦ ᠦᠭᠴᠡᠢ᠃ ︽ᠰᠢᠩᠭᠡᠯᠢᠭ ᠰᠤᠯᠠᠯᠠᠨ ᠰᠢᠪᠠᠭᠤ ᠰᠤᠯᠢᠬᠤ︾᠎ ᠶᠢ ᠦᠷᠭᠦᠯᠵᠢᠯᠡᠨ ᠲᠦᠯᠬᠢᠨ ᠠᠬᠢᠭᠤᠯᠵᠦ᠂ 5᠎ ᠠᠴᠠ ᠳᠡᠭᠡᠭᠰᠢ ︽ᠦᠬᠦᠰᠢᠷᠡᠮᠡᠯ ᠠᠵᠦ ᠠᠬᠤᠶᠢᠯᠠᠯ︾᠎ ᠢ ᠦᠷ᠎ᠡ ᠠᠰᠢᠭ ᠲᠠᠢ ᠪᠤᠯᠭᠠᠬᠤ ᠎ ᠶᠢ ᠬᠦᠴᠦᠯᠡᠨ ᠴᠢᠷᠮᠠᠶᠢᠵᠦ᠂ ᠠᠵᠦ ᠦᠢᠯᠡᠰ ᠤᠨ ᠬᠦᠭᠵᠢᠯᠲᠡ ᠶᠢᠨ ᠤᠷᠤᠨ ᠵᠠᠢ ᠶᠢ ᠰᠤᠯᠠᠯᠵᠠᠢ᠃         ᠰᠢᠨ᠎ᠡ ᠪᠠᠷ ᠮᠠᠨᠳᠤᠭᠰᠡᠨ ᠠᠵᠦ ᠦᠢᠯᠡᠰ ᠢ ᠪᠤᠵᠠᠭᠠᠶᠢᠷᠠᠭᠤᠯᠤᠨ᠎ᠠ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠡᠨ ᠠᠵᠦ ᠦᠢᠯᠡᠰ ᠨᠢᠭᠡᠨᠲᠡ ᠮᠠᠨ ᠤ ᠲᠤᠭᠤᠷᠢᠭ ᠤᠨ ᠰᠢᠨ᠎ᠡ ᠬᠠᠭᠤᠴᠢᠨ ᠬᠦᠳᠡᠯᠭᠡᠭᠡᠨ ᠡᠨᠧᠷᠬᠢ ᠶᠢᠨ ᠰᠤᠯᠢᠭᠳᠠᠯ ᠤᠨ ᠴᠢᠬᠤᠯᠠ ᠲᠠᠪᠴᠠᠩ ᠪᠠ ᠠᠴᠢᠶᠠᠯᠠᠪᠦᠷᠢ ᠪᠤᠯᠪᠠ᠃ ᠡᠷᠬᠡᠪᠡᠰᠢ ᠰᠢᠨ᠎ᠡ ᠎ ᠪᠠᠷ ᠮᠠᠨᠳᠤᠭᠰᠡᠨ ᠠᠵᠦ ᠦᠢᠯᠡᠰ ᠤᠨ ᠬᠦᠭᠵᠢᠯᠲᠡ ᠶᠢ ᠭᠤᠤᠯ ᠰᠢᠪᠳᠤᠯᠤᠯᠲᠡ ᠶᠢᠨ ᠴᠢᠭᠯᠡᠯ ᠪᠤᠯᠭᠠᠵᠦ᠂ ᠰᠢᠨ᠎ᠡ ᠪᠠᠷ ᠤᠷᠤᠭᠤᠯᠬᠤ ᠬᠢᠮᠢ ᠶᠢᠨ ᠠᠵᠦ ᠦᠢᠯᠡᠳᠪᠦᠷᠢ ᠶᠢᠨ ᠲᠦᠷᠦᠯ ᠵᠦᠢᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠦ᠂ ᠰᠢᠨ᠎ᠡ ᠪᠠᠷ ᠮᠠᠨᠳᠤᠭᠰᠡᠨ ᠠᠵᠦ ᠦᠢᠯᠡᠰ ᠤᠨ ᠦᠢᠯᠡᠳᠭᠦᠨ ᠤ ᠦᠷᠳᠡᠭ ᠤᠨ ᠨᠡᠮᠡᠭᠳᠡᠯ ᠢ 30 % ᠪᠠᠶᠢᠯᠭᠠᠨ᠎ᠠ᠃ ᠰᠢᠨ᠎ᠡ ᠮᠠᠲ᠋ᠧᠷᠢᠶᠠᠯ ᠤᠨ ᠠᠵᠦ ᠦᠢᠯᠡᠰ ᠢ ᠬᠦᠴᠦᠯᠡᠨ ᠪᠤᠵᠠᠭᠠᠶᠢᠷᠠᠭᠤᠯᠵᠦ᠂ ᠵᠢᠩ ᠶᠦᠨ ᠲᠦᠩ ᠰᠢᠨ᠎ᠡ ᠮᠠᠲ᠋ᠧᠷᠢᠶᠠᠯ ᠎ ᠤᠨ ᠠᠵᠦ ᠦᠢᠯᠡᠰ ᠤᠨ ᠬᠦᠷᠢᠶᠡᠯᠡᠩ᠂ ᠵᠦᠩ ᠢᠤᠢ ᠮᠠᠭᠨᠢ ᠶᠢᠨ ᠬᠦᠷᠳᠤ ᠶᠢᠨ ᠬᠠᠶᠢᠯᠤᠰᠢ ᠵᠢᠴᠢ ᠬᠠᠪᠲᠠᠰᠦ ᠬᠡᠯᠪᠡᠷᠢᠳᠤ ᠮᠠᠲ᠋ᠧᠷᠢᠶᠠᠯ ᠤᠨ ᠲᠦᠷᠦᠯ ᠵᠦᠢᠯ ᠠᠰᠢᠭᠯᠠᠯᠲᠡ ᠳᠤ ᠤᠷᠤᠵᠦ ᠦᠷ᠎ᠡ ᠠᠰᠢᠭ ᠭᠠᠷᠭᠠᠵᠦ᠂ ᠾᠧᠩ ᠵᠢᠶᠠᠨ ᠦᠨᠳᠤᠷ ᠨᠢᠺᠧᠯ ᠭᠤᠷᠪᠠᠨ ᠡᠰᠢᠳᠤ ᠡᠶᠡᠷᠬᠦ ᠲᠤᠶᠢᠯ ᠤᠨ ᠮᠠᠲ᠋ᠧᠷᠢᠶᠠᠯ ᠵᠡᠷᠭᠡ ᠲᠦᠷᠦᠯ ᠵᠦᠢᠯ ᠢ ᠡᠬᠢᠯᠡᠨ ᠪᠠᠶᠢᠭᠤᠯᠵᠦ ᠂ ᠰᠢᠨ᠎ᠡ ᠮᠠᠲ᠋ᠧᠷᠢᠶᠠᠯ ᠤᠨ ᠠᠵᠦ ᠦᠢᠯᠡᠰ ᠢ ᠬᠠᠮᠳᠤ ᠶᠢᠨ ᠪᠦᠯᠦᠭ ᠤᠨ ᠮᠠᠶ᠋ᠢᠭ᠂ ᠬᠡᠪᠴᠢᠶᠡᠵᠢᠭᠦᠯᠦᠨ ᠬᠦᠭᠵᠢᠭᠦᠯᠬᠦ ᠎ ᠶᠢ ᠲᠦᠯᠬᠢᠨ ᠠᠬᠢᠭᠤᠯᠤᠨ᠎ᠠ᠃ ᠰᠢᠨ᠎ᠡ ᠡᠨᠧᠷᠬᠢ ᠶᠢᠨ ᠠᠵᠦ ᠦᠢᠯᠡᠰ ᠰᠤᠷᠪᠤᠯᠵᠢ ᠶᠢᠨ ᠠᠵᠦ ᠦᠢᠯᠡᠰ ᠢ ᠬᠦᠴᠦᠯᠡᠨ ᠬᠦᠭᠵᠢᠭᠦᠯᠵᠦ᠂ ᠪᠸᠢ ᠺᠦᠩ ᠭᠡᠷᠡᠯ ᠴᠡᠨᠡᠭ ᠤᠨ ᠳᠠᠭᠠᠭᠤᠯᠤᠭᠴᠢ ᠲᠦᠷᠦᠯ ᠵᠦᠢᠯ ᠢ ᠲᠤᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠵᠦ᠂ ᠭᠡᠷᠡᠯ ᠴᠠᠬᠢᠯᠭᠠᠨ ᠬᠠᠳᠠᠭᠠᠯᠠᠬᠤ ᠬᠡᠪ ᠵᠠᠭᠪᠤᠷ ᠤᠨ ᠤᠯᠠᠨ ᠵᠦᠢᠯ ᠤᠨ ᠡᠨᠧᠷᠬᠢ ᠶᠢᠨ ᠰᠤᠷᠪᠤᠯᠵᠢ ᠶᠢᠨ ᠬᠦᠭᠵᠢᠯᠲᠡ ᠶᠢᠨ ᠳᠠᠯᠳᠠ ᠬᠦᠴᠦᠨ ᠢ ᠢᠳᠡᠪᠬᠢᠲᠠᠢ ᠠᠭᠤᠳᠠᠯᠵᠦ᠂ ᠤᠳᠤ ᠦᠶ᠎ᠡ ᠎ ᠶᠢᠨ ᠡᠨᠧᠷᠬᠢ ᠶᠢᠨ ᠰᠤᠷᠪᠤᠯᠵᠢ ᠬᠠᠩᠭᠠᠬᠤ ᠰᠢᠰᠲ᠋ᠧᠮ ᠢ ᠪᠠᠶᠢᠭᠤᠯᠤᠨ᠎ᠠ᠃ ᠲᠤᠮᠦ ᠲᠤᠭ᠎ᠠ ᠪᠠᠷᠢᠮᠲᠠ ᠶᠢᠨ ᠠᠵᠦ ᠦᠢᠯᠡᠰ ᠢ ᠬᠦᠴᠦᠯᠡᠨ ᠪᠤᠵᠠᠭᠠᠶᠢᠷᠠᠭᠤᠯᠵᠦ᠂ ᠦᠬᠠᠢ ᠶᠢᠨ ᠲᠤᠮᠦ ᠲᠤᠭ᠎ᠠ ᠪᠠᠷᠢᠮᠲᠡ ᠶᠢᠨ ᠠᠵᠦ ᠦᠢᠯᠡᠰ ᠤᠨ ᠬᠦᠷᠢᠶᠡᠯᠡᠩ᠂ ᠴᠢ ᠲᠢᠶᠠᠨ ᠪᠤᠯᠦᠨ ᠵᠦ ᠼᠠᠩ ᠳᠡᠭᠡᠳᠤ ᠴᠢᠳᠠᠪᠬᠢᠳᠤ ᠪᠤᠳᠤᠯᠲᠡ ᠶᠢᠨ ᠲᠦᠪ ᠤᠨ ᠪᠦᠲᠦᠭᠡᠨ ᠪᠠᠶᠢᠭᠤᠯᠤᠯᠲᠡ ᠶᠢᠨ ᠠᠬᠢᠴᠠ ᠶᠢ ᠲᠦᠷᠭᠡᠳᠭᠡᠵᠦ᠂ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠠᠴᠢᠶᠠᠯᠠᠭᠴᠢ ᠶᠢ ᠡᠭᠦᠳᠦᠨ᠎ᠡ᠃         ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠴᠡᠴᠡᠭᠯᠡᠭᠦᠯᠦᠨ ᠬᠦᠭᠵᠢᠭᠦᠯᠦᠨ᠎ᠡ᠃ ᠦᠬᠠᠢ ᠶᠢᠨ ᠬᠤᠶᠢᠳᠤ ᠦᠷᠳᠡᠭᠡ ᠶᠢᠨ ᠲᠡᠮᠤᠷ ᠵᠠᠮ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠬᠤᠶᠠᠳᠤᠭᠠᠷ ᠳᠡᠰ ᠤᠨ ᠡᠳ᠋ ᠪᠠᠷᠠᠭᠠᠨ ᠤ ᠭᠦᠢᠯᠭᠡᠭᠡ ᠪᠤᠯᠭᠠᠨ ᠬᠦᠭᠵᠢᠭᠦᠯᠬᠦ ᠪᠠᠷ ᠭᠤᠤᠯᠯᠠᠵᠦ᠂ ᠵᠠᠰᠠᠮᠡᠯ ᠵᠠᠮ ᠤᠨ ᠡᠳ᠋ ᠪᠠᠷᠠᠭᠠᠨ ᠤ ᠭᠦᠢᠯᠭᠡᠭᠡᠨ ᠤ ᠭᠠᠷᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠡ ᠶᠢ ᠠᠬᠢᠭᠤᠯᠵᠦ᠂ ︽ᠢᠨᠲ᠋ᠧᠷ ᠰᠦᠯᠵᠢᠶ᠎ᠡ + ᠡᠳ᠋ ᠪᠠᠷᠠᠭᠠᠨ ᠤ ᠬᠦᠢᠯᠬᠡᠬᠡ︾ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠠᠢ ᠪᠤᠶᠢᠵᠢᠭᠤᠯᠤᠨ᠎ᠠ᠃ ᠮᠦᠩᠭᠦᠨ ᠭᠦᠢᠯᠭᠡᠭᠡᠨ ᠤ ᠡᠵᠡᠩᠨᠡᠯᠲᠡ ᠶᠢᠨ ᠬᠡᠯᠪᠡᠷᠢ ᠶᠢ ᠦᠷᠭᠦᠯᠵᠢᠯᠡᠨ ᠪᠠᠶᠠᠯᠢᠭᠵᠢᠭᠤᠯᠵᠦ᠂ ᠮᠦᠩᠭᠦᠨ ᠭᠦᠯᠭᠡᠭᠡᠨ ᠤ ᠦᠢᠯᠡᠰ ᠤᠨ ᠪᠤᠳᠠᠳᠤ ᠴᠤᠭᠴᠠ ᠶᠢᠨ ᠠᠵᠦ ᠠᠬᠤᠢ ᠳᠤ ᠲᠡᠳᠭᠦᠨ ᠳᠡᠮᠵᠢᠬᠦ ᠦᠢᠯᠡᠳᠤᠯ ᠢ ᠭᠦᠢᠴᠡᠳ ᠪᠠᠳᠠᠷᠠᠭᠤᠯᠵᠦ᠂ ᠮᠦᠩᠭᠦᠨ ᠭᠦᠢᠯᠭᠡᠭᠡᠨ ᠤ ᠦᠢᠯᠡᠰ ᠤᠨ ᠬᠦᠭᠵᠢᠯᠲᠡ ᠶᠢᠨ ᠳᠠᠪᠠᠭᠤᠯᠢᠭ ᠢ ᠪᠠᠬᠢᠵᠢᠭᠦᠯᠦᠨ ᠦᠷᠭᠡᠳᠭᠡᠨ᠎ᠡ᠃ ᠦᠪᠡᠷᠳᠡᠭᠡᠨ ᠵᠠᠰᠠᠬᠤ ᠤᠷᠤᠨ ᠤ ᠪᠦᠬᠦ ᠤᠷᠤᠨ ᠪᠦᠰᠨ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠤᠷᠤᠨ ᠢ ᠡᠭᠦᠳᠤᠨ ᠪᠠᠶᠢᠭᠤᠯᠬᠤ ᠭᠠᠷᠳᠠᠴᠠ ᠪᠤᠯᠭᠠᠵᠦ᠂ ᠪᠤᠳᠠᠳᠤ ᠪᠠᠶᠢᠳᠠᠯ ᠳᠠᠭᠠᠨ ᠰᠠᠭᠤᠷᠢᠯᠠᠨ ᠵᠢᠭᠤᠯᠴᠢᠯᠠᠯ ᠤᠨ ᠦᠢᠯᠡᠰ ᠤᠨ ᠲᠦᠷᠦᠯ ᠵᠦᠢᠯ ᠢ ᠬᠦᠭᠵᠢᠭᠦᠯᠵᠦ᠂ ᠮᠦᠩᠭᠦᠨᠬᠤᠸᠠᠷ᠂ ᠠᠯᠳᠠᠨ ᠰᠢᠷᠭᠠᠯ ᠡᠯᠡᠰᠦᠨ ᠲᠤᠬᠤᠢ ᠵᠡᠷᠭᠡ ᠵᠢᠭᠤᠯᠴᠢᠯᠠᠯ ᠤᠨ ᠠᠵᠦ ᠠᠬᠤᠶᠢᠯᠠᠯ ᠢ ᠳᠡᠮᠵᠢᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠢᠵᠢᠭ ᠵᠢᠭᠤᠯᠴᠢᠯᠠᠯ ᠎ ᠤᠨ ᠠᠵᠦ ᠠᠬᠤᠶᠢᠯᠠᠯ ᠢ ᠬᠦᠲᠦᠯᠦᠨ ᠵᠢᠯᠤᠭᠤᠳᠴᠦ᠂ ᠭᠡᠷ ᠪᠦᠯᠢ ᠶᠢᠨ ᠵᠢᠭᠤᠯᠴᠢᠯᠠᠯ᠂ ᠭᠠᠷᠠᠭ ᠤᠨ ᠰᠡᠭᠦᠯᠴᠢ ᠶᠢᠨ ᠵᠢᠭᠤᠯᠴᠢᠯᠠᠯ ᠢ ᠢᠳᠡᠪᠬᠢᠲᠠᠢ ᠬᠦᠭᠵᠢᠭᠦᠯᠦᠨ᠎ᠡ᠃ ᠦᠬᠠᠢ ᠵᠢᠴᠢ ᠡᠷᠬᠢᠨ ᠲᠤᠭᠤᠷᠢᠨ ᠤ ᠤᠷᠤᠨ ᠪᠦᠰᠨ ᠶᠢᠨ ᠠᠵᠦ ᠦᠢᠯᠡᠰ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠠᠷ ᠬᠠᠷᠠᠯᠲᠡ ᠪᠤᠯᠭᠠᠵᠦ᠂ ᠮᠡᠷᠭᠡᠵᠢᠯ ᠤᠨ ᠠᠵᠢᠯᠴᠢᠨ ᠪᠤᠯᠪᠠᠰᠤᠷᠠᠭᠤᠯᠬᠤ᠂ ᠬᠦᠯᠦᠰᠦᠨ ᠠᠵᠢᠯᠴᠢᠨ ᠲᠤᠮᠢᠯᠠᠬᠤ᠂ ᠠᠰᠠᠭᠤᠨ ᠯᠠᠪᠯᠠᠬᠤ ᠬᠠᠮᠢᠶᠠᠷᠤᠯᠲᠡ ᠵᠡᠷᠭᠡ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠦ ᠦᠢᠯᠡᠰ ᠢ ᠭᠤᠤᠯᠳᠠᠯᠭ᠎ᠠ ᠲᠠᠢ ᠬᠦᠲᠦᠯᠦᠨ  ᠵᠢᠯᠤᠭᠤᠳᠤᠨ ᠬᠦᠭᠵᠢᠭᠦᠯᠵᠦ᠂ ᠦᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠤ ᠠᠵᠢᠯᠴᠢᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠎ᠡ᠃ ᠬᠤᠭᠤᠰᠦᠨ ᠠᠷᠠᠯᠵᠢᠶ᠎ᠠ ᠬᠤᠳᠠᠯᠳᠤᠭ᠎ᠠ ᠶᠢᠨ ᠨᠡᠷᠡᠳᠤ ᠲᠡᠮᠲᠡᠭᠳᠤ ᠲᠦᠷᠦᠯ ᠵᠦᠢᠯ ᠢ ᠨᠦᠬᠦᠪᠦᠷᠢᠯᠡᠬᠦ ᠦᠢᠯᠡᠰ ᠢ ᠭᠤᠤᠯᠳᠠᠯᠭ᠎ᠠ ᠲᠠᠢ ᠲᠠᠲᠠᠨ ᠤᠷᠤᠭᠤᠯᠵᠦ᠂ ᠤᠯᠠᠮᠵᠢᠯᠠᠯᠳᠤ ᠠᠷᠠᠯᠵᠢᠶ᠎ᠠ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠦᠢᠯᠡᠰ ᠤᠨ ᠵᠠᠬ᠎ᠠ ᠳᠡᠯᠭᠡᠭᠦᠷ ᠤᠨ ᠬᠤᠪᠢᠷᠠᠯᠲᠡ ᠳᠤ ᠵᠤᠬᠢᠴᠠᠬᠤ ᠶᠢ ᠬᠦᠲᠦᠯᠦᠨ ᠵᠢᠯᠤᠭᠤᠳᠴᠦ᠂ ᠬᠡᠷᠡᠭᠯᠡᠭᠡᠨ ᠤ ᠳᠡᠰ ᠳᠠᠪᠰᠢᠵᠦ ᠰᠢᠨ᠎ᠡ ᠬᠡᠷᠡᠭᠴᠡᠭᠡ ᠱᠠᠭᠠᠷᠲᠠᠯᠭ᠎ᠠ ᠶᠢ ᠲᠠᠰᠤᠷᠠᠯᠲᠡ ᠦᠭᠡᠢ ᠬᠠᠩᠭᠠᠨ᠎ᠠ᠃ ︽ᠢᠨᠲ᠋ᠧᠷ ᠰᠦᠯᠵᠢᠶ᠎ᠡ + ᠠᠵᠦ ᠠᠬᠤᠶᠢᠯᠠᠯ︾᠂ ᠮᠡᠳᠡᠭᠡ ᠵᠠᠩᠬᠢ ᠶᠢᠨ ᠯᠠᠪᠯᠠᠯᠲᠡ᠂ ᠲᠦᠯᠦᠪᠯᠡᠨ ᠵᠢᠷᠤᠬᠤ᠂ ᠰᠤᠷᠭᠠᠨ ᠬᠦᠮᠦᠵᠢᠯ ᠤᠨ ᠪᠤᠯᠪᠠᠰᠤᠷᠠᠯ ᠵᠡᠷᠭᠡ ᠦᠢᠯᠡᠳᠪᠦᠷᠢᠯᠡᠯ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠎ ᠤ ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠭᠡ ᠬᠦᠴᠦᠨ ᠢᠶᠠᠷ ᠬᠦᠭᠵᠢᠭᠦᠯᠦᠨ᠎ᠡ᠃         ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠭᠤᠷᠪᠠ ᠶᠢ ᠪᠠᠭᠠᠰᠬᠠᠵᠦ ᠨᠢᠭᠡ ᠶᠢ ᠪᠠᠭᠤᠷᠠᠭᠤᠯᠬᠤ ᠨᠢᠭᠡ ᠶᠢ ᠨᠦᠬᠦᠪᠦᠷᠢᠯᠡᠬᠦ︾᠎ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠤᠴᠤᠷᠤᠩᠭᠤᠢ ᠦᠢᠯᠡᠳᠪᠦᠷᠢᠯᠡᠬᠦ ᠴᠢᠳᠠᠪᠦᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠦ ᠠᠬᠤᠶᠢᠯᠠᠯ ᠢ ᠬᠠᠪᠰᠤᠷᠤᠨ ᠳᠡᠳᠭᠦᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠵᠦ᠂ ᠠᠵᠦ ᠠᠬᠤᠶᠢᠯᠠᠯ ᠤᠨ ᠡᠵᠡᠩᠨᠡᠯᠲᠡ ᠶᠢᠨ ᠦᠪᠡᠷ ᠤᠨ ᠦᠷᠳᠡᠭ ᠢ ᠲᠠᠰᠤᠷᠠᠯᠲᠡ ᠦᠭᠡᠢ ᠪᠠᠭᠤᠷᠠᠭᠤᠯᠤᠨ᠎ᠠ᠃ ᠵᠢᠭᠡᠯᠡᠯᠭᠡ ᠶᠢᠨ ᠳᠡᠮᠳᠡᠭ ᠪᠤᠯᠦᠨ ᠪᠡᠯᠡ ᠮᠦᠩᠭᠦ ᠲᠡᠮᠡᠴᠡᠨ ᠤᠯᠵᠦ ᠠᠵᠦ ᠦᠢᠯᠡᠰ᠂ ᠰᠠᠭᠤᠷᠢ ᠲᠦᠭᠦᠭᠡᠷᠤᠮᠵᠢ᠂ ᠠᠮᠢ ᠠᠬᠤᠢ ᠶᠢᠨ ᠤᠷᠴᠢᠨ ᠲᠤᠭᠤᠷᠢᠨ ᠵᠡᠷᠭᠡ ᠲᠤᠲᠠᠭᠳᠠᠯ ᠲᠠᠢ ᠲᠠᠯ᠎ᠠ ᠶᠢ ᠨᠦᠬᠦᠪᠦᠷᠢᠯᠡᠨ᠎ᠡ᠃ ᠠᠷᠠᠳ ᠤᠨ ᠡᠵᠡᠩᠨᠡᠭᠰᠡᠨ ᠠᠵᠦ ᠠᠬᠤᠢ ᠎ ᠶᠢᠨ ᠠᠮᠢᠵᠢᠷᠠᠯ ᠤᠨ ᠬᠦᠴᠦᠨ ᠢ ᠴᠢᠩᠭᠠᠳᠬᠠᠨ᠎ᠠ᠃ ᠠᠷᠠᠳ ᠤᠨ ᠡᠵᠡᠩᠨᠡᠭᠰᠡᠨ ᠠᠵᠦ ᠠᠬᠤᠢ ᠨᠢ ᠮᠠᠨ ᠤ ᠲᠤᠭᠤᠷᠢᠭ ᠎ ᠤᠨ GDP᠎ ᠳᠤ ᠡᠵᠡᠯᠡᠬᠦ ᠬᠤᠪᠢ ᠶᠢᠨ ᠵᠢᠩ ᠨᠢ 73 %᠎ ᠳᠤ ᠬᠦᠷᠴᠦ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠪᠤᠯᠦᠨ ᠮᠠᠨ ᠤ ᠬᠤᠲᠡ ᠶᠢᠨ ᠠᠷᠠᠳ ᠤᠨ ᠡᠵᠡᠩᠨᠡᠭᠰᠡᠨ ᠠᠵᠦ ᠠᠬᠤᠢ ᠶᠢᠨ ᠬᠦᠭᠵᠢᠯᠲᠡ ᠶᠢᠨ ᠲᠤᠬᠠᠢ ᠬᠤᠯᠪᠤᠭᠳᠠᠯ ᠪᠦᠬᠦᠢ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠪᠡᠯᠡ ᠮᠦᠩᠭᠦ ᠴᠤᠭᠯᠠᠭᠤᠯᠬᠤ ᠳᠤ ᠬᠦᠴᠢᠷ᠂ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠬᠤ ᠵᠡᠷᠭᠡ ᠠᠷᠠᠳ ᠤᠨ ᠡᠵᠡᠩᠨᠡᠭᠰᠡᠨ ᠠᠵᠦ ᠠᠬᠤᠶᠢᠯᠠᠯ ᠤᠨ ᠬᠦᠭᠵᠢᠯᠲᠡ ᠶᠢ ᠬᠢᠵᠠᠭᠠᠷᠯᠠᠬᠤ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠡᠵᠡᠩᠨᠡᠭᠰᠡᠨ ᠠᠵᠦ ᠠᠬᠤᠶᠢᠯᠠᠯ ᠤᠨ ᠬᠦᠭᠵᠢᠯᠲᠡ ᠶᠢ ᠪᠦᠬᠦ ᠬᠦᠴᠦᠨ ᠎ ᠢᠶᠠᠷ ᠢᠶᠠᠨ ᠳᠡᠮᠵᠢᠵᠦ ᠪᠤᠵᠠᠭᠠᠶᠢᠷᠠᠭᠤᠯᠤᠨ᠎ᠠ᠃ ᠠᠵᠦ ᠠᠬᠤᠶᠢᠯᠲᠠᠨ ᠤ ᠡᠩᠨᠡᠭᠡ ᠶᠢᠨ ᠪᠠᠶᠢᠭᠤᠯᠤᠯᠲᠡ ᠶᠢ ᠦᠨᠡᠨ ᠬᠦ ᠴᠢᠩᠭᠠᠳᠬᠠᠵᠦ᠂ ᠠᠵᠦ ᠠᠬᠤᠶᠢᠯᠠᠯᠲᠡᠨ ᠤ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠦ᠂ ︽ᠲᠤᠳᠤᠨᠦ︾ ︽ᠴᠢᠭᠡᠴᠢ︾ ᠰᠢᠨ᠎ᠡ ᠬᠡᠯᠪᠡᠷᠢ ᠶᠢᠨ ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠤᠨ᠎ᠠ᠃ ᠠᠵᠦ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠦᠷᠢ ᠶᠢ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠬᠡᠯᠪᠡᠷᠢ ᠶᠢᠨ ᠬᠤᠲᠡ ᠶᠢ ᠪᠦᠲᠦᠭᠡᠨ ᠪᠠᠶᠢᠭᠤᠯᠵᠦ᠂ ᠠᠵᠦ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠡ ᠎ ᠶᠢ ᠶᠡᠷᠤᠩᠬᠡᠶᠢᠯᠡᠨ ᠵᠠᠬᠢᠷᠴᠦ᠂ ︽ᠬᠡᠤᠷᠰᠢᠭᠦᠯᠬᠦ ᠮᠡᠷᠭᠡᠵᠢᠯ ᠤᠨ ᠤᠯᠤᠰ ᠤᠨ ᠢᠨᠵᠧᠨᠧᠷᠢᠩ ᠤᠨ ᠰᠤᠳᠤᠯᠭᠠᠨ ᠤ ᠲᠦᠪ ᠤᠨ ᠦᠬᠠᠢ ᠳᠠᠬᠢ ᠲᠤᠷᠰᠢᠯᠲᠡ ᠶᠢᠨ ᠰᠠᠭᠤᠷᠢᠨ ᠭᠠᠵᠠᠷ︾᠎ ᠢ ᠠᠰᠢᠭᠯᠠᠨ᠂ ᠤᠶᠤᠨᠴᠢᠯᠠᠭᠰᠠᠨ ᠨᠡᠭᠦᠷᠡᠰᠦ ᠲᠤᠬᠢᠷᠠᠭᠤᠯᠬᠤ ᠮᠡᠷᠭᠡᠵᠢᠯ ᠢ ᠳᠡᠯᠭᠡᠷᠡᠭᠦᠯᠵᠦ᠂ ᠦᠢᠯᠡᠳᠪᠦᠷᠢᠯᠡᠯ ᠤᠨ ᠦᠪᠡᠷ ᠤᠨ ᠦᠷᠳᠡᠭ ᠢ ᠪᠠᠭᠤᠷᠠᠭᠤᠯᠤᠨ᠎ᠠ᠃ ︽ᠲᠢᠶᠠᠨ ᠢᠤᠢ ᠪᠦᠯᠦᠭᠯᠡᠯ — ᠲᠢᠶᠠᠨᠵᠢᠨ ᠤ ᠶᠡᠭᠡ ᠰᠤᠷᠭᠠᠭᠤᠯᠢ ᠶᠢᠨ ᠴᠠᠭᠠᠨ ᠰᠢᠷᠤᠶᠢᠳᠤ ᠰᠢᠨ᠎ᠡ ᠮᠠᠲ᠋ᠧᠷᠢᠶᠠᠯ ᠤᠨ ᠲᠤᠷᠰᠢᠯᠲᠡ ᠶᠢᠨ ᠲᠠᠰᠤᠭ︾᠎ ᠤᠨ ᠪᠠᠶᠢᠭᠤᠯᠤᠯᠲᠡ ᠶᠢ ᠡᠬᠢᠯᠡᠭᠦᠯᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠪᠠ ᠰᠢᠨ᠎ᠡ ᠮᠠᠲ᠋ᠧᠷᠢᠶᠠᠯ ᠢ ᠰᠤᠳᠤᠯᠤᠨ ᠨᠡᠬᠡᠬᠡᠬᠦ ᠶᠢ ᠲᠦᠷᠭᠡᠳᠭᠡᠵᠦ᠂ ᠵᠦᠩ ᠢᠤᠢ ᠺᠤᠮᠫᠠᠨᠢ ᠶᠢᠨ ᠤᠶᠤᠨᠴᠢ ᠠᠵᠦ ᠦᠢᠯᠡᠳᠪᠦᠷᠢ ᠶᠢᠨ ᠨᠢᠭᠡ ᠴᠤᠭᠴᠠᠵᠢᠭᠤᠯᠤᠭᠰᠡᠨ ᠵᠦᠢᠯᠡᠰ ᠤᠨ ᠪᠦᠲᠦᠭᠡᠨ ᠪᠠᠶᠢᠭᠤᠯᠤᠯᠲᠡ ᠶᠢ ᠲᠦᠷᠭᠡᠳᠭᠡᠵᠦ᠂ ᠮᠡᠳᠡᠭᠡ ᠵᠠᠩᠬᠢᠴᠢᠯᠠᠯᠲᠡ ᠪᠠ ᠠᠵᠦ ᠦᠢᠯᠡᠳᠪᠦᠷᠢᠵᠢᠯᠲᠡ ᠶᠢᠨ ᠭᠦᠨᠵᠡᠭᠡᠢ ᠨᠡᠶᠢᠯᠡᠯᠴᠡᠯ ᠢ ᠲᠦᠯᠬᠢᠨ ᠠᠬᠢᠭᠤᠯᠤᠨ᠎ᠠ᠃ ᠳᠦᠷᠢᠮ ᠤᠨ ᠰᠢᠨ᠎ᠡ ᠶᠢ ᠡᠭᠦᠳᠬᠦ ᠶᠢ ᠲᠡᠭᠦᠯᠳᠡᠷᠵᠢᠭᠦᠯᠵᠦ᠂ ᠠᠳᠠᠯ ᠦᠢᠯᠡᠰ ᠴᠤᠭᠴᠠᠯᠭᠴᠢ ᠶᠢᠨ ᠤᠷᠤᠨ ᠵᠠᠢ ᠵᠡᠷᠭᠡ ᠤᠯᠠᠨ ᠢᠶᠠᠷ ᠢᠶᠠᠨ ᠰᠢᠨ᠎ᠡ ᠶᠢ ᠡᠭᠦᠳᠬᠦ ᠤᠷᠤᠨ ᠵᠠᠢ ᠶᠢᠨ ᠠᠵᠢᠯᠯᠠᠭᠠᠨ ᠤ ᠲᠤᠭᠲᠠᠴᠠ ᠶᠢ ᠰᠢᠯᠢᠳᠡᠭᠵᠢᠭᠦᠯᠵᠦ᠂ ᠦᠢᠯᠡᠰ ᠪᠤᠰᠬᠠᠬᠤ᠂ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠦ᠂ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠦᠷᠢᠲᠡᠨ ᠢ ᠲᠠᠲᠠᠬᠤ ᠵᠡᠷᠭᠡ ᠲᠠᠯ᠎ᠠ ᠪᠠᠷ ᠶᠡᠭᠡ ᠬᠦᠴᠦ ᠤᠷᠤᠭᠤᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠬᠢᠷᠢ ᠲᠦᠪᠰᠢᠨ ᠢ ᠲᠠᠰᠤᠷᠠᠯᠲᠡ ᠦᠭᠡᠢ ᠳᠡᠭᠡᠭᠰᠢᠯᠡᠭᠦᠯᠦᠨ᠎ᠡ᠃ ᠠᠵᠦ ᠠᠬᠤᠢ ᠶᠢᠨ ᠦᠢᠯᠡᠴᠢᠯᠡᠭᠡᠨ ᠤ ᠬᠦᠭᠵᠢᠯᠲᠡ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠦ᠂ ᠠᠵᠦ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠤᠷ᠎ᠠ ᠴᠢᠳᠠᠪᠦᠷᠢ ᠶᠢᠨ ᠪᠤᠯᠪᠠᠰᠤᠷᠠᠯ ᠪᠠ ᠶᠡᠭᠡ ᠰᠤᠷᠭᠠᠭᠤᠯᠢ ᠲᠡᠭᠦᠰᠤᠭ᠍ᠰᠡᠳ ᠵᠡᠷᠭᠡ ᠶᠢᠨ ᠠᠵᠢᠯ ᠤᠯᠭᠤᠬᠤ ᠵᠢᠯᠤᠭᠤᠳᠤᠯᠭ᠎ᠠ ᠶᠢ ᠰᠠᠶᠢᠳᠤᠷ ᠠᠳᠬᠤᠵᠦ᠂ ᠠᠵᠢᠯᠲᠡᠨ ᠬᠡᠷᠡᠭᠯᠡᠬᠦ ᠬᠦᠴᠢᠷᠳᠡᠯ ᠪᠠ ᠠᠵᠢᠯ ᠤᠯᠬᠤ ᠳᠤ ᠬᠦᠴᠢᠷᠲᠠᠢ ᠪᠠᠶᠢᠬᠤ ᠪᠦᠲᠦᠴᠡ ᠶᠢᠨ ᠴᠢᠨᠠᠷᠲᠠᠢ ᠵᠦᠷᠢᠴᠡᠯ ᠢ ᠴᠢᠳᠠᠬᠤ ᠎ ᠶᠢᠨ ᠬᠢᠷᠢ ᠪᠠᠷ ᠰᠢᠢᠳᠪᠦᠷᠢᠯᠡᠨ᠎ᠡ᠃ ᠪᠠᠩᠬᠢ ᠪᠤᠯᠦᠨ ᠠᠵᠦ ᠠᠬᠤᠶᠢᠯᠠᠯ ᠤᠨ ᠬᠠᠮᠳᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠳᠤᠷᠠᠯᠴᠠᠭᠠᠨ ᠤ ᠵᠠᠭᠪᠤᠷ ᠢ ᠲᠠᠰᠤᠷᠠᠯᠲᠡ ᠦᠭᠡᠢ ᠰᠢᠨᠡᠳᠭᠡᠵᠦ᠂ ᠠᠷᠠᠳ ᠤᠨ ᠡᠵᠡᠩᠨᠡᠭᠰᠡᠨ ᠠᠵᠦ ᠠᠬᠤᠶᠢᠯᠠᠯ ᠪᠠ ᠳᠤᠮᠲᠡ ᠵᠢᠵᠢᠭ ᠠᠵᠦ ᠠᠬᠤᠶᠢᠯᠠᠯ ᠤᠨ ᠪᠡᠯᠡ ᠲᠤᠬᠢᠷᠠᠭᠤᠯᠬᠤ ᠠᠷᠭ᠎ᠠ ᠵᠠᠮ ᠢ ᠦᠷᠭᠡᠳᠭᠡᠵᠦ᠂ ᠪᠤᠳᠠᠳᠤ ᠴᠤᠭᠴᠠ ᠶᠢᠨ ᠠᠵᠦ ᠠᠬᠤᠢ ᠶᠢᠨ ᠬᠦᠭᠵᠢᠯᠲᠡ ᠳᠤ ᠤᠯᠠᠨ ᠶᠠᠩᠵᠤᠴᠢᠯᠠᠭᠰᠠᠨ ᠮᠦᠩᠭᠦᠨ ᠭᠦᠢᠯᠭᠡᠭᠡᠨ ᠤ ᠬᠡᠷᠡᠭᠴᠡᠭᠡ ᠱᠠᠭᠠᠷᠲᠠᠯᠭ᠎ᠠ ᠶᠢ ᠬᠠᠩᠭᠠᠨ᠎ᠠ᠃         ᠠᠵᠦ ᠠᠬᠤᠢ ᠶᠢᠨ ᠬᠦᠭᠵᠢᠯᠲᠡ ᠶᠢᠨ ᠰᠠᠭᠤᠷᠢ ᠶᠢ ᠪᠠᠳᠤᠵᠢᠭᠤᠯᠤᠨ᠎ᠠ᠃ ᠲᠤᠭᠲᠠᠭᠤᠨ ᠪᠡᠯᠡ ᠤᠷᠤᠭᠤᠯᠤᠯᠲᠡ ᠶᠢᠨ ᠱᠠᠭᠠᠷᠳᠠᠯᠭ᠎ᠠ ᠶᠢ ᠪᠦᠬᠦ ᠬᠦᠴᠦᠨ ᠢᠶᠠᠷ ᠢᠶᠠᠨ ᠲᠤᠤᠱᠯᠠᠭᠤᠯᠵᠦ᠂ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠤᠭᠠᠯᠠᠭᠰᠠᠨ ᠭᠤᠤᠯᠳᠠᠯᠭ᠎ᠠ ᠲᠠᠢ ᠵᠦᠢᠯᠡᠰ ᠤᠨ ᠬᠠᠷᠢᠭᠤᠴᠠᠯᠭ᠎ᠠ ᠶᠢᠨ ᠳᠦᠷᠢᠮ ᠢ ᠰᠠᠶᠢᠳᠤᠷ ᠨᠠᠶᠢᠳᠠᠪᠦᠷᠢᠵᠢᠭᠤᠯᠵᠦ᠂ ᠲᠦᠷᠦᠯ ᠵᠦᠢᠯ ᠢ ᠵᠤᠬᠢᠴᠠᠭᠤᠯᠬᠤ ᠪᠠ ᠮᠦᠷᠳᠡᠨ ᠳᠠᠭᠠᠵᠦ ᠦᠢᠯᠡᠴᠢᠯᠡᠭᠡ ᠬᠠᠩᠭᠠᠬᠤ ᠪᠠᠨ ᠴᠢᠩᠭᠠᠳᠬᠠᠵᠦ᠂ ᠪᠡᠯᠡ ᠮᠦᠩᠭᠦ ᠶᠢ ᠢᠳᠡᠪᠬᠢᠲᠠᠢ ᠲᠡᠮᠡᠴᠡᠨ ᠤᠯᠵᠦ᠂ ᠲᠤᠰ ᠵᠢᠯ ᠤᠨ 100.8 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠭᠰᠡᠨ 74 ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠡ ᠎ ᠶᠢ ᠬᠦᠴᠦᠯᠡᠨ ᠠᠬᠢᠭᠤᠯᠵᠦ᠂ ᠠᠵᠦ ᠠᠬᠤᠢ ᠶᠢᠨ ᠲᠤᠭᠲᠠᠭᠤᠨ ᠨᠡᠮᠡᠭᠳᠡᠯ ᠢ ᠪᠠᠳᠤᠯᠠᠵᠠᠢ᠃ ︽ᠠᠷᠪᠠᠨ ᠲᠦᠷᠪᠡᠳᠤᠭᠡᠷ ᠲᠠᠪᠤᠨ ᠵᠢᠯ︾᠎ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠶᠢ ᠡᠬᠢᠯᠡᠭᠦᠯᠵᠦ᠂ ᠲᠦᠷᠦᠯ ᠵᠦᠢᠯ ᠢ ᠨᠠᠷᠢᠨ ᠨᠢᠮᠪᠠᠢ ᠲᠦᠰᠦᠪᠯᠡᠵᠦ᠂ ᠰᠢᠨᠵᠢᠯᠡᠬᠦ ᠤᠬᠠᠭᠠᠨᠴᠢ ᠪᠠᠷ ᠲᠤᠭᠲᠠᠭᠠᠵᠦ᠂ ᠦᠪᠡᠷᠳᠡᠭᠡᠨ ᠵᠠᠰᠠᠬᠤ ᠤᠷᠤᠨ ᠪᠠ ᠤᠯᠤᠰ ᠎ ᠤᠨ ᠶᠡᠷᠤᠩᠬᠡᠢ ᠬᠦᠭᠵᠢᠯᠲᠡ ᠶᠢᠨ ᠲᠦᠯᠦᠪᠵᠢᠭᠦᠯᠭᠡ ᠶᠢᠨ ᠬᠡᠪᠴᠢᠶ᠎ᠡ ᠳᠤ ᠤᠷᠤᠭᠤᠯᠬᠤ ᠪᠠᠷ ᠴᠢᠷᠮᠠᠶᠢᠨ᠎ᠠ᠃ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠵᠦ᠂ ᠬᠦᠬᠡᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ᠂ ᠪᠦᠸᠧᠬᠠᠢ ᠲᠠᠩᠬᠢᠰ ᠢ ᠲᠤᠭᠤᠷᠢᠭᠰᠡᠨ ᠭᠠᠵᠠᠷ ᠵᠡᠷᠭᠡ ᠭᠤᠤᠯᠳᠠᠯᠭ᠎ᠠ ᠎ ᠲᠠᠢ ᠤᠷᠤᠨ ᠪᠦᠰᠠ ᠶᠢᠨ ᠠᠵᠦ ᠦᠢᠯᠡᠰ ᠤᠨ ᠰᠢᠯᠵᠢᠯᠲᠡ ᠶᠢ ᠬᠦᠯᠢᠶᠡᠨ ᠠᠪᠴᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠬᠡᠯᠪᠡᠷᠢ ᠶᠢᠨ ᠠᠵᠦ ᠦᠢᠯᠡᠰ᠂ ᠳᠡᠭᠡᠳᠤ ᠰᠢᠨ᠎ᠡ ᠮᠡᠷᠭᠡᠵᠢᠯ ᠤᠨ ᠠᠵᠦ ᠦᠢᠯᠡᠰ ᠪᠠ ᠤᠳᠤ ᠦᠶ᠎ᠡ ᠎ ᠶᠢᠨ ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ ᠢ ᠶᠡᠬᠡᠪᠡᠷ ᠤᠷᠤᠭᠤᠯᠤᠨ ᠠᠪᠴᠢᠷᠠᠨ᠎ᠠ᠃ ᠤᠨᠤᠪᠴᠢᠲᠠᠢ ᠬᠤᠳᠠᠯᠳᠤᠭᠠᠴᠢᠨ ᠰᠤᠩᠭᠤᠬᠤ ᠶᠢ ᠲᠤᠪᠤᠶᠢᠯᠭᠠᠵᠦ᠂ ᠳᠡᠭᠡᠳᠤ ᠳᠡᠰ ᠤᠨ ᠠᠵᠦ ᠦᠢᠯᠡᠰ ᠢ ᠭᠤᠤᠯᠳᠠᠯᠭ᠎ᠠ ᠲᠠᠢ ᠪᠠᠷ ᠤᠷᠤᠭᠤᠯᠵᠦ᠂ ᠡᠷᠬᠢᠨ ᠲᠤᠭᠤᠷᠢᠨ ᠤ ᠠᠵᠦ ᠠᠬᠤᠢ ᠶᠢᠨ ᠬᠦᠷᠢᠶᠡᠯᠡᠩ ᠲᠠᠢ ᠬᠡᠯᠪᠡᠶᠢᠭᠦᠤ ᠬᠦᠭᠵᠢᠨ᠎ᠡ᠃ ᠵᠢᠶᠠᠩᠰᠢ ᠎ ᠶᠢᠨ ᠢ ᠴᠦᠨ ᠤ ᠠᠶᠠᠨᠴᠢᠳ ᠤᠨ ᠲᠡᠷᠭᠡ᠂ ᠱᠠᠩᠬᠠᠢ ᠶᠢᠨ ᠲᠢᠶᠠᠨ ᠹᠠᠨ ᠵᠡᠷᠭᠡ 6 ᠰᠢᠨ᠎ᠡ ᠭᠡᠷ᠎ᠡ ᠲᠤᠭᠲᠠᠭᠰᠠᠨ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠦ᠂ ᠬᠠᠮᠳᠤᠷᠠᠨ ᠠᠵᠢᠯᠯᠠᠬᠤ ᠰᠠᠨᠠᠭ᠎ᠠ ᠎ ᠲᠠᠢ ᠲᠦᠷᠦᠯ ᠵᠦᠢᠯ ᠢ ᠭᠡᠷ᠎ᠡ ᠲᠤᠭᠲᠠᠵᠦ ᠨᠠᠶᠢᠳᠠᠪᠦᠷᠢᠵᠢᠭᠤᠯᠪᠠ᠃         ︵ᠭᠤᠷᠪᠠ︶ ᠬᠠᠷᠢᠯᠴᠠᠨ ᠠᠬᠢᠭᠤᠯᠵᠦ᠂ ᠵᠤᠬᠢᠴᠠᠯᠳᠤᠨ ᠬᠦᠭᠵᠢᠵᠦ᠂ ᠬᠤᠲᠡ ᠬᠦᠳᠡᠭᠡ ᠶᠢ ᠠᠭᠤᠰᠤᠯᠴᠠᠭᠤᠯᠤᠨ ᠤᠷᠢᠳᠠᠪᠡᠷ ᠬᠡᠷᠡᠭᠵᠢᠭᠦᠯᠬᠦ ᠤᠷᠤᠨ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ         ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠦᠷᠭᠡᠳᠭᠡᠨ ᠬᠡᠷᠡᠭᠵᠢᠭᠦᠯᠦᠨ᠎ᠡ᠃ ︽ᠠᠮᠢ ᠠᠬᠤᠢ ᠶᠢᠨ ᠴᠡᠭᠡᠯ ᠠᠭᠤᠯᠠ︾᠎ ᠶᠢᠨ ᠪᠦᠲᠦᠭᠡᠨ ᠪᠠᠶᠢᠭᠤᠯᠤᠯᠲᠡ ᠶᠢᠨ ᠬᠠᠷᠠᠯᠲᠡ ᠶᠤᠰᠤᠭᠠᠷ᠂ ︽ᠵᠢᠵᠢᠭ ᠮᠦᠷᠳᠡᠭᠡᠨ ᠨᠠᠷᠢᠯᠢᠭ︾ ᠤᠨᠴᠠᠯᠢᠭ ᠪᠦᠬᠦᠢ ᠠᠵᠦ ᠦᠢᠯᠡᠰ ᠢ ᠬᠦᠮᠦᠵᠢᠭᠦᠯᠵᠦ᠂ ︽ᠪᠠᠭ᠎ᠠ ᠮᠦᠷᠳᠡᠭᠡᠨ ᠰᠠᠶᠢᠬᠠᠨ︾ ᠬᠤᠲᠡ ᠶᠢᠨ ᠬᠤᠶᠢᠳᠤ ᠴᠡᠴᠡᠭ ᠤᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃ ︽ᠲᠠᠷᠢᠶᠠᠨ ᠭᠠᠵᠠᠷ ᠢ ᠨᠡᠷ᠎ᠡ ᠪᠤᠷᠤᠭᠤᠯᠠᠵᠦ ᠡᠵᠡᠯᠡᠭᠰᠡᠨ ᠬᠠᠤᠯᠢ ᠪᠤᠰᠦ ᠪᠠᠷᠢᠯᠭ᠎ᠠ︾᠎ ᠶᠢ ᠡᠷᠡᠰ ᠲᠤᠶᠢᠯᠪᠤᠷᠢᠲᠠᠢ ᠴᠡᠪᠡᠷᠯᠡᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠦᠨᠡᠨ ᠬᠦ ᠬᠠᠮᠠᠭᠠᠯᠠᠪᠠ᠃ 1600 ᠲᠦᠮᠡᠨ ᠲᠦᠭᠦᠷᠢᠭ ᠎ ᠤᠨ ᠪᠡᠯᠡ ᠤᠷᠤᠭᠤᠯᠵᠦ᠂ ᠪᠠᠷᠠᠭᠤᠨ ᠬᠡᠰᠡᠭ ᠤᠨ ᠭᠠᠵᠠᠷ ᠤᠷᠤᠨ ᠤ ᠤᠰᠤ ᠠᠷᠪᠢᠯᠠᠵᠦ ᠠᠰᠢᠭᠯᠠᠮᠵᠢ ᠶᠢ ᠨᠡᠮᠡᠭᠳᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠤᠩᠬᠡᠶᠢᠯᠡᠭᠰᠡᠨ ᠦᠭᠡᠷᠡᠴᠢᠯᠡᠯᠲᠡ ᠶᠢ ᠢᠳᠡᠪᠬᠢᠲᠠᠢ ᠲᠦᠯᠬᠢᠨ ᠠᠬᠢᠭᠤᠯᠵᠦ᠂ ᠲᠠᠷᠢᠶᠠᠯᠠᠩ ᠤᠨ ᠬᠡᠷᠡᠭᠯᠡᠬᠦ ᠤᠰᠤ ᠶᠢ ᠪᠠᠳᠤᠯᠠᠨ᠎ᠠ᠃ 1.2 ᠳ᠋ᠦᠩᠰᠢᠭᠤᠷ ᠲᠦᠭᠦᠷᠢᠭ ᠤᠨ ᠪᠡᠯᠡ ᠴᠤᠭᠯᠠᠭᠤᠯᠵᠦ᠂ ᠦᠶᠡᠷ ᠤᠨ ᠤᠰᠤᠨ ᠳᠤ ᠡᠪᠳᠡᠭᠳᠡᠭᠰᠡᠨ ᠪᠠ ᠡᠪᠳᠡᠷᠡᠵᠦ ᠰᠦᠢᠳᠦᠭᠰᠡᠨ ᠤᠰᠤᠨ ᠰᠤᠪᠠᠭ ᠤᠨ ᠰᠢᠰᠲ᠋ᠧᠮ ᠢ ᠰᠠᠯᠪᠢᠨ ᠵᠠᠰᠠᠬᠤ ᠢᠨᠵᠧᠨᠧᠷᠢᠩ ᠳᠤ ᠬᠡᠷᠡᠭᠵᠢᠭᠦᠯᠵᠦ᠂ ᠴᠡᠭᠡᠯ ᠤᠨ ᠭᠤᠤ᠂ ᠮᠤᠷᠤᠢ ᠭᠤᠤᠯ ᠵᠡᠷᠭᠡ ᠭᠤᠤᠯᠳᠠᠯᠭ᠎ᠠ ᠲᠠᠢ ᠦᠶᠡᠷ ᠵᠠᠯᠠᠬᠤ ᠰᠤᠪᠠᠭ ᠤᠨ ᠵᠠᠮ ᠤᠨ ᠵᠠᠰᠠᠯᠲᠠ ᠶᠢ ᠲᠦᠷᠭᠡᠳᠭᠡᠨ ᠠᠬᠢᠭᠤᠯᠵᠦ᠂ ᠦᠶᠡᠷ ᠢ ᠰᠡᠷᠭᠡᠶᠢᠯᠡᠵᠦ ᠭᠠᠮᠰᠢᠭ ᠢ ᠡᠰᠡᠷᠭᠦᠴᠡᠬᠦ ᠴᠢᠳᠠᠪᠦᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ︽ᠬᠦᠳᠡᠭᠡ ᠲᠤᠰᠬᠤᠨ ᠤ ᠲᠦᠷᠪᠡᠨ ᠰᠠᠶᠢᠲᠠᠢ ᠵᠠᠮ︾᠎ ᠤᠨ ᠪᠦᠲᠦᠭᠡᠨ ᠪᠠᠶᠢᠭᠤᠯᠤᠯᠲᠡ ᠪᠠ ︽ᠵᠤᠷᠯᠤᠩ ᠤᠨ ᠦᠭᠡᠷᠡᠴᠢᠯᠡᠯᠲᠡ︾ ᠎ ᠶᠢ ᠲᠦᠯᠬᠢᠨ ᠠᠬᠢᠭᠤᠯᠵᠦ᠂ ᠬᠠᠶᠠᠭᠳᠠᠮᠡᠯ ᠤᠰᠤ ᠲᠠᠢ ᠨᠦᠬᠡ ᠨᠠᠭᠤᠷ ᠢ ᠶᠡᠷᠤᠩᠬᠡᠶᠢᠯᠡᠨ ᠴᠡᠭᠴᠡᠯᠡᠨ ᠵᠠᠰᠠᠬᠤ ᠵᠡᠷᠭᠡ ᠢᠨᠵᠧᠨᠧᠷᠢᠩ ᠢ ᠡᠬᠢᠯᠡᠭᠦᠯᠵᠦ᠂ ᠬᠤᠭ ᠨᠤᠪᠰᠢ ᠶᠢ ᠰᠢᠢᠳᠪᠦᠷᠢᠯᠡᠬᠦ ᠪᠠ ᠲᠠᠬᠢᠨ ᠡᠭᠦᠰᠴᠦ ᠪᠤᠯᠬᠤ ᠡᠬᠢ ᠪᠠᠶᠠᠯᠢᠭ ᠢ ᠲᠦᠷᠦᠯ ᠬᠤᠪᠢᠶᠠᠬᠤ ᠲᠦᠭᠦᠭᠡᠷᠤᠮᠵᠢ ᠶᠢ ᠪᠦᠲᠦᠭᠡᠨ ᠪᠠᠶᠢᠭᠤᠯᠵᠦ᠂ 2000 ᠲᠦᠮᠡᠨ ᠲᠦᠭᠦᠷᠢᠭ ᠤᠨ ᠪᠡᠯᠡ ᠤᠷᠤᠭᠤᠯᠵᠦ᠂ ᠲᠠᠷᠢᠶᠠᠯᠠᠬᠤ ᠤᠷᠤᠨ ᠤ ᠠᠮᠢᠳᠤᠷᠠᠯ ᠤᠨ ᠪᠤᠬᠢᠷ ᠤᠰᠤ ᠶᠢ ᠲᠦᠪᠯᠡᠷᠡᠭᠦᠯᠦᠨ ᠰᠢᠢᠳᠪᠦᠷᠢᠯᠡᠬᠦ ᠢᠨᠵᠧᠨᠧᠷᠢᠩ ᠢ ᠠᠯᠬᠤᠮ ᠬᠤᠪᠢᠶᠠᠨ ᠬᠡᠷᠡᠭᠵᠢᠭᠦᠯᠵᠦ᠂ ᠲᠠᠷᠢᠶᠠᠯᠠᠬᠤ ᠤᠷᠤᠨ ᠤ ᠪᠤᠬᠢᠷᠳᠤᠯ ᠦᠭᠡᠢ ᠦᠢᠯᠡᠳᠪᠦᠷᠢᠯᠡᠯ᠂ ᠠᠮᠢᠳᠤᠷᠠᠯ ᠤᠨ ᠠᠷᠭ᠎ᠠ ᠮᠠᠶ᠋ᠢᠭ ᠢ ᠲᠦᠯᠬᠢᠨ ᠠᠬᠢᠭᠤᠯᠤᠨ᠎ᠠ᠃ ᠰᠤᠶᠤᠯ᠂ ᠵᠤᠭᠠᠴᠠᠯ ᠵᠡᠷᠭᠡ ᠡᠯ᠎ᠡ ᠵᠦᠢᠯ ᠤᠨ ᠡᠯᠧᠮᠧᠨ᠋ᠲ ᠶᠢ ᠬᠤᠷᠠᠮᠳᠤᠭᠤᠯᠤᠨ᠂ ᠦᠵᠤᠮ ᠤᠨ ᠠᠵᠦ ᠦᠢᠯᠡᠰ ᠤᠨ ᠶᠡᠷᠤᠩᠬᠡᠢ ᠴᠤᠭᠴᠠ ᠪᠤᠯᠦᠨ ᠬᠠᠳᠤᠨ ᠭᠤᠤᠯ ᠲᠠᠭᠠᠤ ᠲᠠᠷᠢᠶᠠᠯᠠᠩ ᠤᠨ ᠶᠡᠷᠤᠩᠬᠡᠶᠢᠯᠡᠭᠰᠡᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠡ ᠶᠢ ᠲᠦᠯᠬᠢᠨ ᠠᠬᠢᠭᠤᠯᠵᠦ᠂ ᠦᠵᠤᠮ᠂ ᠢᠳᠡᠰᠢᠨ ᠨᠤᠭᠤᠭ᠎ᠠ ᠵᠡᠷᠭᠡ ᠪᠤᠬᠢᠷᠳᠤᠯ ᠦᠭᠡᠢ ᠠᠮᠢ ᠠᠬᠤᠢ ᠶᠢᠨ ᠲᠠᠷᠢᠶᠠᠯᠠᠩ ᠢ ᠦᠷᠭᠦᠯᠵᠢᠯᠡᠨ ᠬᠦᠭᠵᠢᠭᠦᠯᠦᠨ᠎ᠡ᠃ ᠲᠠᠷᠢᠶᠠᠯᠠᠩ ᠤᠨ ᠳᠠᠭᠠᠭᠤᠯᠤᠭᠴᠢ ᠠᠵᠦ ᠠᠬᠤᠶᠢᠯᠠᠯ ᠢ ᠬᠦᠭᠵᠢᠭᠦᠯᠦᠨ ᠪᠤᠵᠠᠭᠠᠶᠢᠷᠠᠭᠤᠯᠬᠤ ᠶᠢ ᠵᠤᠷᠢᠭᠵᠢᠭᠤᠯᠵᠦ᠂ ᠨᠡᠩ ᠨᠢᠭ᠌ᠲᠡ ᠲᠠᠷᠢᠶᠠᠯᠠᠩ ᠤᠨ ᠠᠵᠦ ᠠᠬᠤᠶᠢᠯᠠᠯ ᠤᠨ ᠠᠰᠢᠭ ᠲᠤᠰᠠ ᠎ ᠶᠢᠨ ᠬᠤᠯᠪᠤᠭᠠᠨ ᠤ ᠲᠤᠭᠲᠠᠴᠠ ᠶᠢ ᠪᠠᠶᠢᠭᠤᠯᠵᠦ᠂ ᠲᠠᠷᠢᠶᠠᠴᠢᠳ ᠢ ︽ᠲᠠᠷᠢᠶᠠᠴᠢᠨ ᠤ ᠬᠤᠭᠤᠯᠠᠨ ᠭᠡᠷ︾ ︽ᠵᠢᠭᠠᠰᠤᠴᠢᠨ ᠤ ᠬᠤᠭᠤᠯᠠᠨ ᠭᠡᠷ︾ ︽ᠦᠪᠡᠷᠮᠢᠴᠡ ᠤᠨᠴᠠᠯᠢᠭ ᠲᠠᠢ ᠲᠡᠭᠦᠭᠦᠯᠲᠡ︾ ᠵᠡᠷᠭᠡ ᠡᠵᠡᠩᠨᠡᠬᠦ ᠶᠢ ᠳᠡᠮᠵᠢᠨ ᠲᠡᠳᠭᠦᠵᠦ᠂ ᠲᠠᠷᠢᠶᠠᠴᠢᠳ ᠤᠨ ᠤᠷᠤᠯᠭ᠎ᠠ ᠪᠠᠨ ᠦᠷᠭᠦᠯᠵᠢᠯᠡᠨ ᠨᠡᠮᠡᠭᠳᠡᠭᠦᠯᠵᠦ ᠪᠠᠶᠠᠵᠢᠬᠤ ᠶᠢ ᠪᠠᠳᠤᠯᠠᠨ᠎ᠠ᠃        ᠠᠮᠢᠳᠤᠷᠠᠯ ᠤᠨ ᠴᠢᠨᠠᠷ ᠴᠢᠨᠰᠠᠭ᠎ᠠ ᠦᠨᠳᠤᠷ ᠭᠠᠵᠠᠷ ᠤᠷᠤᠨ ᠢ ᠪᠦᠲᠦᠭᠡᠨ ᠪᠠᠶᠢᠭᠤᠯᠤᠨ᠎ᠠ᠃ ᠲᠦᠯᠦᠪᠵᠢᠭᠦᠯᠦᠨ ᠬᠦᠲᠦᠯᠦᠨ ᠳᠠᠭᠠᠭᠤᠯᠬᠤ ᠶᠢ ᠪᠠᠷᠢᠮᠲᠠᠯᠠᠵᠦ᠂ ᠳᠦᠭᠦᠮ ᠪᠦᠳᠦᠭᠦᠯᠢᠭ ᠤᠷᠤᠨ ᠰᠠᠭᠤᠴᠠ ᠶᠢ ᠴᠡᠭᠴᠡᠯᠡᠨ ᠵᠠᠰᠠᠬᠤ ᠪᠠᠷ ᠭᠤᠤᠯ ᠪᠤᠯᠭᠠᠵᠦ᠂ ︽ᠬᠤᠶᠠᠷ ᠢ ᠡᠭᠦᠳᠬᠦ︾ ᠠᠵᠢᠯ ᠲᠠᠢ ᠤᠶᠠᠯᠳᠤᠭᠤᠯᠤᠨ᠂ ᠨᠤᠷᠠᠭᠠᠵᠦ ᠪᠤᠯᠬᠤ ᠶᠢ ᠨᠤᠷᠠᠭᠠᠵᠦ᠂ ᠦᠭᠡᠷᠡᠴᠢᠯᠡᠵᠦ ᠪᠤᠯᠬᠤ ᠶᠢ ᠦᠭᠡᠷᠡᠴᠢᠯᠡᠵᠦ᠂ ᠵᠠᠰᠠᠵᠦ ᠪᠤᠯᠬᠤ ᠶᠢ ᠵᠠᠰᠠᠵᠦ᠂ ᠭᠤᠤᠯ ᠬᠤᠲᠡ ᠶᠢᠨ ᠲᠤᠭᠤᠷᠢᠭ ᠤᠨ ᠰᠠᠭᠤᠷᠢᠰᠢᠨ ᠠᠮᠢᠳᠤᠷᠠᠬᠤ ᠳᠤ ᠲᠤᠬᠢᠷᠠᠮᠵᠢᠲᠠᠢ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠭᠠᠵᠠᠷ ᠲᠠᠲᠠᠪᠦᠷᠢᠯᠠᠨ ᠨᠤᠷᠠᠭᠠᠵᠦ ᠨᠡᠭᠦᠯᠭᠡᠬᠦ ᠠᠵᠢᠯ ᠢ ᠲᠦᠷᠭᠡᠳᠭᠡᠨ ᠠᠬᠢᠭᠤᠯᠤᠨ᠎ᠠ᠃ ᠭᠠᠵᠠᠷ ᠲᠠᠲᠠᠪᠦᠷᠢᠯᠠᠨ ᠨᠤᠷᠠᠭᠠᠵᠦ ᠨᠡᠭᠦᠯᠭᠡᠬᠦ ᠠᠵᠢᠯ ᠢ ᠬᠤᠲᠡ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠶᠢᠨ ᠰᠠᠭᠤᠷᠢ ᠪᠠ ᠤᠷᠢᠳᠠᠯ ᠨᠦᠬᠦᠴᠡᠯ ᠪᠤᠯᠭᠠᠵᠦ᠂ ᠳᠡᠭᠡᠳᠤ ᠱᠠᠳᠤ ᠲᠠᠢ ᠢᠳᠡᠪᠬᠢᠲᠠᠢ ᠵᠤᠯᠭᠠᠵᠦ᠂ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠳᠤᠷ ᠬᠡᠷᠡᠭᠯᠡᠵᠦ᠂ ᠵᠦᠩ ᠾᠧ ᠶᠤᠸᠠᠨ ᠨᠡᠶᠢᠭᠡᠮ ᠲᠤᠭᠤᠷᠢᠭ ᠤᠨ ᠳᠦᠭᠦᠮ ᠪᠦᠳᠦᠭᠦᠯᠢᠭ ᠤᠷᠤᠨ ᠰᠠᠭᠤᠴᠠᠳᠤ ᠲᠤᠭᠤᠷᠢᠭ᠂ ᠱᠢ ᠴᠧᠩ ᠵᠡᠭᠦᠨ ᠵᠡᠭᠡᠯᠢ ᠶᠢᠨ ᠬᠤᠶᠢᠳᠤ ᠨᠠᠢᠮᠠᠨ ᠵᠡᠷᠭᠡᠯᠳᠡᠭᠡ ᠠᠶᠢᠯ ᠵᠡᠷᠭᠡ ᠲᠦᠷᠦᠯ ᠵᠦᠢᠯ ᠤᠨ ᠲᠠᠲᠠᠪᠦᠷᠢᠯᠠᠬᠤ ᠠᠵᠢᠯ ᠢ ᠡᠬᠢᠯᠡᠭᠦᠯᠵᠦ᠂ 4100 ᠰᠠᠭᠤᠷᠢ ᠳᠦᠭᠦᠮ ᠪᠦᠳᠦᠭᠦᠯᠢᠭ ᠤᠷᠤᠨ ᠰᠠᠭᠤᠴᠠ ᠎ ᠶᠢ ᠦᠭᠡᠷᠡᠴᠢᠯᠡᠬᠦ ᠡᠭᠦᠷᠬᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠦ᠂ ᠦᠨᠳᠤᠷ ᠬᠤᠷᠳᠤᠴᠠᠳᠤ ᠲᠡᠮᠤᠷ ᠵᠠᠮ᠂ ᠵᠠᠰᠠᠮᠡᠯ ᠵᠠᠮ ᠲᠡᠮᠤᠷ ᠵᠠᠮ ᠤᠨ ᠵᠦᠷᠢᠯᠢᠭ ᠬᠦᠭᠦᠷᠭᠡ᠂ ᠨᠡᠶᠢᠲᠡ ᠶᠢᠨ ᠮᠠᠰᠢᠨ ᠲᠡᠷᠭᠡᠨ ᠤ ᠭᠤᠤᠯ ᠵᠠᠩᠬᠢᠯᠠᠭ᠎ᠠ ᠵᠡᠷᠭᠡ ᠭᠤᠤᠯᠳᠠᠯᠭ᠎ᠠ ᠲᠠᠢ ᠢᠨᠵᠧᠨᠧᠷᠢᠩ ᠤᠨ ᠭᠠᠵᠠᠷ ᠲᠠᠲᠠᠪᠦᠷᠢᠯᠠᠨ ᠨᠤᠷᠠᠭᠠᠵᠦ ᠨᠡᠭᠦᠯᠭᠡᠬᠦ ᠠᠵᠢᠯ ᠢ ᠰᠠᠶᠢᠳᠤᠷ ᠬᠢᠵᠦ᠂ ᠦᠬᠠᠢ ᠶᠢᠨ ᠠᠷᠠᠳ ᠲᠦᠮᠡᠨ ᠤ ᠦᠨᠳᠤᠷ ᠬᠤᠷᠳᠤᠴᠠᠳᠤ ᠲᠡᠮᠤᠷ ᠵᠠᠮ ᠤᠨ ᠵᠡᠭᠦᠳᠤ ᠡᠷᠳᠡᠬᠡᠨ ᠳᠡᠷᠭᠡᠯᠰᠢᠬᠦ ᠶᠢ ᠲᠦᠯᠬᠢᠨ ᠠᠬᠢᠭᠤᠯᠤᠨ᠎ᠠ᠃ ᠳᠦᠭᠦᠮ ᠪᠦᠲᠦᠭᠦᠯᠢᠭ ᠤᠷᠤᠨ ᠰᠠᠭᠤᠴᠠ ᠶᠢᠨ ᠦᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠳᠦᠭᠦᠮ ᠪᠦᠳᠦᠭᠦᠯᠢᠭ ᠤᠷᠤᠨ ᠰᠠᠭᠤᠴᠠ ᠶᠢ ᠦᠭᠡᠷᠡᠴᠢᠯᠡᠨ ᠲᠦᠪᠬᠢᠨᠡᠭᠦᠯᠬᠦ ᠤᠷᠤᠨ ᠤ ᠪᠠᠶᠢᠭᠤᠯᠤᠯᠲᠡ ᠶᠢ ᠲᠦᠷᠭᠡᠳᠭᠡᠵᠦ᠂ ᠴᠢᠩ ᠱᠠᠨ ᠴᠡᠴᠡᠷᠯᠢᠭ ᠤᠨ ᠡᠮᠦᠨ᠎ᠡ᠂ ᠨᠢᠭᠡᠳᠤᠯᠲᠠᠢ ᠪᠠᠷᠢᠭᠰᠡᠨ ᠠᠰᠠᠷ ᠵᠡᠷᠭᠡ 5 ᠲᠦᠪᠬᠢᠨᠡᠭᠦᠯᠬᠦ ᠤᠷᠤᠨ ᠵᠠᠯᠭᠠᠭ᠎ᠠ ᠪᠠᠷ ᠪᠠᠷᠢᠯᠭ᠎ᠠ ᠳᠠᠭᠤᠰᠤᠨ ᠨᠡᠭᠦᠵᠦ ᠤᠷᠤᠵᠦ᠂ ᠵᠢᠶᠠᠨ ᠱᠧ ᠡᠮᠦᠨ᠎ᠡ ᠵᠠᠮ ᠤᠨ ᠪᠠᠷᠠᠭᠤᠨ᠂ ᠤᠨᠴᠠ ᠲᠦᠷᠦᠯ ᠤᠨ ᠲᠦᠭᠦᠭᠡᠷᠤᠮᠵᠢ ᠶᠢ ᠰᠢᠯᠭᠠᠨ ᠪᠠᠶᠢᠴᠠᠭᠠᠬᠤ ᠭᠠᠵᠠᠷ ᠤᠨ ᠡᠮᠦᠨ᠎ᠡ᠂ ᠴᠠᠬᠢᠯᠭᠠᠨ ᠤ ᠦᠢᠯᠡᠰ ᠤᠨ ᠲᠤᠪᠴᠢᠶᠠᠨ ᠤ ᠬᠤᠶᠢᠨ᠎ᠠ ᠵᠡᠷᠭᠡ 3 ᠲᠦᠪᠬᠢᠨᠡᠭᠦᠯᠬᠦ ᠤᠷᠤᠨ ᠤ ᠪᠠᠶᠢᠭᠤᠯᠤᠯᠲᠡ ᠶᠢ ᠯᠠᠪᠳᠠᠭᠤᠨ ᠪᠠᠳᠤᠲᠠᠢ ᠲᠦᠯᠬᠢᠨ ᠠᠬᠢᠭᠤᠯᠵᠦ᠂ ᠨᠢᠭᠡ ᠪᠦᠯᠦᠭ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠵᠠᠮ᠂ ᠬᠤᠭᠤᠯᠠᠢ ᠎ ᠶᠢᠨ ᠲᠤᠤᠷ ᠵᠡᠷᠭᠡ ᠢᠵᠢ ᠪᠦᠷᠢᠯᠳᠦᠭᠦᠯᠦᠭᠰᠡᠨ ᠲᠦᠭᠦᠭᠡᠷᠤᠮᠵᠢ ᠶᠢᠨ ᠲᠦᠷᠦᠯ ᠵᠦᠢᠯ ᠢ ᠪᠦᠲᠦᠭᠡᠨ ᠪᠠᠶᠢᠭᠤᠯᠤᠨ᠎ᠠ᠃ ᠬᠤᠲᠡ ᠶᠢᠨ ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠡ ᠶᠢ ᠲᠦᠷᠭᠡᠳᠭᠡᠨ ᠠᠬᠢᠭᠤᠯᠤᠨ᠎ᠠ᠃ ᠬᠤᠲᠡ ᠎ ᠶᠢᠨ ᠵᠠᠰᠠᠮᠡᠯ ᠵᠠᠮ ᠤᠨ ᠲᠤᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 6600 ᠲᠦᠮᠡᠨ ᠲᠦᠭᠦᠷᠢᠭ ᠤᠨ ᠪᠡᠯᠡ ᠤᠷᠤᠭᠤᠯᠵᠦ᠂ ᠰᠢᠨ᠎ᠡ ᠪᠠᠷ ᠪᠠᠶᠢᠭᠤᠯᠬᠤ᠂ ᠴᠡᠭᠴᠡᠯᠡᠨ ᠵᠠᠰᠠᠬᠤ᠂ ᠦᠭᠡᠷᠡᠴᠢᠯᠡᠭᠰᠡᠨ ᠵᠠᠰᠠᠮᠡᠯ ᠵᠠᠮ 6 ᠪᠠᠶᠢᠵᠦ ᠨᠡᠶᠢᠲᠡ 9.4 ᠺᠢᠯᠤᠮᠧᠲᠷ᠂ ᠬᠤᠲᠡ ᠲᠤᠭᠤᠷᠢᠭ ᠤᠨ 3 ᠲᠠᠰᠤᠷᠬᠠᠢ ᠵᠠᠰᠠᠮᠡᠯ ᠵᠠᠮ ᠢ ᠨᠡᠪᠳᠡᠷᠡᠭᠦᠯᠵᠦ᠂ ᠬᠤᠲᠡ ᠲᠤᠭᠤᠷᠢᠭ ᠤᠨ ᠵᠠᠰᠠᠮᠡᠯ ᠵᠠᠮ ᠤᠨ ᠳᠠᠭᠠᠭᠠᠴᠠ ᠶᠢᠨ ᠴᠢᠳᠠᠪᠦᠷᠢ ᠶᠢ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠦᠭᠡᠢ ᠪᠠᠶᠢᠬᠤ ᠶᠢ ᠪᠠᠳᠤᠯᠠᠵᠠᠢ᠃ ᠡᠨᠧᠷᠬᠢ ᠠᠷᠪᠢᠯᠠᠬᠤ ᠦᠭᠡᠷᠡᠴᠢᠯᠡᠯᠲᠡ ᠪᠠᠷ ᠭᠤᠤᠯ ᠪᠤᠯᠭᠠᠭᠰᠡᠨ 8.8 ᠲᠦᠮᠡᠨ ᠲᠡᠭᠰᠢ ᠲᠦᠷᠪᠡᠯᠵᠢᠨ ᠮᠧᠲᠷ ᠬᠠᠭᠤᠴᠢᠨ ᠰᠠᠭᠤᠭᠠᠯᠢ ᠲᠤᠭᠤᠷᠢᠭ ᠤᠨ ᠨᠢᠭᠤᠷ ᠲᠠᠯ᠎ᠠ ᠎ ᠶᠢᠨ ᠦᠭᠡᠷᠡᠴᠢᠯᠡᠯᠲᠡ ᠶᠢ ᠬᠡᠷᠡᠭᠵᠢᠭᠦᠯᠵᠦ᠂ ᠬᠤᠲᠡ ᠶᠢᠨ ᠬᠤᠭᠤᠯᠠᠢ ᠶᠢᠨ ᠲᠤᠤᠷ ᠢ ᠦᠭᠡᠷᠡᠴᠢᠯᠡᠬᠦ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠪᠤᠬᠢᠷᠳᠤᠯ ᠪᠤᠳᠠᠰ ᠭᠠᠳᠠᠭᠰᠢᠯᠠᠭᠤᠯᠬᠤ ᠬᠤᠭᠤᠯᠠᠢ 2.8 ᠺᠢᠯᠤᠮᠧᠲᠷ ᠦᠭᠡᠷᠡᠴᠢᠯᠡᠨ ᠵᠠᠰᠠᠵᠦ᠂ ᠤᠰᠤ ᠬᠠᠩᠭᠠᠬᠤ᠂ ᠬᠡᠢ ᠬᠠᠩᠭᠠᠬᠤ ᠵᠡᠷᠭᠡ ᠬᠤᠭᠤᠯᠠᠢ ᠶᠢᠨ ᠲᠤᠤᠷ ᠤᠨ ᠪᠦᠲᠦᠭᠡᠨ ᠪᠠᠶᠢᠭᠤᠯᠤᠯᠲᠡ ᠶᠢ ᠬᠠᠮᠵᠢᠯᠴᠠᠨ ᠰᠠᠶᠢᠳᠤᠷ ᠬᠢᠵᠦ᠂ ᠰᠢᠨ᠎ᠡ ᠪᠠᠷ ᠪᠠᠶᠢᠭᠤᠯᠤᠭᠰᠡᠨ ᠪᠠ ᠦᠭᠡᠷᠡᠴᠢᠯᠡᠨ ᠪᠠᠶᠢᠭᠤᠯᠤᠭᠰᠡᠨ ᠨᠡᠶᠢᠲᠡ ᠶᠢᠨ ᠵᠤᠷᠯᠤᠩ 20 ᠰᠠᠭᠤᠷᠢ᠃ ᠵᠡᠭᠦᠨ ᠠᠭᠤᠯᠠᠨ ᠤ ᠳᠦᠭᠦᠮ ᠪᠦᠳᠦᠭᠦᠯᠢᠭ ᠤᠷᠤᠨ ᠰᠠᠭᠤᠴᠠ ᠶᠢᠨ ᠦᠶᠡᠷ ᠤᠨ ᠬᠤᠩᠬᠢᠯ ᠵᠡᠷᠭᠡ ᠬᠤᠲᠡ ᠶᠢᠨ ᠦᠶᠡᠷ ᠤᠰᠤᠳᠠᠯ ᠢ ᠰᠡᠷᠭᠡᠶᠢᠯᠡᠬᠦ ᠦᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠤᠯᠠᠨ ᠲᠦᠮᠡᠨ ᠤ ᠠᠮᠢ ᠨᠠᠰᠦ ᠡᠳ᠋ ᠬᠦᠷᠤᠩᠭᠡ ᠶᠢᠨ ᠠᠮᠤᠷ ᠲᠦᠪᠰᠢᠨ ᠤ ᠬᠠᠮᠠᠭᠠᠯᠠᠭᠴᠢ ᠪᠤᠯᠦᠨ᠎ᠠ ᠃ ᠬᠤᠲᠡ ᠶᠢᠨ ᠨᠠᠷᠢᠯᠢᠭᠵᠢᠭᠤᠯᠤᠭᠰᠡᠨ ᠬᠠᠮᠢᠶᠠᠷᠤᠯᠲᠡ ᠶᠢ ᠭᠦᠨᠵᠡᠭᠡᠢ ᠠᠬᠢᠭᠤᠯᠤᠨ᠎ᠠ᠃ ᠪᠠᠶᠢᠭᠤᠯᠵᠦ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠵᠠᠮ ᠬᠠᠷᠢᠯᠴᠠᠭᠠᠨ ᠤ ᠲᠦᠭᠵᠢᠷᠡᠯ᠂ ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ᠂ ᠵᠠᠮ ᠢ ᠡᠵᠡᠯᠡᠨ ᠡᠵᠡᠩᠨᠡᠯᠲᠡ ᠬᠢᠬᠦ ᠵᠡᠷᠭᠡ ᠠᠰᠠᠭᠤᠳᠠᠯ ᠢ ᠤᠨᠢᠨ ᠳᠡᠭᠡᠷ᠎ᠡ ᠨᠢ ᠵᠠᠰᠠᠵᠦ᠂ ᠬᠤᠲᠡ ᠬᠦᠳᠡᠭᠡ ᠶᠢᠨ ᠠᠭᠤᠯᠵᠠᠷ ᠭᠠᠵᠠᠷ ᠵᠡᠷᠭᠡ ᠪᠤᠯᠤᠩ ᠲᠤᠬᠤᠢ ᠭᠠᠵᠠᠷ ᠤᠨ ᠬᠠᠮᠢᠶᠠᠷᠤᠯᠲᠡ ᠶᠢ ᠶᠡᠬᠡᠪᠡᠷ ᠴᠡᠭᠴᠡᠯᠡᠨ ᠵᠠᠰᠠᠵᠦ᠂ ᠴᠡᠪᠡᠷ ᠴᠡᠮᠴᠡᠭᠡᠷ᠂ ᠡᠮᠬᠢ ᠲᠢᠭᠯᠡᠮ ᠲᠠᠢ᠂ ᠪᠤᠯᠪᠠᠰᠦᠨ ᠬᠤᠲᠡ ᠶᠢᠨ ᠤᠷᠴᠢᠨ ᠲᠤᠭᠤᠷᠢᠨ ᠢ ᠴᠢᠷᠮᠠᠶᠢᠨ ᠪᠤᠢ ᠪᠤᠯᠭᠠᠨ᠎ᠠ᠃ ᠬᠤᠲᠡ ᠬᠦᠳᠡᠭᠡ ᠶᠢᠨ ᠰᠠᠭᠤᠷᠢ ᠲᠦᠭᠦᠭᠡᠷᠤᠮᠵᠢ ᠶᠢ ᠬᠠᠮᠠᠭᠠᠯᠠᠬᠤ ᠲᠤᠭᠲᠠᠴᠠ᠂ ᠤᠷᠴᠢᠨ ᠠᠬᠤᠢ ᠎ ᠶᠢᠨ ᠠᠷᠢᠭᠤᠨ ᠴᠡᠪᠡᠷ ᠤᠨ ᠨᠢᠭᠡ ᠴᠤᠭᠴᠠᠵᠢᠭᠤᠯᠤᠭᠰᠡᠨ ᠦᠢᠯᠡᠴᠢᠯᠡᠭᠡᠨ ᠤ ᠬᠢᠨᠠᠨ ᠬᠠᠮᠢᠶᠠᠷᠤᠯᠲᠡ ᠶᠢᠨ ᠲᠤᠭᠲᠠᠴᠠ ᠪᠤᠯᠦᠨ ᠠᠳᠠᠯ ᠠᠬᠤᠢ ᠶᠢᠨ ᠬᠠᠮᠢᠶᠠᠷᠤᠯᠲᠡ ᠶᠢᠨ ᠪᠠᠶᠢᠭᠤᠯᠤᠯ ᠢ ᠤᠯᠠᠮ ᠨᠢᠭᠡ ᠠᠯᠬᠤᠮ ᠳᠡᠭᠦᠯᠳᠡᠷᠵᠢᠭᠦᠯᠵᠦ᠂ ᠬᠤᠲᠡ ᠶᠢᠨ ᠶᠡᠷᠤᠩᠬᠡᠶᠢᠯᠡᠭᠰᠡᠨ ᠬᠠᠮᠢᠶᠠᠷᠤᠯᠲᠡ ᠶᠢ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ᠂ ᠬᠡᠪᠰᠢᠭᠦᠯᠦᠨ᠎ᠡ᠃         ︵ᠲᠦᠷᠪᠡ︶ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠦ᠂ ᠪᠤᠬᠢᠷᠳᠤᠯ ᠦᠭᠡᠢ ᠬᠦᠭᠵᠢᠯᠲᠡ ᠶᠢ ᠪᠠᠷᠢᠮᠲᠠᠯᠠᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠡ ᠶᠢᠨ ᠪᠤᠭᠤᠮᠲᠡ ᠰᠢᠪᠳᠤᠯᠬᠤ ᠤᠷᠤᠨ ᠢ ᠪᠦᠬᠦ  ᠬᠦᠴᠦᠨ ᠢᠶᠠᠷ ᠪᠦᠲᠦᠭᠡᠨ ᠪᠠᠶᠢᠭᠤᠯᠤᠨ᠎ᠠ         ᠠᠭᠠᠷ ᠮᠠᠨᠳᠤᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠳᠡᠭᠡᠷ᠎ᠡ ᠬᠦᠴᠦ ᠪᠠᠨ ᠲᠦᠪᠯᠡᠷᠡᠭᠦᠯᠦᠨ᠎ᠡ᠃ ᠳ᠋ᠧ ᠱᠧᠩ ᠵᠡᠷᠭᠡ 6 ᠠᠵᠦ ᠠᠬᠤᠶᠢᠯᠠᠯ ᠤᠨ ᠪᠤᠬᠢᠷᠳᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ ᠦᠭᠡᠷᠡᠴᠢᠯᠡᠬᠦ ᠲᠦᠷᠦᠯ ᠵᠦᠢᠯ ᠢ ᠲᠦᠷᠭᠡᠳᠭᠡᠨ ᠠᠬᠢᠭᠤᠯᠵᠦ᠂ ᠠᠵᠦ ᠦᠢᠯᠡᠳᠪᠦᠷᠢ ᠶᠢᠨ ᠪᠤᠬᠢᠷᠳᠤᠯ ᠤᠨ ᠡᠬᠢ ᠶᠢᠨ ᠭᠠᠳᠠᠭᠰᠢᠯᠠᠭᠤᠯᠤᠯᠲᠡ ᠶᠢ ᠪᠠᠷᠢᠮᠵᠢᠶᠠᠨ ᠳᠤ ᠬᠦᠷᠭᠡᠬᠦ ᠶᠢ ᠪᠡᠶᠡᠯᠡᠭᠦᠯᠦᠨ᠎ᠡ᠃ ᠨᠢᠭᠡᠨᠲᠡ ᠪᠠᠶᠢᠭᠤᠯᠤᠭᠰᠡᠨ 35 ᠲᠤᠨ ᠎ ᠠᠴᠠ ᠳᠤᠷᠤᠭᠰᠢᠬᠢ ᠠᠭᠤᠷᠰᠢᠭᠤᠯᠬᠤ ᠴᠢᠳᠠᠪᠬᠢᠳᠤ ᠨᠡᠭᠦᠷᠡᠰᠦ ᠰᠢᠲᠠᠭᠠᠬᠤ ᠭᠦᠸᠧᠯᠤ ᠶᠢ ᠡᠷᠡᠰ ᠰᠢᠯᠢᠳᠡᠭᠵᠢᠭᠦᠯᠵᠦ᠂ ᠪᠠᠶᠢᠰᠢᠩ ᠭᠡᠷ ᠢ ᠨᠤᠷᠠᠭᠠᠨ ᠨᠡᠭᠦᠯᠭᠡᠬᠦ ᠪᠠᠷ ᠳᠠᠮᠵᠢᠭᠤᠯᠦᠨ᠂ ᠲᠤᠰ ᠤᠷᠤᠨ ᠳᠤ ᠲᠦᠪᠯᠡᠷᠡᠭᠦᠯᠦᠨ ᠢᠯᠴᠢ ᠬᠠᠩᠭᠠᠬᠤ ᠪᠠ ᠬᠡᠷᠡᠭᠯᠡᠭᠡᠨ ᠤ ᠵᠤᠤᠬ᠎ᠠ ᠬᠡᠷᠡᠭᠰᠡᠯ ᠳᠤ ᠦᠭᠡᠷᠡᠴᠢᠯᠡᠯᠲᠡ ᠬᠢᠵᠦ᠂ ᠲᠠᠷᠠᠬᠠᠢ ᠪᠤᠲᠠᠷᠬᠠᠢ ᠪᠠᠷ ᠨᠡᠭᠦᠷᠡᠰᠦ ᠰᠢᠲᠠᠭᠠᠬᠤ ᠠᠰᠠᠭᠤᠳᠠᠯ ᠢ ᠲᠤᠶᠢᠯᠪᠦᠷᠢᠲᠠᠢ ᠰᠢᠢᠳᠪᠦᠷᠢᠯᠡᠵᠠᠢ᠃ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠶᠡᠷᠤᠩᠬᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠦ᠂ 2600 ᠭᠠᠷᠤᠢ ᠲᠦᠮᠡᠨ ᠲᠦᠭᠦᠷᠢᠭ ᠤᠨ ᠪᠡᠯᠡ ᠤᠷᠤᠭᠤᠯᠵᠦ᠂ 17 ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠶᠡᠷᠤᠩᠬᠡᠶᠢᠯᠡᠨ ᠵᠠᠰᠠᠬᠤ ᠲᠦᠷᠦᠯ ᠵᠦᠢᠯ ᠢ ᠪᠡᠶᠡᠯᠡᠭᠦᠯᠬᠦ ᠪᠠᠷ ᠴᠢᠷᠮᠠᠶᠢᠵᠦ᠂ ᠭᠤᠸᠠᠩ ᠨᠠ ᠶᠤᠰᠦᠳᠤ᠂ ᠸᠧᠨ ᠮᠢᠩ ᠴᠠᠪᠴᠢᠷ ᠤᠨ ᠰᠢᠷᠤᠢ ᠴᠢᠯᠠᠭᠤ ᠤᠪᠤᠭᠠᠯᠠᠬᠤ ᠲᠠᠯᠠᠪᠠᠢ ᠶᠢᠨ ᠵᠠᠯᠭᠠᠯᠳᠤᠭᠰᠡᠨ ᠬᠡᠰᠡᠭ ᠤᠨ ᠲᠦᠪᠯᠡᠷᠡᠭᠦᠯᠵᠦ ᠵᠠᠰᠠᠨ ᠴᠡᠭᠴᠡᠯᠡᠬᠦ ᠲᠤᠷᠰᠢᠯᠲᠡ ᠶᠢᠨ ᠴᠡᠭ ᠤᠨ ᠢᠨᠵᠧᠨᠧᠷᠢᠩ ᠢ ᠯᠠᠪᠳᠠᠭᠤᠨ ᠪᠠᠳᠤᠲᠠᠢ ᠲᠦᠯᠬᠢᠨ ᠠᠬᠢᠭᠤᠯᠵᠦ᠂ ᠤᠯᠠᠨ ᠡᠬᠢᠳᠤ ᠪᠤᠬᠢᠷᠳᠤᠯ ᠢ ᠬᠦᠴᠦᠯᠡᠨ ᠰᠢᠢᠳᠪᠦᠷᠢᠯᠡᠨ᠎ᠡ᠃         ᠴᠡᠯᠮᠡᠭ ᠤᠰᠤ ᠠᠷᠢᠭᠤᠨ ᠤᠷᠤᠨ ᠢᠶᠠᠨ ᠡᠷᠡᠰ ᠰᠠᠬᠢᠨ ᠬᠠᠮᠠᠭᠠᠯᠠᠨ᠎ᠠ᠃ ︽ᠭᠤᠤᠯ ᠤᠨ ᠳᠠᠷᠤᠭ᠎ᠠ ᠤᠨ ᠳᠦᠷᠢᠮ︾᠎ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠬᠠᠳᠤᠨ ᠭᠤᠤᠯ ᠤᠨ ᠤᠰᠤᠨ ᠴᠤᠭᠴᠠ ᠶᠢ ᠬᠠᠮᠠᠭᠠᠯᠠᠬᠤ ᠎ ᠶᠢ ᠴᠢᠩᠭᠠᠳᠬᠠᠨ᠎ᠠ᠃ ᠬᠤᠲᠡ ᠪᠠᠯᠭᠠᠰᠦ ᠶᠢᠨ ᠪᠤᠬᠢᠷ ᠤᠰᠤ ᠶᠢ ᠲᠦᠪᠯᠡᠷᠡᠭᠦᠯᠦᠨ ᠰᠢᠢᠳᠪᠦᠷᠢᠯᠡᠬᠦ᠂ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠦᠭᠡᠷᠡᠴᠢᠯᠡᠬᠦ ᠵᠡᠷᠭᠡ ᠢᠨᠵᠧᠨᠧᠷᠢᠩ ᠢ ᠨᠢᠭᠡᠳᠤᠯᠲᠠᠢ ᠲᠦᠯᠦᠪᠯᠡᠨ ᠠᠬᠢᠭᠤᠯᠵᠦ᠂ ᠪᠤᠬᠢᠷ ᠤᠰᠤ ᠶᠢ ᠪᠠᠷᠢᠮᠵᠢᠶᠠᠨ ᠤ ᠲᠤᠳᠤᠷ᠎ᠠ ᠭᠠᠳᠠᠭᠰᠢᠯᠠᠭᠤᠯᠬᠤ ᠶᠢ ᠪᠠᠳᠤᠯᠠᠬᠤ ᠬᠡᠷᠡᠭᠲᠠᠢ᠃ ᠭᠠᠵᠠᠷ ᠲᠤᠤᠷᠠᠬᠢ ᠤᠰᠤ ᠶᠢ ᠬᠡᠳᠤᠷᠬᠡᠢ ᠲᠠᠲᠠᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠬᠤ ᠶᠢ ᠨᠡᠮᠡᠭᠳᠡᠭᠦᠯᠵᠦ᠂ ᠦᠪᠡᠷ ᠲᠡᠭᠡᠨ ᠪᠡᠯᠡᠳᠭᠡᠭᠰᠡᠨ ᠤᠰᠤᠨ ᠰᠤᠷᠪᠤᠯᠵᠢ ᠶᠢᠨ ᠬᠤᠳᠳᠤᠭ ᠢ ᠱᠠᠭᠠᠷᠲᠠᠯᠭ᠎ᠠ ᠶᠤᠰᠤᠭᠠᠷ ᠬᠡᠷᠡᠭᠯᠡᠬᠦ ᠪᠠᠨ ᠵᠤᠭᠰᠤᠭᠠᠵᠦ᠂ ᠲᠠᠲᠠᠵᠦ ᠨᠦᠬᠦᠪᠦᠷᠢᠯᠡᠬᠦ ᠪᠠᠨ ᠲᠡᠩᠴᠡᠭᠦᠷᠢᠲᠠᠢ ᠪᠠᠶᠢᠯᠭᠠᠬᠤ ᠶᠢ 2020 ᠤᠨ ᠳᠤ ᠪᠡᠶᠡᠯᠡᠭᠦᠯᠬᠦ ᠶᠢ ᠪᠠᠳᠤᠯᠠᠨ᠎ᠠ᠃ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠷᠦᠰᠦ ᠰᠢᠷᠤᠢ ᠶᠢᠨ ᠤᠷᠴᠢᠨ ᠠᠬᠤᠢ ᠶᠢᠨ ᠲᠦᠭᠰᠢᠭᠦᠷᠢ ᠶᠢ ᠪᠦᠲᠦᠮᠵᠢᠲᠠᠢ ᠪᠠᠷ ᠬᠠᠮᠢᠶᠠᠷᠤᠨ ᠡᠵᠡᠮᠳᠡᠨ᠎ᠡ᠃ ᠠᠮᠢᠳᠤᠷᠠᠯ ᠤᠨ ᠬᠤᠭ ᠨᠤᠪᠰᠢ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠬᠦᠷᠢᠶᠡᠯᠡᠩ ᠤᠨ ᠬᠠᠳᠠᠭᠤ ᠪᠡᠶᠡᠳᠤ ᠬᠠᠶᠠᠭᠳᠠᠮᠡᠯ ᠪᠤᠳᠠᠰ ᠢ ᠰᠢᠢᠳᠪᠦᠷᠢᠯᠡᠬᠦ ᠵᠡᠷᠭᠡ ᠲᠠᠯ᠎ᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠡ ᠶᠢ ᠠᠬᠢᠭᠤᠯᠬᠤ ᠪᠠᠷ ᠴᠢᠷᠮᠠᠶᠢᠵᠦ᠂ ᠬᠠᠳᠠᠭᠤ ᠪᠡᠶᠡᠳᠤ ᠬᠠᠶᠠᠭᠳᠠᠮᠡᠯ ᠪᠤᠳᠠᠰ ᠢ ᠰᠢᠢᠳᠪᠦᠷᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃          ᠠᠮᠢ ᠠᠬᠤᠢ ᠶᠢᠨ ᠦᠨᠳᠤᠷ ᠭᠠᠵᠠᠷ ᠢ ᠡᠷᠡᠰ ᠪᠦᠲᠦᠭᠡᠨ ᠪᠠᠶᠢᠭᠤᠯᠤᠨ᠎ᠠ᠃ ︽ᠬᠤᠲᠡ ᠶᠢᠨ ᠬᠤᠤᠰ ᠵᠠᠰᠠᠯᠲᠡ︾᠎ ᠶᠢᠨ ᠲᠤᠷᠰᠢᠯᠲᠡ ᠶᠢᠨ ᠴᠡᠭ ᠤᠨ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ ᠂ ᠠᠮᠢ ᠠᠬᠤᠢ ᠶᠢᠨ ᠴᠢᠳᠠᠪᠬᠢ ᠶᠢᠨ ᠴᠢᠬᠤᠯᠠ ᠤᠷᠤᠨ ᠪᠦᠰᠠ᠂ ᠰᠡᠷᠬᠡᠭ ᠬᠡᠪᠡᠷᠡᠭ ᠤᠷᠤᠨ ᠪᠦᠰᠠ ᠶᠢ ᠬᠠᠮᠠᠭᠠᠯᠠᠬᠤ ᠤᠯᠠᠭᠠᠨ ᠱᠤᠭᠤᠮ ᠳᠤ ᠤᠷᠤᠭᠤᠯᠵᠦ᠂ ᠠᠯᠢᠪᠠ ᠦᠢᠯᠡᠳᠪᠦᠷᠢᠯᠡᠯ ᠤᠨ ᠠᠵᠢᠯᠯᠠᠭ᠎ᠠ ᠤᠯᠠᠭᠠᠨ ᠱᠤᠭᠤᠮ ᠢ ᠳᠠᠪᠠᠭ᠋ᠤ ᠎ ᠶᠢ ᠴᠢᠩᠭ᠎ᠠ ᠴᠠᠭᠠᠵᠢᠯᠠᠨ᠎ᠠ᠃ ᠠᠵᠦ ᠠᠬᠤᠶᠢᠯᠠᠯ ᠢ ᠬᠠᠪᠰᠤᠷᠤᠨ ᠤᠷᠴᠢᠨ ᠲᠤᠭᠤᠷᠢᠨ ᠢ ᠵᠠᠰᠠᠬᠤ ᠲᠦᠰᠦᠯ ᠢ ᠲᠤᠭᠲᠠᠭᠠᠵᠦ᠂ ᠠᠭᠤᠷᠬᠠᠢ ᠶᠢᠨ ᠠᠵᠦ ᠠᠬᠤᠶᠢᠯᠠᠯ ᠤᠨ ᠨᠤᠭᠤᠭᠠᠷᠠᠭᠤᠯᠬᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠦ ᠂ ᠠᠮᠢ ᠠᠬᠤᠢ ᠶᠢᠨ ᠨᠤᠭᠤᠭᠠᠨ ᠱᠤᠭᠤᠮ ᠢᠶᠠᠷ ᠤᠷᠴᠢᠨ ᠠᠬᠤᠢ ᠶᠢᠨ ᠬᠠᠮᠠᠭᠠᠯᠠᠯᠲᠡ ᠶᠢᠨ ᠤᠯᠠᠭᠠᠨ ᠱᠤᠭᠤᠮ ᠢ ᠰᠠᠬᠢᠨ᠎ᠠ᠃ ᠨᠡᠭᠦᠷᠡᠰᠦ ᠮᠠᠯᠳᠠᠭᠰᠡᠨ ᠠᠴᠠ ᠪᠤᠯᠵᠦ ᠳᠤᠭᠤᠭᠰᠢ ᠰᠠᠭᠤᠭᠰᠡᠨ ᠤᠷᠤᠨ ᠢ ᠶᠡᠷᠤᠩᠬᠡᠶᠢᠯᠡᠨ ᠵᠠᠰᠠᠬᠤ ᠤᠯᠤᠰ ᠤᠨ ᠲᠤᠷᠰᠢᠯᠲᠡ ᠶᠢᠨ ᠴᠡᠭ ᠤᠨ ᠢᠨᠵᠧᠨᠧᠷᠢᠩ ᠢ ᠪᠦᠬᠦ ᠲᠠᠯ᠎ᠠ ᠪᠠᠷ ᠠᠵᠢᠯ ᠡᠬᠢᠯᠡᠭᠦᠯᠬᠦ ᠶᠢ ᠬᠦᠴᠦᠯᠡᠨ ᠴᠢᠷᠮᠠᠶᠢᠨ᠎ᠠ᠃ ᠵᠡᠭᠦᠨ ᠬᠡᠰᠡᠭ ᠤᠨ ᠠᠮᠢ ᠠᠬᠤᠢ ᠶᠢᠨ ᠨᠤᠭᠤᠭᠠᠷᠠᠭᠤᠯᠤᠯᠲᠡ ᠶᠢᠨ ᠤᠰᠤ ᠬᠠᠩᠭᠠᠬᠤ ᠬᠤᠭᠤᠯᠠᠢ ᠶᠢᠨ ᠲᠤᠤᠷ ᠤᠨ ᠪᠦᠲᠦᠭᠡᠨ ᠪᠠᠶᠢᠭᠤᠯᠤᠯᠲᠡ ᠶᠢ ᠡᠬᠢᠯᠡᠨ ᠬᠡᠷᠡᠭᠵᠢᠭᠦᠯᠵᠦ᠂ ᠨᠤᠭᠤᠭᠠᠷᠠᠭᠤᠯᠬᠤ ᠳᠤ ᠬᠡᠷᠡᠭᠯᠡᠬᠦ ᠤᠰᠤ ᠶᠢ ᠪᠠᠳᠤᠯᠠᠵᠦ᠂ ᠠᠵᠦ ᠠᠬᠤᠶᠢᠯᠠᠯ ᠮᠤᠳᠤ ᠪᠠᠨ ᠠᠷᠠᠴᠢᠯᠡᠨ ᠬᠠᠮᠠᠭᠠᠯᠠᠬᠤ ᠳᠤ ᠬᠦᠷᠦᠯᠴᠡᠬᠦ ᠦᠭᠡᠢ ᠪᠠᠶᠢᠬᠤ ᠠᠰᠠᠭᠤᠳᠠᠯ ᠎ ᠢ ᠲᠤᠶᠢᠯᠪᠦᠷᠢᠲᠠᠢ ᠰᠢᠢᠳᠪᠦᠷᠢᠯᠡᠵᠦ᠂ ᠪᠤᠬᠢᠷᠳᠤᠯ ᠦᠭᠡᠢ ᠠᠮᠢ ᠠᠬᠤᠢ ᠶᠢᠨ ᠤᠷᠴᠢᠨ ᠲᠤᠭᠤᠷᠢᠨ ᠢ ᠦᠨᠡᠨ ᠬᠦ ᠬᠠᠮᠠᠭᠠᠯᠠᠨ᠎ᠠ᠃         ︵ᠲᠠᠪᠦ︶ ᠤᠷᠴᠢᠨ ᠲᠤᠭᠤᠷᠢᠨ ᠢ ᠰᠢᠯᠢᠳᠡᠭᠵᠢᠭᠦᠯᠵᠦ᠂ ᠨᠡᠬᠡᠬᠡᠯᠳᠡᠳᠤ ᠬᠦᠭᠵᠢᠯᠲᠡ᠂ ᠪᠡᠯᠡ ᠤᠷᠤᠭᠤᠯᠤᠯᠲᠡ ᠶᠢᠨ ᠠᠷᠠᠯᠵᠢᠶᠠᠨ ᠤ ᠲᠡᠷᠢᠭᠦᠨ ᠤ ᠤᠷᠤᠨ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ         ᠬᠤᠲᠡ ᠶᠢᠨ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠴᠤᠮᠬᠠᠳᠬᠠᠵᠦ᠂ ︽ᠨᠢᠭᠡ ᠯᠠ ᠴᠤᠩᠬᠤᠨ ᠳᠤ ᠬᠦᠯᠢᠶᠡᠨ ᠠᠪᠴᠦ ᠰᠢᠢᠳᠪᠦᠷᠢᠯᠡᠬᠦ︾ ᠬᠡᠪ ᠮᠠᠶ᠋ᠢᠭ ᠶᠢ ᠬᠡᠷᠡᠭᠵᠢᠭᠦᠯᠵᠦ᠂ ᠶᠡᠷᠤᠩᠬᠡᠶᠢᠯᠡᠭᠰᠡᠨ ᠴᠤᠩᠬᠤᠨ ᠳᠤ ᠬᠦᠯᠢᠶᠡᠨ ᠠᠪᠴᠦ ᠰᠢᠢᠳᠪᠦᠷᠢᠯᠡᠬᠦ ᠵᠦᠢᠯᠡᠰ ᠨᠢ 90 %᠎ ᠠᠴᠠ ᠳᠡᠭᠡᠭᠰᠢ ᠪᠠᠶᠢᠬᠤ ᠶᠢ ᠪᠡᠶᠡᠯᠡᠭᠦᠯᠦᠨ᠎ᠡ᠃ ᠬᠤᠳᠠᠯᠳᠤᠭᠠᠨ ᠤ ᠶᠠᠪᠤᠳᠠᠯ ᠎ ᠤᠨ ᠳᠦᠷᠢᠮ᠂ ᠪᠡᠯᠡ ᠤᠷᠤᠭᠤᠯᠤᠯᠲᠡ ᠶᠢᠨ ᠲᠦᠷᠦᠯ ᠵᠦᠢᠯ ᠢ ᠨᠡᠶᠢᠯᠡᠭᠦᠯᠦᠨ ᠬᠠᠮᠳᠤᠷᠠᠭᠤᠯᠵᠦ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠡᠯᠡ ᠤᠷᠤᠭᠤᠯᠤᠯᠲᠡ ᠶᠢᠨ ᠲᠦᠷᠦᠯ ᠵᠦᠢᠯ ᠢ ᠲᠦᠪᠯᠡᠷᠡᠭᠦᠯᠬᠦ ᠦᠢᠯᠡᠴᠢᠯᠡᠭᠡᠨ ᠤ ᠲᠦᠪ ᠢ ᠪᠠᠶᠢᠭᠤᠯᠵᠦ᠂ ︽ᠶᠡᠷᠤᠩᠬᠡᠶᠢᠯᠡᠨ ᠬᠦᠯᠢᠶᠡᠨ ᠠᠪᠴᠦ ᠰᠢᠢᠳᠪᠦᠷᠢᠯᠡᠬᠦ᠂ ᠬᠤᠷᠠᠮᠡᠯ ᠦᠢᠯᠡᠴᠢᠯᠡᠭᠡ︾᠎ ᠶᠢ ᠬᠢᠨᠠᠨ ᠵᠦᠪᠰᠢᠶᠡᠷᠡᠬᠦ ᠬᠡᠪ ᠮᠠᠶ᠋ᠢᠭ ᠢ ᠪᠦᠷᠢᠯᠳᠦᠭᠦᠯᠵᠦ᠂ ᠬᠢᠨᠠᠨ ᠵᠦᠪᠰᠢᠶᠡᠷᠡᠬᠦ ᠴᠠᠭ ᠢ ᠪᠤᠭᠤᠨᠢᠰᠬᠠᠭᠠᠳ 180 ᠡᠳᠤᠷ ᠤᠨ ᠤᠷᠴᠢᠮ ᠪᠤᠯᠭᠠᠪᠠ᠃ ᠠᠷᠠᠳ ᠤᠨ ᠠᠮᠢᠳᠤᠷᠠᠯ ᠤᠨ ᠵᠦᠢᠯᠡᠰ ᠤᠨ ᠭᠠᠷ ᠠᠪᠤᠯᠭ᠎ᠠ ᠶᠢ ᠡᠮᠬᠢᠯᠡᠨ ᠨᠠᠶᠢᠷᠠᠭᠤᠯᠵᠦ  ᠂ ᠬᠡᠷᠡᠭ ᠭᠦᠢᠴᠡᠳᠭᠡᠬᠦ ᠠᠵᠠᠯᠯᠠᠬᠤ ᠳᠦᠷᠢᠮ ᠢ ᠲᠡᠷᠡ ᠲᠤᠤᠷ᠎ᠠ ᠨᠢ ᠪᠠᠶᠢᠴᠠᠭᠠᠵᠦ ᠮᠡᠳᠡᠬᠦ ᠪᠤᠯᠭᠠᠵᠠᠢ᠃         ᠬᠦᠷᠢᠶᠡᠯᠡᠩ ᠤᠨ ᠬᠠᠲᠠᠭᠤ ᠤᠷᠴᠢᠨ ᠲᠤᠭᠤᠷᠢᠨ ᠢ ᠳᠡᠭᠡᠭᠰᠢᠯᠡᠭᠦᠯᠦᠨ᠎ᠡ᠃ ᠬᠦᠷᠢᠶᠡᠯᠡᠩ ᠢ ᠬᠦᠭᠵᠢᠭᠦᠯᠦᠨ ᠮᠠᠨᠳᠤᠭᠤᠯᠬᠤ ᠲᠦᠯᠦᠪᠯᠡᠭᠡ ᠶᠢ ᠶᠡᠬᠡᠪᠡᠷ ᠬᠡᠷᠡᠭᠵᠢᠭᠦᠯᠵᠦ᠂ ᠠᠮᠢ ᠠᠬᠤᠢ᠂ ᠡᠩᠬᠡ᠂ ᠶᠡᠭᠡ ᠳ᠋ᠠᠶᠢᠲ᠋ᠠ ᠵᠡᠷᠬᠡ ᠬᠦᠴᠦᠳᠡᠯ ᠦᠭᠡᠷᠡᠴᠢᠯᠡᠬᠦ ᠦᠷᠳᠡᠭᠡ ᠶᠢ ᠪᠦᠲᠦᠭᠡᠨ ᠪᠠᠶᠢᠭᠤᠯᠬᠤ ᠶᠢ ᠲᠦᠷᠭᠡᠳᠭᠡᠨ ᠠᠬᠢᠭᠤᠯᠵᠦ᠂ ᠠᠵᠦ ᠠᠬᠤᠶᠢᠯᠠᠯ ᠢ ᠬᠦᠲᠦᠯᠦᠨ ᠵᠢᠯᠤᠭᠤᠳᠴᠦ ᠤᠰᠤᠨ ᠤ ᠡᠷᠬᠡ ᠶᠢ ᠬᠤᠳᠠᠯᠳᠤᠨ ᠠᠪᠴᠦ᠂ ᠳᠡᠪᠢᠰᠭᠡᠷ ᠳᠠᠷᠤᠴᠠ ᠶᠢᠨ ᠮᠠᠰᠢᠨ ᠤ ᠢᠯᠴᠢ ᠬᠠᠩᠭᠠᠬᠤ᠂ ᠬᠦᠷᠢᠶᠡᠯᠡᠩ ᠤᠨ ᠭᠤᠤᠯ ᠵᠠᠰᠠᠮᠡᠯ ᠵᠠᠮ ᠪᠠ ᠭᠦᠬᠦᠷᠭᠡ᠂ ᠦᠶᠡᠷ ᠲᠤ ᠡᠪᠳᠡᠭᠳᠡᠭᠰᠡᠨ ᠵᠠᠮ ᠢ ᠰᠠᠯᠪᠢᠨ ᠵᠠᠰᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠡ ᠶᠢ ᠯᠠᠪᠳᠠᠭᠤᠨ ᠪᠠᠳᠤᠲᠠᠢ ᠠᠬᠢᠭᠤᠯᠵᠦ᠂ ᠬᠦᠷᠢᠶᠡᠯᠡᠩ ᠤᠨ ᠢᠵᠢ ᠪᠦᠷᠢᠯᠳᠦᠭᠦᠯᠦᠭᠰᠡᠨ ᠲᠤᠲᠠᠭᠤᠳᠠᠯ ᠢ ᠬᠦᠴᠦᠯᠡᠨ ᠨᠦᠬᠦᠪᠦᠷᠢᠯᠡᠨ᠎ᠡ᠃ ᠬᠦᠷᠢᠶᠡᠯᠡᠩ ᠤᠨ ᠲᠠᠪᠴᠠᠩ ᠤᠨ ᠺᠤᠮᠫᠠᠨᠢ ᠶᠢ ᠨᠡᠶᠢᠯᠡᠭᠦᠯᠦᠨ ᠲᠠᠬᠢᠨ ᠵᠤᠬᠢᠶᠠᠨ ᠪᠠᠶᠢᠭᠤᠯᠵᠦ᠂ ᠪᠡᠯᠡ ᠮᠦᠩᠭᠦ ᠨᠡᠮᠡᠭᠳᠡᠭᠦᠯᠦᠨ ᠰᠲ᠋ᠤᠺ ᠦᠷᠭᠡᠳᠭᠡᠬᠦ ᠶᠢ ᠲᠦᠷᠭᠡᠳᠭᠡᠵᠦ᠂ ᠨᠡᠶᠢᠭᠡᠮ ᠤᠨ ᠬᠦᠷᠤᠩᠭᠡ ᠮᠦᠩᠭᠦ ᠶᠢ ᠳᠠᠶᠢᠴᠢᠯᠠᠵᠦ᠂ ᠬᠦᠷᠢᠶᠡᠯᠡᠩ ᠤᠨ ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠡ ᠳᠤ ᠤᠷᠤᠯᠴᠠᠨ᠎ᠠ᠃         ᠡᠷᠬᠢᠨ ᠲᠤᠭᠤᠷᠢᠨ ᠤ ᠶᠡᠭᠡ ᠤᠷᠴᠢᠨ ᠲᠤᠭᠤᠷᠢᠨ ᠳᠤ ᠠᠭᠤᠰᠤᠯᠴᠠᠨ᠎ᠠ᠃ ᠰᠠᠨᠠᠭᠠᠴᠢᠯᠠᠭ᠎ᠠ ᠠᠴᠠ ᠪᠠᠨ ᠦᠬᠠᠢ ᠬᠤᠲᠡ ᠶᠢᠨ ᠭᠠᠳᠠᠭᠰᠢ ᠨᠡᠬᠡᠬᠡᠯᠲᠡ ᠬᠢᠬᠦ ᠪᠠᠶᠢᠯᠳᠤᠬᠤ ᠪᠤᠳᠤᠯᠭᠠᠨ ᠳᠤ ᠠᠭᠤᠰᠤᠯᠴᠠᠵᠦ᠂ ᠦᠬᠠᠢ ᠪᠤᠭᠤᠮᠲᠡ ᠎ ᠶᠢ ᠲᠦᠰᠢᠭᠯᠡᠵᠦ᠂ ᠭᠠᠳᠠᠭᠠᠳᠤ ᠠᠷᠠᠯᠵᠢᠶ᠎ᠠ ᠶᠢ ᠦᠷᠭᠡᠳᠭᠡᠵᠦ᠂ ᠡᠷᠬᠢᠨ ᠲᠤᠭᠤᠷᠢᠨ ᠤ ᠭᠠᠵᠠᠷ ᠤᠷᠤᠨ ᠤ ᠵᠤᠯᠭᠠᠭᠤᠯᠵᠦ ᠬᠠᠮᠵᠢᠯᠴᠠᠬᠤ ᠶᠢ ᠬᠦᠴᠦᠯᠡᠨ ᠴᠢᠩᠭᠠᠳᠬᠠᠵᠦ᠂ ᠠᠵᠦ ᠦᠢᠯᠡᠰ ᠤᠨ ᠬᠠᠮᠵᠢᠯᠴᠠᠭ᠎ᠠ᠂ ᠮᠦᠩᠭᠦᠨ ᠭᠦᠢᠯᠭᠡᠭᠡᠨ ᠤ ᠬᠠᠮᠵᠢᠯᠴᠠᠭ᠎ᠠ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠰᠢᠪᠲᠤᠯᠤᠯᠲᠡ ᠶᠢᠨ ᠴᠢᠨᠠᠷᠲᠠᠢ ᠠᠬᠢᠯᠲᠡ ᠤᠯᠬᠤ ᠪᠠᠷ ᠬᠦᠴᠦᠯᠡᠨ ᠴᠢᠷᠮᠠᠶᠢᠵᠦ᠂ ᠤᠷᠤᠨ ᠪᠦᠰᠠ ᠶᠢᠨ ᠬᠦᠮᠦᠨ ᠤ ᠤᠷᠤᠰᠬᠠᠯ᠂ ᠡᠳ᠋ ᠪᠠᠷᠠᠭᠠᠨ ᠤ ᠭᠦᠢᠯᠭᠡᠭᠡ᠂ ᠪᠡᠯᠡ ᠮᠦᠩᠭᠦ ᠶᠢᠨ ᠤᠷᠤᠰᠬᠠᠯ᠂ ᠮᠡᠳᠡᠭᠡ ᠵᠠᠩᠬᠢ ᠶᠢᠨ ᠤᠷᠤᠰᠤᠯ ᠤᠨ ᠲᠦᠪᠯᠡᠷᠡᠨ ᠴᠤᠭᠯᠠᠷᠠᠬᠤ ᠶᠢ ᠠᠬᠢᠭᠤᠯᠵᠦ᠂ ᠤᠷᠤᠨ ᠪᠦᠰᠠ ᠶᠢᠨ ᠬᠠᠮᠵᠢᠯᠴᠠᠭ᠎ᠠ ᠶᠢ ᠬᠠᠮᠳᠤᠪᠡᠷ ᠠᠰᠢᠭ ᠬᠦᠷᠳᠡᠬᠦ ᠶᠢ ᠲᠦᠯᠬᠢᠨ ᠠᠬᠢᠭᠤᠯᠤᠨ᠎ᠠ᠃        ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠵᠦ᠂ ᠬᠦᠭᠵᠢᠯᠲᠡ ᠶᠢ ᠬᠠᠮᠳᠤᠪᠡᠷ ᠡᠳ᠋ᠯᠡᠨ᠂ ᠪᠦᠬᠦ ᠬᠦᠴᠦᠨ ᠢᠶᠠᠷ ᠢᠶᠠᠨ ᠰᠢᠯᠢᠳᠡᠭ ᠰᠤᠷᠭᠠᠨ ᠬᠦᠮᠦᠵᠢᠯ᠂ ᠰᠢᠯᠢᠳᠡᠭ ᠡᠮ ᠡᠮᠨᠡᠯᠭᠡ ᠶᠢᠨ ᠲᠦᠭᠡᠮᠡᠯ ᠠᠰᠢᠭ ᠬᠦᠷᠳᠡᠭᠡᠬᠦ ᠤᠷᠤᠨ ᠢ ᠪᠦᠲᠦᠭᠡᠨ ᠪᠠᠶᠢᠭᠤᠯᠤᠨ᠎ᠠ        ᠠᠵᠢᠯ ᠤᠯᠭᠤᠯᠲᠡ ᠶᠢ ᠪᠠᠳᠤᠯᠠᠬᠤ ᠲᠤᠭᠲᠠᠭᠤᠨ ᠬᠦᠭᠵᠢᠯᠲᠡ ᠶᠢ ᠯᠠᠪᠳᠠᠭᠤᠨ ᠪᠠᠳᠤᠲᠠᠢ ᠲᠦᠯᠬᠢᠨ ᠠᠬᠢᠭᠤᠯᠤᠨ᠎ᠠ᠃ ᠠᠵᠢᠯ ᠤᠯᠭᠤᠯᠲᠡ ᠶᠢ ᠲᠤᠭᠲᠠᠭᠤᠨ ᠪᠠᠶᠢᠯᠭᠠᠬᠤ ᠶᠠᠪᠤᠳᠠᠯ ᠢ ᠳᠤᠪᠤᠶᠢᠮ᠎ᠠ ᠪᠠᠶᠢᠷᠢᠨ ᠳᠤ ᠲᠠᠯᠪᠢᠵᠦ᠂ ᠡᠮᠦᠨ᠎ᠡ ᠤᠮᠠᠷ᠎ᠠ ᠬᠤᠶᠠᠷ ᠬᠦᠳᠡᠯᠮᠤᠷᠢ ᠬᠦᠴᠦᠨ ᠤ ᠵᠠᠬ᠎ᠠ ᠳᠡᠯᠭᠡᠭᠦᠷ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠦ ᠂ ᠴᠡᠷᠢᠭ ᠤᠨ ᠠᠯᠪᠠ ᠠᠴᠠ ᠬᠠᠯᠠᠭᠳᠠᠭᠰᠡᠳ᠂ ᠳᠡᠭᠡᠳᠤ ᠰᠤᠷᠭᠠᠭᠤᠯᠢ ᠲᠡᠭᠦᠰᠦᠭᠰᠡᠳ ᠤᠨ ᠠᠵᠢᠯ ᠤᠯᠵᠦ ᠠᠳᠠᠯ ᠦᠢᠯᠡᠰ ᠪᠤᠰᠬᠠᠬᠤ ᠶᠢ ᠡᠯ᠎ᠡ ᠵᠦᠢᠯ ᠤᠨ ᠠᠷᠭ᠎ᠠ ᠬᠡᠮᠵᠢᠶ᠎ᠡ ᠪᠠᠷ ᠠᠬᠢᠭᠤᠯᠵᠦ᠂ ᠬᠤᠲᠡ ᠪᠠᠯᠭᠠᠰᠦᠨ ᠤ ᠰᠢᠨ᠎ᠡ ᠪᠠᠷ ᠠᠵᠢᠯ ᠤᠯᠤᠭᠰᠡᠨ ᠬᠦᠮᠦᠨ ᠤ ᠲᠤᠭ᠎ᠠ 2500 ᠬᠦᠷᠴᠦ᠂ ᠬᠤᠲᠡ ᠪᠠᠯᠭᠠᠰᠦᠨ ᠤ ᠳᠠᠩᠰᠠᠯᠠᠭᠤᠯᠤᠭᠰᠡᠨ ᠠᠵᠢᠯ ᠠᠯᠳᠠᠭᠰᠡᠳ ᠤᠨ ᠨᠤᠷᠮ᠎ᠠ᠂ ᠠᠵᠢᠯ ᠠᠯᠳᠠᠯᠲᠡ ᠶᠢᠨ ᠨᠤᠷᠮ᠎ᠠ ᠶᠢ ᠦᠪᠡᠷᠳᠡᠭᠡᠨ ᠵᠠᠰᠠᠬᠤ ᠤᠷᠤᠨ ᠤ ᠪᠠᠭᠤᠯᠭᠠᠭᠰᠡᠨ ᠭᠦᠢᠴᠡᠳᠭᠡᠯ ᠲᠤᠭᠠᠨ ᠤ ᠲᠤᠳᠤᠷ᠎ᠠ ᠬᠢᠵᠠᠭᠠᠷᠯᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠤᠵᠢ ᠠᠯᠤᠰᠯᠠᠨ ᠦᠭᠡᠷ᠎ᠡ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠬᠠᠮᠤᠷᠬᠤ ᠬᠡᠪᠴᠢᠶ᠎ᠡ ᠶᠢ ᠦᠷᠭᠡᠳᠭᠡᠪᠡ᠃ ᠨᠡᠶᠢᠭᠡᠮ ᠲᠤᠭᠤᠷᠢᠭ ᠤᠨ ᠠᠵᠢᠯᠲᠡᠨ ᠤ ᠴᠠᠯᠢᠩ ᠢ ᠦᠰᠭᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠭᠤᠷᠪᠠᠨ ᠵᠢᠯ ᠤᠨ ᠲᠤᠳᠤᠷ᠎ᠠ ᠦᠪᠡᠷᠳᠡᠭᠡᠨ ᠵᠠᠰᠠᠬᠤ ᠤᠷᠤᠨ ᠤ ᠲᠤᠭᠲᠠᠭᠠᠭᠰᠡᠨ ᠪᠠᠷᠢᠮᠵᠢᠶ᠎ᠠ ᠳᠤ ᠬᠦᠷᠭᠡᠬᠦ ᠶᠢ ᠪᠠᠲᠤᠯᠠᠨ᠎ᠠ᠃ ᠨᠠᠰᠤᠵᠢᠯ ᠤᠨ ᠠᠰᠠᠷᠠᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠢ ᠭᠡᠷ ᠪᠦᠯᠢ ᠪᠠ ᠨᠡᠶᠢᠭᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠎ ᠶᠢᠨ ᠦᠢᠯᠡᠴᠢᠯᠡᠭᠡ ᠳᠤ ᠤᠷᠤᠯᠴᠠᠭᠤᠯᠬᠤ ᠶᠢ ᠵᠤᠷᠢᠭᠵᠢᠭᠤᠯᠤᠨ ᠳᠡᠮᠵᠢᠵᠦ᠂ ᠦᠳᠡᠯᠪᠡᠯ ᠠᠰᠠᠷᠠᠮᠵᠢ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃       ᠰᠤᠷᠭᠠᠨ ᠬᠦᠮᠦᠵᠢᠯ ᠤᠨ ᠴᠢᠨᠠᠷ ᠰᠠᠶᠢᠲᠠᠢ ᠬᠦᠭᠵᠢᠯᠲᠡ ᠶᠢ ᠯᠠᠪᠳᠠᠭᠤᠨ ᠪᠠᠳᠤᠲᠠᠢ ᠲᠦᠯᠬᠢᠨ ᠠᠬᠢᠭᠤᠯᠤᠨ᠎ᠠ᠃ ᠰᠤᠷᠬᠤ ᠠᠴᠠ ᠡᠮᠦᠨᠡᠬᠢ ᠰᠤᠷᠭᠠᠨ ᠬᠦᠮᠦᠵᠢᠯ ᠢ ᠶᠡᠭᠡ ᠬᠦᠴᠦᠨ ᠪᠠᠷ ᠬᠦᠭᠵᠢᠭᠦᠯᠵᠦ᠂ ᠪᠢᠨ ᠾᠧ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠵᠡᠷᠬᠡ 4 ᠬᠡᠤᠬᠡᠳ ᠤᠨ ᠴᠡᠴᠡᠷᠯᠢᠭ ᠢ ᠪᠠᠶᠢᠭᠤᠯᠵᠦ᠂ 2 ᠬᠡᠤᠬᠡᠳ ᠤᠨ ᠴᠡᠴᠡᠷᠯᠢᠭ ᠨᠢ ᠠᠵᠢᠯ ᠡᠬᠢᠯᠡᠭᠦᠯᠦᠨ ᠪᠠᠶᠢᠭᠤᠯᠵᠦ᠂ ᠪᠦᠬᠦ ᠲᠤᠭᠤᠷᠢᠭ ᠤᠨ ᠬᠡᠤᠬᠡᠳ ᠤᠨ ︽ᠴᠡᠴᠡᠷᠯᠢᠭ ᠲᠤ ᠤᠷᠤᠬᠤ ᠳᠤ ᠬᠦᠴᠢᠷ︾ ᠠᠰᠠᠭᠤᠳᠠᠯ ᠢ ᠲᠤᠶᠢᠯᠪᠦᠷᠢᠲᠠᠢ ᠰᠢᠢᠳᠪᠦᠷᠢᠯᠡᠵᠠᠢ᠃ 3000 ᠲᠦᠮᠡᠨ ᠲᠦᠭᠦᠷᠢᠭ ᠤᠨ ᠪᠡᠯᠡ ᠤᠷᠤᠭᠤᠯᠵᠦ᠂ ᠤᠳᠤ ᠦᠶ᠎ᠡ ᠶᠢᠨ ᠰᠤᠷᠭᠠᠨ ᠬᠦᠮᠦᠵᠢᠯ ᠤᠨ ᠮᠡᠳᠡᠭᠡ ᠵᠠᠩᠬᠢᠴᠢᠯᠠᠯᠲᠡ ᠶᠢᠨ ᠲᠦᠷᠦᠯ ᠵᠦᠢᠯ ᠎ ᠤᠨ ᠪᠦᠲᠦᠭᠡᠨ ᠪᠠᠶᠢᠭᠤᠯᠤᠯᠲᠡ ᠶᠢ ᠡᠬᠢᠯᠡᠭᠦᠯᠵᠦ᠂ ᠵᠢᠭᠠᠨ ᠰᠤᠷᠭᠠᠯᠲᠡ ᠶᠢᠨ ᠮᠡᠳᠡᠭᠡ ᠵᠠᠩᠬᠢᠴᠢᠯᠠᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠶᠠᠳᠤᠭᠠᠷ ᠪᠠᠭ᠎ᠠ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠶᠡᠷᠤᠩᠬᠡᠶᠢᠯᠡᠭᠰᠡᠨ ᠠᠰᠠᠷ᠂ ᠲᠦᠷᠪᠡᠳᠤᠭᠡᠷ ᠳᠤᠮᠳᠠᠳᠤ ᠰᠤᠷᠭᠠᠭᠤᠯᠢ ᠶᠢᠨ ᠡᠪᠤᠯ ᠤᠨ ᠬᠦᠯ ᠪᠦᠮᠪᠦᠭᠡ ᠶᠢᠨ ᠤᠷᠳᠤᠨ ᠎ ᠢ ᠠᠰᠢᠭᠯᠠᠯᠲᠡ ᠳᠤ ᠤᠷᠤᠭᠤᠯᠬᠤ ᠪᠠᠷ ᠴᠢᠷᠮᠠᠶᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠎ ᠤᠨ ᠳᠡᠰ ᠤᠨ ᠳᠦᠷᠢᠮ ᠤᠨ ᠦᠭᠡᠷᠡᠴᠢᠯᠡᠯᠲᠡ ᠪᠠ ᠪᠠᠭᠰᠢ ᠨᠠᠷ ᠤᠨ ᠠᠮᠵᠢᠯᠲᠡ ᠪᠦᠲᠦᠮᠵᠢ ᠶᠢᠨ ᠴᠠᠯᠢᠩ ᠤᠨ ᠬᠠᠮᠢᠶᠠᠷᠤᠯᠲᠡ ᠶᠢ ᠲᠦᠯᠬᠢᠨ ᠠᠬᠢᠭᠤᠯᠵᠦ᠂ ᠨᠡᠷᠡᠳᠤ ᠶᠡᠭᠡ ᠳᠡᠭᠡᠳᠤ ᠰᠤᠷᠭᠠᠭᠤᠯᠢ ᠲᠠᠢ ᠬᠠᠮᠳᠤᠷᠠᠯᠴᠠᠬᠤ ᠪᠠ ᠴᠢᠳᠠᠪᠦᠷᠢᠲᠡᠨ ᠢ ᠲᠠᠲᠠᠨ ᠠᠪᠴᠢᠷᠠᠬᠤ ᠵᠡᠷᠭᠡ ᠲᠠᠯ᠎ᠠ ᠶᠢᠨ ᠠᠵᠢᠯ ᠢ ᠴᠢᠩᠭᠠᠳᠬᠠᠵᠦ᠂ ᠪᠠᠭᠰᠢ ᠶᠢᠨ ᠬᠦᠷᠳᠡᠮᠵᠢ ᠶᠢᠨ ᠲᠦᠷᠦᠭᠳᠡᠯ ᠪᠠ ᠰᠤᠷᠭᠠᠨ ᠬᠦᠮᠦᠵᠢᠯ ᠵᠢᠭᠠᠨ ᠰᠤᠷᠭᠠᠯᠲᠡ ᠶᠢᠨ ᠶᠠᠰᠦ ᠴᠢᠨᠠᠷ ᠢ ᠲᠠᠰᠤᠷᠠᠯᠲᠡ ᠦᠭᠡᠢ ᠳᠡᠭᠡᠭᠰᠢᠯᠡᠭᠦᠯᠦᠨ᠎ᠡ᠃        ᠡᠮ ᠡᠮᠨᠡᠯᠭᠡ ᠶᠢᠨ ᠲᠦᠭᠡᠮᠡᠯ ᠠᠰᠢᠭ ᠬᠦᠷᠳᠡᠭᠡᠬᠦ ᠬᠦᠭᠵᠢᠯᠲᠡ ᠶᠢ ᠯᠠᠪᠳᠠᠭᠤᠨ ᠪᠠᠳᠤᠲᠠᠢ ᠠᠬᠢᠭᠤᠯᠤᠨ᠎ᠠ᠃ ︽ᠴᠢᠨᠠᠷ ᠰᠠᠶᠢᠲᠠᠢ ᠦᠢᠯᠡᠴᠢᠯᠡᠭᠡ ᠶᠢ ᠦᠨᠳᠦᠰᠦᠨ ᠱᠠᠳᠤᠨ ᠳᠤ ᠬᠦᠷᠭᠡᠬᠦ ᠠᠶᠠᠯᠠᠯ︾ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠬᠢᠲᠠᠳ ᠡᠮᠨᠡᠯᠭᠡ ᠶᠢᠨ ᠬᠤᠷᠢᠶᠠᠨ ᠤ ᠬᠠᠷᠢᠶ᠎ᠠ ᠠᠰᠠᠷ ᠪᠠᠶᠢᠭᠤᠯᠬᠤ ᠠᠬᠢᠴᠠ ᠶᠢ ᠲᠦᠯᠬᠢᠨ ᠠᠬᠢᠭᠤᠯᠵᠦ᠂ ᠹᠧᠩ ᠬᠤᠸᠠᠩ ᠯᠢᠩ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠢ ᠵᠠᠰᠠᠨ ᠴᠡᠭᠴᠡᠯᠡᠬᠦ ᠢᠨᠵᠧᠨᠧᠷᠢᠩ ᠢ ᠬᠡᠷᠡᠭᠵᠢᠭᠦᠯᠵᠦ᠂ ᠡᠮᠴᠢᠯᠡᠭᠡᠨ ᠤ ᠬᠠᠮᠳᠤ ᠶᠢᠨ ᠴᠤᠭᠴᠠ ᠶᠢᠨ ᠦᠢᠯᠡᠴᠢᠯᠡᠭᠡᠨ ᠤ ᠶᠠᠰᠦ ᠴᠢᠨᠠᠷ ᠢ ᠲᠠᠰᠤᠷᠠᠯᠲᠡ ᠦᠭᠡᠢ ᠳᠡᠭᠡᠭᠰᠢᠯᠡᠭᠦᠯᠦᠨ᠎ᠡ᠃ ᠬᠢᠲᠠᠳ ᠡᠮᠴᠢᠯᠡᠭᠡ ᠶᠢᠨ ᠤᠨᠴᠠᠯᠢᠭᠳᠤ ᠬᠦᠭᠵᠢᠯᠲᠡ ᠶᠢ ᠬᠦᠴᠦᠯᠡᠨ ᠠᠳᠬᠤᠵᠦ᠂ ᠡᠮ ᠡᠮᠨᠡᠯᠭᠡ ᠶᠢᠨ ᠲᠤᠰᠬᠠᠢ ᠮᠡᠷᠭᠡᠵᠢᠯ ᠤᠨ ᠴᠢᠳᠠᠪᠦᠷᠢᠲᠠᠨ ᠢ ᠲᠠᠲᠠᠨ ᠠᠪᠴᠢᠷᠠᠵᠦ᠂ ᠡᠮ ᠡᠮᠨᠡᠯᠭᠡ ᠶᠢᠨ ᠬᠢᠷᠢ ᠲᠦᠪᠰᠢᠨ ᠢ ᠲᠠᠰᠤᠷᠠᠯᠲᠡ ᠦᠭᠡᠢ ᠳᠡᠭᠡᠭᠰᠢᠯᠡᠬᠦᠯᠦᠨ᠎ᠡ᠃ ᠳᠡᠰ ᠬᠤᠪᠢᠶᠠᠨ ᠤᠨᠤᠰᠢᠯᠠᠨ ᠡᠮᠴᠢᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠦ᠂ ᠭᠡᠷ ᠪᠦᠯᠢ ᠶᠢᠨ ᠡᠮᠴᠢ ᠶᠢᠨ ᠬᠡᠷᠡᠳᠤ ᠦᠢᠯᠡᠴᠢᠯᠡᠭᠡ ᠪᠠ ᠤᠳᠠᠭᠠᠨ ᠴᠢᠨᠠᠷᠲᠠᠢ ᠡᠪᠡᠳᠴᠢᠨ ᠢ ᠤᠨᠤᠰᠢᠯᠠᠨ ᠡᠮᠨᠡᠬᠦ  ᠎ ᠶᠢ ᠦᠷᠭᠦᠯᠵᠢᠯᠡᠨ ᠠᠬᠢᠭᠤᠯᠵᠦ᠂ ᠠᠷᠠᠳ ᠲᠦᠮᠡᠨ ᠳᠤ ᠨᠡᠩ ᠠᠮᠤᠷ ᠲᠦᠪᠰᠢᠨ ᠦᠨᠳᠤᠷ ᠪᠦᠲᠦᠮᠵᠢᠲᠠᠢ ᠪᠦᠭᠡᠳ ᠲᠦᠭᠦᠮ ᠲᠦᠳᠡ ᠠᠵᠦ ᠠᠬᠤᠢ ᠶᠢᠨ ᠦᠨᠳᠤᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠳᠡᠭᠡᠨ᠎ᠡ᠃        ᠰᠤᠶᠤᠯ ᠪᠡᠶ᠎ᠡ ᠲᠠᠮᠢᠷ ᠤᠨ ᠴᠡᠴᠭᠯᠡᠨ ᠬᠦᠭᠵᠢᠬᠦ ᠶᠢ ᠯᠠᠪᠳᠠᠭᠤᠨ ᠪᠠᠳᠤᠲᠠᠢ ᠠᠬᠢᠭᠤᠯᠤᠨ᠎ᠠ᠃ ᠰᠤᠶᠤᠯ ᠤᠨ ᠠᠵᠦ ᠦᠢᠯᠡᠰ ᠤᠨ ᠬᠦᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠤᠳᠤ ᠦᠶ᠎ᠡ ᠶᠢᠨ ᠤᠯᠠᠨ ᠨᠡᠶᠢᠲᠡ ᠎ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠳᠭᠡᠨ ᠪᠠᠶᠢᠭᠤᠯᠵᠦ᠂ ᠰᠤᠶᠤᠯ ᠤᠨ ᠠᠵᠦ ᠦᠢᠯᠡᠰ ᠤᠨ ᠬᠦᠷᠢᠶᠡᠯᠡᠩ᠂ ᠰᠤᠶᠤᠯ ᠵᠤᠭᠠᠴᠠᠯ ᠤᠨ ᠵᠢᠵᠢᠭ ᠪᠠᠯᠭᠠᠰᠦ ᠶᠢ ᠢᠳᠡᠪᠬᠢᠲᠠᠢ ᠲᠦᠯᠦᠪᠵᠢᠭᠦᠯᠦᠨ ᠪᠠᠶᠢᠭᠤᠯᠤᠨ᠎ᠠ᠃ ᠤᠯᠠᠭᠠᠨᠮᠦᠴᠢᠷ ᠢ ᠬᠦᠭᠵᠢᠭᠦᠯᠦᠨ ᠪᠤᠵᠠᠭᠠᠶᠢᠷᠠᠭᠤᠯᠬᠤ ᠶᠢ ᠲᠡᠳᠭᠦᠨ ᠳᠡᠮᠵᠢᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠡᠨ 70 ᠵᠢᠯ ᠤᠨ ᠤᠢ ᠶᠢᠨ ᠲᠤᠭᠤᠷᠢᠨ ᠳᠤ ᠤᠯᠠᠮᠵᠢᠯᠠᠯᠳᠤ ᠰᠤᠶᠤᠯ ᠤᠨ ᠨᠠᠶᠢᠷ᠂ ᠨᠡᠶᠢᠭᠡᠮ ᠲᠤᠭᠤᠷᠢᠭ ᠤᠨ ᠤᠷᠠᠯᠢᠭ ᠤᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠰᠠᠶᠢᠳᠤᠷ ᠦᠷᠨᠢᠭᠦᠯᠦᠨ᠂ ᠠᠷᠠᠳ ᠢᠷᠡᠭᠡᠳ ᠎ ᠤᠨ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ ᠲᠠᠰᠤᠷᠠᠯᠲᠡ ᠦᠭᠡᠢ ᠪᠠᠶᠠᠯᠢᠭᠵᠢᠭᠤᠯᠤᠨ᠎ᠠ᠃ ᠨᠡᠶᠢᠭᠡᠮ ᠲᠤᠭᠤᠷᠢᠭ ᠎ ᠤᠨ ᠪᠡᠶ᠎ᠡ ᠴᠠᠬᠢᠷᠠᠭᠵᠢᠭᠤᠯᠬᠤ ᠲᠦᠪ᠂ ᠪᠡᠶ᠎ᠡ ᠲᠠᠮᠢᠷ ᠤᠨ ᠬᠦᠳᠡᠯᠭᠡᠭᠡᠨ ᠤ ᠶᠡᠷᠤᠩᠬᠡᠢ ᠴᠤᠭᠴᠠ ᠶᠢ ᠠᠯᠬᠤᠮ ᠠᠯᠬᠤᠮ ᠎ ᠢᠶᠠᠷ ᠳᠡᠭᠦᠯᠳᠡᠷᠵᠢᠭᠦᠯᠵᠦ᠂ ᠤᠰᠤᠨ ᠳᠡᠭᠡᠷᠡᠬᠢ ᠰᠫᠤᠷᠲ᠂ ᠡᠯᠡᠰᠦᠨ ᠴᠦᠯ ᠤᠨ ᠬᠡᠬᠡᠷᠡᠯᠡᠬᠦ ᠤᠷᠤᠯᠳᠤᠭᠠᠨ ᠵᠡᠷᠬᠡ ᠤᠨᠴᠠᠯᠢᠭᠳᠤ ᠤᠷᠤᠯᠳᠤᠭᠠᠨ ᠪᠠ ᠰᠡᠯᠡᠭᠦᠴᠡᠯ ᠤᠨ ᠠᠵᠦ ᠦᠢᠯᠡᠰ ᠢ ᠢᠳᠡᠪᠬᠢᠲᠠᠢ ᠪᠠᠷ ᠲᠠᠲᠠᠨ ᠠᠪᠴᠢᠷᠠᠵᠦ᠂ ᠶᠡᠭᠡ ᠡᠷᠡᠭᠦᠯ ᠡᠩᠬᠡ᠂ ᠪᠦᠬᠦ ᠠᠷᠠᠳ ᠤᠨ ᠪᠡᠶ᠎ᠡ ᠴᠠᠬᠢᠷᠠᠭᠵᠢᠭᠤᠯᠬᠤ ᠯᠤᠭ᠎ᠠ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ︽ᠬᠤᠶᠠᠷ ᠢ ᠡᠭᠦᠳᠬᠦ︾ ᠠᠵᠢᠯ ᠢ ᠪᠦᠬᠦ ᠬᠦᠴᠦᠨ ᠢᠶᠠᠷ ᠠᠬᠢᠭᠤᠯᠵᠦ᠂ 8 ᠰᠠᠷ᠎ᠠ ᠶᠢᠨ ᠰᠡᠭᠦᠯᠴᠢ ᠠᠴᠠ ᠡᠮᠦᠨ᠎ᠡ ᠤᠯᠤᠰ ᠤᠨ ᠡᠷᠡᠭᠦᠯ ᠬᠠᠮᠠᠭᠠᠯᠠᠯ ᠤᠨ ᠬᠤᠲᠡ ᠶᠢᠨ ᠰᠢᠯᠭᠠᠨ ᠠᠪᠬᠤ ᠪᠠᠷᠢᠮᠵᠢᠶ᠎ᠠ ᠳᠤ ᠬᠦᠷᠬᠦ ᠶᠢ ᠪᠠᠳᠤᠯᠠᠵᠦ᠂ ᠪᠦᠬᠦ ᠤᠯᠤᠰ ᠤᠨ ᠪᠤᠯᠪᠠᠰᠦᠨ ᠬᠤᠲᠡ ᠶᠢ ᠪᠦᠲᠦᠭᠡᠨ ᠪᠠᠶᠢᠭᠤᠯᠬᠤ ᠤᠨ ᠤ ᠠᠵᠢᠯ ᠢᠶᠠᠨ ᠦᠨᠳᠤᠷ ᠪᠠᠷᠢᠮᠵᠢᠶ᠎ᠠ ᠪᠠᠷ ᠪᠡᠶᠡᠯᠡᠭᠦᠯᠦᠨ᠎ᠡ᠃ ᠤᠯᠤᠰ ᠤᠨ ᠪᠠᠳᠤᠯᠠᠨ ᠬᠠᠮᠠᠭᠠᠯᠠᠯᠲᠡ᠂ ᠠᠷᠠᠳ ᠤᠨ ᠵᠡᠪᠰᠡᠭᠳᠤ ᠬᠦᠴᠦᠨ᠂ ᠬᠢᠨᠠᠨ ᠪᠤᠳᠤᠯᠲᠡ᠂ ᠠᠵᠦ ᠠᠬᠤᠢ ᠶᠢᠨ ᠨᠡᠶᠢᠳᠡᠮ ᠪᠠᠶᠢᠴᠠᠭᠠᠯᠲᠡ᠂ ᠭᠠᠵᠠᠷ ᠬᠦᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠦᠨᠳᠦᠰᠦᠲᠡᠨ ᠱᠠᠰᠢᠨ ᠰᠤᠷᠲᠠᠬᠤᠨ᠂ ᠲᠦᠯᠦᠪᠯᠡᠭᠡᠳᠤ ᠦᠷᠡᠵᠢᠯ᠂ ᠠᠵᠢᠯᠴᠢᠨ ᠤ ᠡᠪᠯᠡᠯ᠂ ᠡᠮᠡᠭᠲᠠᠶᠢᠴᠦᠳ ᠬᠡᠤᠬᠡᠳ ᠂ ᠮᠡᠳᠡᠭᠡ ᠵᠠᠩᠬᠢᠴᠢᠯᠠᠯᠲᠡ ᠶᠢᠨ ᠪᠦᠲᠦᠭᠡᠨ ᠪᠠᠶᠢᠭᠤᠯᠤᠯᠲᠡ᠂ ᠪᠠᠴᠢᠮ ᠪᠠᠶᠢᠳᠠᠯ ᠢ ᠠᠷᠭᠠᠴᠠᠬᠤ᠂ ᠬᠤᠶᠠᠷ ᠢ ᠬᠦᠷᠢᠶᠡᠯᠡᠬᠦ᠂ ᠦᠳᠡᠯᠦᠭᠡ ᠨᠠᠰᠤᠲᠡᠨ᠂ ᠵᠡᠮᠳᠡᠭᠴᠦᠳ ᠵᠡᠷᠭᠡ ᠲᠠᠯ᠎ᠠ ᠶᠢᠨ ᠠᠵᠢᠯ ᠢ ᠦᠨᠡᠨ ᠬᠦ ᠰᠠᠶᠢᠳᠤᠷ ᠬᠢᠨ᠎ᠡ᠃         ︵ᠳᠤᠯᠤᠭ᠎ᠠ︶ ᠡᠭᠦᠷᠭᠡ ᠴᠢᠳᠠᠪᠬᠢ ᠪᠠᠨ ᠬᠤᠪᠢᠷᠠᠭᠤᠯᠵᠦ᠂ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠢᠭᠤᠨ ᠴᠢᠭᠡᠴᠢ ᠪᠤᠲᠠᠲᠠᠢ ᠶᠢ ᠡᠷᠬᠢᠮᠯᠡᠵᠦ᠂ ᠪᠦᠲᠦᠮᠵᠢ ᠰᠠᠶᠢᠲᠠᠢ ᠠᠷᠠᠳ ᠤᠨ ᠵᠠᠰᠠᠭ ᠤᠨ ᠤᠷᠳᠤᠨ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ         ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠦᠭᠡᠷᠡᠴᠢᠯᠡᠯᠲᠡ ᠪᠠᠷ ᠵᠠᠰᠠᠭ ᠤᠨ ᠤᠷᠳᠤᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠭᠤᠤᠯ ᠠᠷᠭ᠎ᠠ ᠪᠠᠷᠢᠯ ᠪᠤᠯᠭᠠᠬᠤ ᠶᠢ ᠲᠦᠯᠬᠢᠨ ᠠᠬᠢᠭᠤᠯᠵᠦ᠂ ᠰᠢᠨ᠎ᠡ ᠨᠢᠭᠡᠨ ᠡᠭᠡᠯᠵᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠪᠡᠶᠡᠯᠡᠭᠦᠯᠵᠦ᠂ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠬᠤᠭᠤᠴᠠᠭᠠᠨ ᠳᠤ ᠡᠯ᠎ᠡ ᠲᠦᠷᠦᠯ ᠤᠨ ᠠᠵᠢᠯ ᠤᠨ ᠦᠷᠭᠦᠯᠵᠢᠯᠡᠨ ᠲᠤᠭᠲᠠᠭᠤᠨ ᠶᠠᠪᠤᠭᠳᠠᠬᠤ ᠎ ᠶᠢ ᠦᠨᠡᠨ ᠬᠦ ᠪᠠᠳᠤᠯᠠᠬᠤ ᠬᠡᠷᠡᠭᠲᠠᠢ᠃ ᠦᠭᠡᠷᠡᠴᠢᠯᠡᠯᠲᠡ ᠪᠠᠷ ᠬᠦᠭᠵᠢᠯᠲᠡ ᠶᠢᠨ ᠳᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠢ ᠪᠠᠷᠢᠮᠲᠠᠯᠠᠵᠦ᠂ ᠰᠤᠷᠭᠠᠨ ᠬᠦᠮᠦᠵᠢᠯ᠂ ᠡᠮ ᠡᠮᠨᠡᠯᠭᠡ᠂ ᠤᠷᠤᠨ ᠰᠠᠭᠤᠴᠠ᠂ ᠨᠠᠰᠤᠵᠢᠯ ᠤᠨ ᠠᠰᠠᠷᠠᠮᠵᠢ᠂ ᠢᠳᠡᠭᠡᠨ ᠤ ᠵᠦᠢᠯ᠂ ᠬᠤᠲᠡ ᠶᠢᠨ ᠬᠠᠮᠢᠶᠠᠷᠤᠯᠲᠡ ᠵᠡᠷᠭᠡ ᠭᠤᠤᠯ ᠠᠵᠢᠯᠯᠠᠭ᠎ᠠ ᠲᠠᠢ ᠨᠢᠭ᠌ᠲᠡ ᠤᠶᠠᠯᠳᠤᠭᠤᠯᠤᠨ᠂ ᠪᠦᠲᠦᠮᠵᠢᠲᠠᠢ ᠦᠭᠡᠷᠡᠴᠢᠯᠡᠬᠦ ᠠᠷᠭ᠎ᠠ ᠬᠡᠮᠵᠢᠶ᠎ᠡ ᠶᠢ ᠢᠳᠡᠪᠬᠢᠲᠠᠢ ᠬᠠᠶᠢᠨ ᠰᠦᠪᠡᠭᠴᠢᠯᠡᠵᠦ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠪᠠ ᠵᠤᠯ ᠵᠢᠷᠭᠠᠯᠳᠤ ᠲᠦᠷᠦᠭᠳᠡᠯ ᠢ ᠬᠦᠴᠦᠯᠡᠨ ᠳᠡᠭᠡᠭᠰᠢᠯᠡᠭᠦᠯᠦᠨ᠎ᠡ᠃         ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠎ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ︽ᠲᠦᠷᠪᠡᠨ ᠤᠬᠠᠮᠰᠡᠷ︾᠎ ᠢ ᠪᠠᠳᠤ ᠪᠠᠬᠢ ᠪᠤᠢ ᠪᠤᠯᠭᠠᠵᠦ᠂ ︽ᠲᠦᠷᠪᠡᠨ ᠢᠳᠡᠭᠡᠯ︾ ᠪᠠᠳᠤ ᠴᠢᠩᠭ᠎ᠠ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠵᠦ᠂ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠡᠨ ᠨᠠᠮ ᠤᠨ ᠲᠦᠪ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠤᠯᠲᠠᠢ ᠪᠠᠶᠢᠬᠤ ᠬᠡᠷᠡᠭᠲᠠᠢ᠃ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠶᠤᠰᠦ ᠳᠦᠷᠢᠮ ᠎ ᠢ ᠴᠢᠩᠭ᠎ᠠ ᠰᠠᠬᠢᠵᠦ᠂ ᠲᠤᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠵᠠᠰᠠᠭ ᠢ ᠴᠢᠩᠭ᠎ᠠ ᠵᠠᠰᠠᠬᠤ ᠳᠤ ᠨᠠᠶᠢᠳᠠᠪᠦᠷᠢᠵᠢᠭᠤᠯᠤᠨ᠎ᠠ᠃ ᠦᠵᠡᠯ ᠤᠬᠠᠮᠰᠡᠷ ᠤᠨ ᠬᠡᠯᠪᠡᠷᠢ ᠎ ᠶᠢᠨ ᠠᠵᠢᠯ ᠢ ᠪᠤᠲᠠᠲᠠᠢ ᠠᠳᠬᠤᠵᠦ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠬᠦᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠤᠯᠤᠰ ᠲᠦᠷᠦ ᠶᠢᠨ ᠲᠠᠯ᠎ᠠ ᠪᠠᠷ ᠪᠠᠳᠤ ᠴᠢᠩᠭ᠎ᠠ᠂ ᠤᠪᠤᠷ ᠰᠤᠷᠳᠠᠯ ᠰᠢᠯᠢᠳᠡᠭ ᠰᠠᠶᠢᠨ᠂ ᠦᠨᠳᠤᠷ ᠬᠡᠪ ᠴᠢᠨᠠᠷ ᠪᠦᠬᠦᠢ ᠲᠤᠰᠬᠠᠶᠢᠵᠢᠭᠰᠡᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃        ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠤᠯᠢ ᠳᠤ ᠲᠤᠭᠲᠠᠭᠠᠭᠰᠡᠨ ᠡᠷᠬᠡ ᠮᠡᠳᠡᠯ ᠎ ᠢᠶᠠᠷ ᠡᠭᠦᠷᠬᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠴᠢᠩᠭ᠎ᠠ ᠵᠢᠷᠤᠮᠯᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠪᠠᠷ ᠬᠢᠨᠠᠯᠲᠡ ᠲᠠᠯᠪᠢᠬᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠎ ᠢᠶᠠᠷ ᠬᠢᠨᠠᠯᠲᠡ ᠲᠠᠯᠪᠢᠬᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠡ ᠲᠠᠯᠪᠢᠬᠤ ᠪᠠ ᠬᠢᠨᠠᠨ ᠪᠤᠳᠤᠯᠲᠡ ᠪᠠᠷ ᠬᠢᠨᠠᠯᠲᠡ ᠲᠠᠯᠪᠢᠬᠤ ᠶᠢ ᠤᠬᠠᠮᠰᠡᠷ ᠠᠴᠠ ᠪᠠᠨ ᠬᠦᠯᠢᠶᠡᠨ ᠠᠪᠤᠨ᠎ᠠ᠃ ︽ᠭᠤᠷᠪᠠᠨ ᠴᠢᠬᠤᠯᠠ ᠨᠢᠭᠡ ᠶᠡᠭᠡ︾ ᠵᠡᠷᠭᠡ ᠵᠠᠰᠠᠭ ᠤᠨ ᠤᠷᠳᠤᠨ ᠤ ᠠᠵᠢᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠤ ᠪᠤᠳᠤᠯᠭ᠎ᠠ᠂ ᠠᠷᠠᠳᠴᠢᠯᠠᠯᠳᠤ ᠰᠢᠢᠳᠪᠦᠷᠢ ᠲᠤᠭᠲᠠᠭᠠᠬᠤ ᠶᠢ ᠪᠠᠷᠢᠮᠲᠠᠯᠠᠨ᠎ᠠ᠃ ︽ᠳᠤᠯᠤᠳᠤᠭᠠᠷ ᠲᠠᠪᠤᠨ ᠵᠢᠯ︾᠎ ᠤᠨ ᠲᠦᠯᠦᠪᠯᠡᠭᠡᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠦᠷᠭᠦᠯᠵᠢᠯᠡᠨ ᠦᠷᠨᠢᠭᠦᠯᠵᠦ᠂ ᠠᠷᠠᠳ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠨ᠎ᠠ᠃ ᠪᠦᠬᠦ ᠤᠯᠤᠰ ᠤᠨ ᠦᠨᠳᠤᠰᠦᠨ ᠱᠠᠳᠤᠨ ᠤ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠲᠤᠷᠰᠢᠯᠲᠡ ᠶᠢᠨ ᠴᠡᠭ ᠤᠨ ᠠᠵᠢᠯ ᠢ ᠦᠨᠳᠤᠷ ᠪᠠᠷᠢᠮᠵᠢᠶ᠎ᠠ ᠪᠠᠷ ᠲᠦᠯᠬᠢᠨ ᠠᠬᠢᠭᠤᠯᠵᠦ᠂ ᠲᠤᠷᠰᠢᠯᠲᠡ ᠶᠢᠨ ᠴᠡᠭ ᠤᠨ ᠬᠡᠪᠴᠢᠶᠡᠨ ᠳᠤ ︽ᠲᠠᠪᠤ ᠶᠢ ᠢᠯᠡ ᠪᠤᠯᠭᠠᠬᠤ︾᠎ ᠶᠢ ᠪᠡᠶᠡᠯᠡᠭᠦᠯᠵᠦ᠂ ᠨᠡᠩ ᠳᠡᠭᠡᠳᠤ ᠳᠡᠰ ᠤᠨ ︽ᠨᠠᠷᠠᠨ ᠭᠡᠷᠡᠯᠳᠤ ᠵᠠᠰᠠᠭ ᠤᠨ ᠶᠠᠪᠤᠳᠠᠯ︾᠎ ᠢ ᠪᠦᠲᠦᠭᠡᠨ ᠪᠠᠶᠢᠭᠤᠯᠤᠨ᠎ᠠ᠃         ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠵᠠᠰᠠᠭ ᠤᠨ ᠤᠷᠳᠤᠨ ᠤ ᠨᠠᠮ ᠤᠨ ᠤᠳᠤᠷᠢᠳᠤᠬᠤ ᠳᠤᠭᠤᠶᠢᠯᠠᠩ ᠲᠤᠯᠤᠭᠠᠶᠢᠯᠠᠬᠤ ᠦᠢᠯᠡᠳᠤᠯ ᠢ ᠪᠠᠳᠠᠷᠠᠭᠤᠯᠵᠦ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ᠂ ᠨᠠᠮ ᠤᠨ ᠲᠤᠳᠤᠭᠠᠳᠤ ᠶᠢᠨ ᠬᠢᠨᠠᠯᠲᠡ ᠲᠠᠯᠪᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠨᠠᠮ ᠤᠨ ᠰᠤᠷᠳᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠡ ᠎ ᠶᠢᠨ ᠬᠠᠷᠢᠭᠤᠴᠠᠯᠭ᠎ᠠ ᠶᠢᠨ ᠳᠦᠷᠢᠮ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠨᠠᠶᠢᠳᠠᠪᠦᠷᠢᠵᠢᠭᠤᠯᠵᠦ᠂ ᠲᠦᠪ ᠬᠤᠷᠢᠶᠠᠨ ᠤ ᠨᠠᠢᠮᠠᠨ ᠲᠤᠭᠲᠠᠭᠠᠯ ᠪᠠ ᠦᠪᠡᠷᠳᠡᠭᠡᠨ ᠵᠠᠰᠠᠬᠤ ᠤᠷᠤᠨ ᠤ ᠢᠵᠢ ᠪᠦᠷᠢᠯᠳᠦᠭᠦᠯᠦᠭᠰᠡᠨ ᠲᠤᠭᠲᠠᠭᠠᠯ ᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠭᠤᠤᠯᠳᠠᠯᠭ᠎ᠠ ᠲᠠᠢ ᠬᠡᠪᠴᠢᠶᠡᠨ ᠳᠠᠬᠢ ᠠᠷᠢᠭᠤᠨ ᠴᠢᠭᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ᠂ ᠲᠦᠪ ᠪᠤᠰᠦ ᠰᠤᠷᠳᠠᠯ ᠪᠤᠯᠦᠨ ᠢᠯᠵᠡᠷᠡᠯ ᠤᠨ ᠠᠰᠠᠭᠤᠳᠠᠯ ᠢ ᠴᠢᠩᠭ᠎ᠠ ᠪᠠᠶᠢᠴᠠᠭᠠᠨ᠂ ᠰᠤᠷᠳᠠᠯ ᠴᠢᠭᠡᠴᠢ ᠤᠪᠤᠷ ᠲᠦᠪ ᠵᠠᠰᠠᠭ ᠤᠨ ᠤᠷᠳᠤᠨ ᠤ ᠳᠦᠷᠢ ᠳᠦᠷᠬᠦ ᠶᠢ ᠪᠤᠢ ᠪᠤᠯᠭᠠᠨ᠎ᠠ᠃         ᠡᠯ᠎ᠡ ᠲᠦᠯᠦᠭᠡᠯᠡᠭᠴᠢᠳ ᠡ᠂ ᠬᠦᠴᠢᠷ ᠪᠡᠷᠬᠡ ᠤᠷᠴᠢᠨ ᠳᠤᠷ ᠰᠠᠶ᠋ᠢ ᠡᠷᠡᠯᠬᠡᠭ ᠵᠤᠷᠢᠭ ᠢ ᠪᠠᠳᠠᠷᠠᠭᠤᠯᠵᠦ ᠴᠢᠳᠠᠨ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠨᠳᠤᠷ ᠮᠠᠨᠳᠤᠭᠤᠯᠤᠨ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠭ᠌ᠲᠡᠷᠡᠨ ᠪᠦᠯᠬᠦᠮᠳᠡᠵᠦ᠂ ᠬᠤᠲᠡ ᠶᠢᠨ ᠨᠠᠮ ᠤᠨ ᠬᠤᠷᠢᠶ᠎ᠠ᠂ ᠬᠤᠲᠡ ᠶᠢᠨ ᠵᠠᠰᠠᠭ ᠤᠨ ᠤᠷᠳᠤᠨ ᠪᠤᠯᠦᠨ ᠲᠤᠭᠤᠷᠢᠭ ᠤᠨ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠴᠢᠩᠭ᠎ᠠ ᠬᠠᠷᠢᠭᠤᠴᠠᠯᠭᠠᠳᠤ ᠰᠡᠳᠬᠢᠯᠭᠡ᠂ ᠲᠤᠯᠭᠠᠮ᠎ᠠ ᠰᠡᠳᠬᠢᠯᠭᠡ᠂ ᠡᠭᠦᠷᠭᠡᠳᠤ ᠰᠡᠳᠬᠢᠯᠭᠡ ᠪᠠᠷ ᠪᠤᠳᠠᠲᠠᠢ ᠶᠢ ᠡᠷᠬᠢᠮᠯᠡᠨ ᠤᠷᠤᠭᠰᠢᠯᠠᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠢᠯᠠᠯᠲᠡ ᠶᠢ ᠤᠯᠵᠦ᠂ ᠬᠠᠶᠢᠷᠤᠪ ᠤᠨ ᠲᠤᠬᠤᠢ ᠲᠤᠭᠤᠷᠢᠭ ᠎ ᠤᠨ ᠨᠡᠩ ᠦᠨᠳᠤᠷ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠭᠦᠯᠬᠦ ᠶᠢᠨ ᠲᠦᠯᠦᠭᠡ ᠴᠢᠷᠮᠠᠶᠢᠨ ᠲᠡᠮᠡᠴᠡᠵᠡᠭᠡᠶ᠎ᠡ᠃        
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号