ᠰᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶᠠᠲᠤ ᠣᠷᠣᠨ ᠤ ᠬᠠᠭᠤᠷᠠᠶ ᠵᠣᠷᠯᠣᠩ ᠢ ᠥᠭᠡᠷᠡᠴᠢᠯᠡᠨ᠎ᠡ
ᠨᠡᠶᠢᠲᠡᠯᠡᠭᠰᠡᠨ ᠴᠠᠭ᠄
2019-08-01
     ᠤᠶᠢᠷ᠎ᠠ ᠳᠤ᠂ ︽ᠵᠣᠷᠯᠣᠩ ᠤᠨ ᠬᠤᠪᠢᠰᠬᠠᠯ︾ ᠨᠢ ᠰᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠳᠤ ᠬᠥᠷ ᠬᠥᠭᠵᠢᠶᠡᠨ ᠲᠠᠢ ᠶᠠᠪᠤᠭᠳᠠᠵᠤ᠂ ᠰᠠᠭᠤᠭᠠᠯᠢ ᠠᠷᠠᠳ ᠵᠣᠷᠯᠣᠩ ᠳᠤ ᠤᠷᠤᠬᠤ ᠣᠷᠴᠢᠨ ᠲᠣᠭᠤᠷᠢᠨ ᠳᠤ ᠬᠤᠪᠢᠷᠠᠯᠲᠠ ᠭᠠᠷᠴᠤ ᠪᠠᠶᠢᠨ᠎ᠠ᠃      ᠰᠢᠨ ᠬᠤᠸᠠ ᠪᠠᠷᠠᠭᠤᠨ ᠵᠡᠭᠡᠯᠢ ᠶᠢᠨ ᠬᠠᠷᠢᠶ᠎ᠠ ᠲᠣᠭᠤᠷᠢᠭ ᠲᠤ ᠬᠠᠭᠤᠷᠠᠶ ᠵᠣᠷᠯᠣᠩ 14 ᠪᠣᠶ᠃ ᠡᠨᠡ ᠵᠢᠯ᠂ ᠰᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠰᠢᠨ᠎ᠡ ᠶᠢ ᠡᠭᠦᠳᠬᠦ ᠠᠵᠢᠯ ᠶᠢᠨ ᠱᠠᠭᠠᠷᠳᠠᠯᠭ᠎ᠠ ᠶᠣᠰᠣᠭᠠᠷ᠂ ᠣᠯᠠᠨ ᠰᠠᠯᠠᠭ᠎ᠠ ᠮᠥᠴᠢᠷ ᠤᠨ ᠬᠠᠮᠵᠢᠯᠴᠠᠭ᠎ᠠ ᠳᠣᠤᠷ᠎ᠠ᠂ ᠨᠢᠭᠡᠨᠲᠡ13 ᠬᠠᠭᠤᠷᠠᠶ ᠵᠣᠷᠯᠣᠩ ᠢ ᠨᠤᠷᠠᠭᠠᠵᠤ᠂ 6 ᠤᠰᠤᠨ ᠵᠣᠷᠯᠣᠩ ︵ᠡᠭᠦᠨ ᠳᠤ 2 ᠵᠣᠷᠯᠣᠩ ᠢ ᠨᠢᠭᠡᠨᠲᠡ ᠠᠰᠢᠭᠯᠠᠯᠲᠠ ᠳᠤ ᠣᠷᠣᠭᠤᠯᠪᠠ︶ ᠢ ᠰᠢᠨ᠎ᠡ ᠪᠠᠷ ᠨᠡᠮᠡᠭᠳᠡᠭᠦᠯᠵᠦ᠂ 7 ᠤᠰᠤ ᠪᠠᠷ ᠤᠬᠢᠶᠠᠬᠤ ᠬᠡᠯᠪᠡᠷᠢ ᠶᠢᠨ ᠵᠣᠷᠯᠣᠩ ᠢ ᠶᠠᠭ ᠤᠭᠰᠠᠷᠠᠵᠤ᠂ ᠦᠯᠳᠡᠭᠰᠡᠨ 1 ᠵᠣᠷᠯᠣᠩ ᠤᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠤᠰᠤ ᠪᠠᠷ ᠤᠬᠢᠶᠠᠬᠤ ᠬᠡᠯᠪᠡᠷᠢ ᠶᠢᠨ ᠵᠣᠷᠯᠣᠩ ᠢ ᠠᠯᠢ ᠲᠦᠷᠭᠡᠨ ᠢᠶᠠᠷ ᠰᠣᠯᠢᠵᠤ ᠪᠣᠶ᠃      ᠣᠳᠣᠬᠠᠨ ᠳᠤ᠂ ᠴᠡᠪᠡᠷ ᠲᠡᠭᠰᠢ ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ ᠨᠢ ᠨᠢᠭᠡᠨᠲᠡ ᠦᠨᠳᠦᠰᠦᠨ ᠳᠡᠭᠡᠨ ᠣᠯᠠᠩᠬᠢ ᠭᠡᠷ ᠪᠠᠶᠢᠰᠢᠩ ᠤᠨ ᠲᠣᠭᠤᠷᠢᠭ ᠲᠠᠬᠢ ︽ᠪᠠᠷᠢᠮᠵᠢᠶ᠎ᠠ ᠲᠣᠬᠢᠷᠠᠭᠤᠯᠤᠯᠲᠠ︾ ᠪᠣᠯᠵᠤ᠂ ᠰᠢᠨ᠎ᠡ ᠨᠡᠶᠢᠲᠡ ᠵᠢᠨ‌ᠵᠣᠷᠯᠣᠩ ᠨᠢ ᠤᠶᠢᠷ᠎ᠠ ᠬᠠᠪᠢ ᠶᠢᠨ ᠰᠠᠭᠤᠭᠠᠯᠢ ᠠᠷᠠᠳ ᠤᠨ ᠵᠣᠷᠯᠣᠩ ᠤᠨ ᠠᠰᠠᠭᠤᠳᠠᠯ ᠵᠢᠴᠢ ᠪᠣᠬᠢᠷ ᠤᠰᠤ ᠶᠢ ᠰᠢᠢᠤᠡᠪᠤᠷᠢᠯᠡᠬᠦ ᠬᠦᠴᠢᠷ ᠠᠰᠠᠭᠤᠳᠠᠯ ᠢ ᠨᠠᠮᠳᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠣᠯᠠᠨ ᠲᠦᠮᠡᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠠᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号