ᠴᠢᠬᠡᠴᠢ ᠵᠠᠰᠠᠭ ᠤᠨ ᠰᠣᠶᠣᠯ ᠢ ᠪᠠᠳᠠᠷᠠᠭᠤᠯᠵᠤ᠂ ᠰᠤᠷᠲᠠᠯ ᠴᠢᠬᠡᠴᠢ ᠰᠤᠷᠲᠠᠯ ᠢ ᠰᠠᠨᠠᠭᠠᠴᠢᠯᠠᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠵᠤ᠂ ᠴᠢᠬᠡᠴᠢ ᠵᠠᠰᠠᠭ ᠤᠨ ᠰᠣᠶᠣᠯ ᠤᠨ | ᠤᠬᠠᠭᠤᠯᠭ᠎ᠠ ᠶᠢᠨ ᠤᠳᠤᠷᠢᠳᠤᠮᠵᠢ ᠶᠢᠨ ᠤᠶᠢᠯᠡᠳᠦᠯ ᠢ ᠭᠦᠢᠴᠡᠤᠡ ᠪᠠᠳᠠᠷᠠᠭᠤᠯᠬᠤ ᠶᠢᠨ ᠲᠥᠯᠥᠭᠡ᠂ ︽8 · 1︾ ᠤ | ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠪᠣᠯᠬᠤ ᠲᠠᠰᠢᠷᠠᠮ ᠢᠶᠠᠷ᠂ ᠬᠠᠶᠢᠪᠸᠢ ᠵᠡᠭᠡᠯᠢ ᠭᠤᠳᠤᠮᠵᠢ ᠶᠢᠨ ᠴᠠᠩ | ᠴᠢᠩ ᠳ᠋ᠦᠩ ᠨᠡᠶᠢᠭᠡᠮ ᠲᠣᠭᠤᠷᠢᠭ᠂ ᠱᠢ ᠴᠧᠩ ᠨᠡᠶᠢᠭᠡᠮ ᠲᠣᠭᠤᠷᠢᠭ᠂ ᠾᠧ ᠫᠢᠩ ᠳ᠋ᠦᠩ ᠨᠡᠶᠢᠭᠡᠮ ᠲᠣᠭᠤᠷᠢᠭ᠂ | ᠴᠢᠩ ᠱᠠᠨ ᠨᠡᠶᠢᠭᠡᠮ ᠲᠣᠭᠤᠷᠢᠭ᠂ ᠵᠢᠶᠠ ᠶᠤᠸᠠᠨ ᠨᠡᠶᠢᠭᠡᠮ ᠲᠣᠭᠤᠷᠢᠭ ᠬᠠᠮᠲᠤᠪᠠᠷ ︽ᠠᠷᠢᠭᠤᠨ ᠴᠢᠬᠡᠴᠢ ᠪᠠᠷ | ᠵᠠᠰᠠᠭ ᠪᠠᠷᠢᠵᠤ ᠠᠷᠠᠳ ᠤᠨ ᠲᠥᠯᠥᠭᠡ ᠵᠢᠳᠬᠦᠬᠦ︾ ᠭᠤᠤᠯ ᠰᠡᠳᠦᠪᠲᠦ ᠴᠢᠬᠡᠴᠢ ᠵᠠᠰᠠᠭ ᠤᠨ ᠲᠤᠰᠬᠠᠶ ᠤᠷᠠᠨ | ᠰᠠᠶᠢᠬᠠᠨ ᠤ ᠲᠣᠭᠯᠠᠯᠲᠠ ᠶᠢ ᠥᠷᠨᠢᠭᠦᠯᠵᠦ᠂ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ | ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ | | | | | ᠰᠢᠯᠦᠭ ᠤᠨ ᠢᠷᠠᠭᠤ ᠤᠩᠰᠢᠯᠭ᠎ᠠ ︽ᠪᠠᠭᠠᠲᠤᠷᠴᠤᠳ ᠢ ᠮᠠᠷᠲᠠᠵᠤ ᠪᠣᠯᠬᠤ ᠥᠬᠡᠶ︾ ᠭᠡᠬᠦ ᠲᠣᠭᠯᠠᠯᠲᠠ | ᠭᠠᠷᠭᠠᠵᠤ᠂ ︽ᠤᠷᠢ ᠵᠠᠯᠠᠭᠤ ᠨᠠᠰᠤ︾ ᠭᠡᠬᠦ ᠳᠠᠭᠤᠤ ᠨᠢ ᠳᠠᠷᠤᠭ᠎ᠠ ᠪᠠᠶᠢᠯᠳᠤᠭᠴᠢᠳ ᠤᠨ ᠵᠠᠯᠠᠭᠤ ᠨᠠᠰᠤᠨ ᠤ | ᠳᠠᠭᠤᠯᠠᠯ ᠢ ᠳᠡᠯᠭᠡᠨ ᠦᠵᠡᠭᠦᠯᠵᠦ᠂ ᠪᠠᠶᠠᠯᠢᠭ ᠰᠠᠶᠢᠬᠠᠨ ᠮᠣᠷᠢᠨ ᠬᠤᠭᠤᠷ ᠤᠨ ︽ᠮᠣᠷᠢᠨ ᠬᠤᠭᠤᠷ ᠤᠨ ᠳᠠᠭᠤᠯᠠᠯ︾ | ᠂ ᠡᠷᠲᠡᠨ ᠤ ᠶᠠᠲᠤᠭ᠎ᠠ ᠶᠢᠨ ᠭᠤᠴᠣᠯᠠᠯ ᠬᠥᠭᠵᠢᠮ ︽ᠬᠥᠳᠡᠯᠮᠦᠷᠢ ᠬᠠᠮᠤᠭ ᠤᠨ ᠢᠷᠠᠭᠤ ᠠᠯᠳᠠᠷᠲᠠᠶ︾ | ᠵᠡᠷᠭᠡᠲ᠋ᠣᠭᠯᠠᠯᠲᠠ ᠨᠢ ᠲᠤᠬᠠᠶ ᠶᠢᠨ ᠲᠠᠯᠠᠪᠠᠢ ᠶᠢᠨ ᠴᠡᠷᠢᠭ ᠠᠷᠠᠳ ᠤᠨ ᠰᠦᠷ ᠵᠢᠪᠬᠤᠭ᠎ᠠ ᠶᠢ ᠣᠯᠵᠠᠶ᠃ ᠤᠷᠠᠨ | ᠰᠠᠶᠢᠬᠠᠨ ᠤ ᠲᠣᠭᠯᠠᠯᠲᠠ ᠨᠢ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠭᠤᠤᠯ ᠰᠡᠳᠦᠪ ᠢ | ᠭᠦᠢᠴᠡᠤᠡ ᠢᠯᠡᠷᠡᠭᠦᠯᠵᠦ᠂ ᠠᠶᠢᠵᠠᠮ ᠴᠣᠬᠢᠯᠭ᠎ᠠ ᠨᠢ ᠢᠯᠭᠤᠮ ᠲᠣᠳᠣ᠂ ᠰᠡᠳᠬᠢᠮᠵᠢ ᠨᠢ ᠤᠷᠠᠨ ᠳᠡᠮᠲᠡᠶ᠂ | ᠨᠠᠶᠢᠷᠠᠭᠤᠯᠤᠨ ᠵᠢᠭᠰᠠᠭᠠᠬᠤ ᠨᠢ ᠥᠪᠡᠷᠮᠢᠴᠡ ᠤᠷᠠᠨ ᠠᠪᠢᠶᠠᠰ ᠲᠠᠢ ᠪᠠᠶᠢᠵᠤ᠂ ᠬᠠᠶᠢᠪᠸᠢ ᠵᠡᠭᠡᠯᠢ ᠭᠤᠳᠤᠮᠵᠢ ᠶᠢᠨ | ᠡᠯ᠎ᠡ ᠨᠡᠶᠢᠭᠡᠮ ᠲᠣᠭᠤᠷᠢᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠯᠤᠭᠰᠠᠨ ᠢᠯᠡᠳᠲᠡ ᠦᠷ᠎ᠡ ᠪᠦᠲᠦᠮᠵᠢ ᠶᠢ ᠭᠦᠢᠴᠡᠤᠡ | ᠬᠠᠷᠠᠭᠤᠯᠵᠠᠢ ᠃ | ᠲᠣᠰ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠢ ᠴᠡᠷᠢᠭ ᠤᠨ ᠬᠤᠷᠢᠶᠠᠨ ᠳᠤ | ᠣᠷᠣᠭᠤᠯᠬᠤ ᠠᠵᠢᠯᠯᠠᠭ᠎ᠠ ᠨᠢ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠨᠢᠭᠡᠤᠳᠠᠭᠠᠨ ᠤ ᠰᠣᠶᠣᠯ ᠤᠨ | ᠶᠡᠭᠡ ᠬᠤᠭᠤᠯᠠ ᠡᠳ᠋ᠯᠡᠭᠦᠯᠵᠦ᠂ ᠡᠭᠦᠨ ᠤ ᠵᠡᠷᠭᠡ ᠳᠤ ᠪᠠᠰᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠷᠢᠭᠤᠨ | ᠴᠢᠬᠡᠴᠢ ᠪᠠᠷ ᠵᠠᠰᠠᠭ ᠪᠠᠷᠢᠬᠤ ᠣᠶᠢᠯᠠᠭᠠᠭᠳᠠᠬᠤᠨ ᠢ ᠤᠯᠠᠮ ᠢᠯᠡᠭᠦᠦ ᠴᠢᠩᠭᠠᠷᠠᠭᠤᠯᠵᠤ᠂ ᠬᠠᠢᠪᠧᠢ ᠵᠡᠭᠡᠯᠢ | ᠭᠤᠳᠤᠮᠵᠢ ᠶᠢᠨ ᠴᠠᠩ ᠴᠢᠩ ᠳ᠋ᠦᠩ ᠨᠡᠶᠢᠭᠡᠮ ᠲᠣᠭᠤᠷᠢᠭ ᠦᠨᠨᠠᠮ ᠤᠨ ᠰᠤᠷᠲᠠᠯ ᠠᠷᠢᠭᠤᠨᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠣᠯᠤᠨ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ | ᠪᠠ ᠠᠮᠢᠳᠤᠯᠢᠭ ᠬᠦᠴᠦᠨ ᠣᠯᠭᠤᠭᠰᠠᠨ ᠪᠠᠶᠢᠨ᠎ᠠ ᠃ |