ᠥᠪᠥᠷ ᠮᠣᠩᠭᠤᠯ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2019-08-21
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠥᠪᠥᠷ ᠮᠣᠩᠭᠤᠯ ᠨᠢᠭᠡᠨᠲᠡ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ 2019 ᠤᠨ ᠤ ᠡᠴᠦᠰ ᠪᠣᠯᠲᠠᠯ᠎ᠠ᠂ ᠪᠥᠬᠦ ᠣᠷᠣᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠤᠭ ᠨᠣᠪᠰᠢ ᠶᠢ ᠲᠥᠷᠥᠯ ᠬᠤᠪᠢᠶᠠᠬᠤ ᠬᠠᠮᠤᠷᠬᠤ ᠬᠡᠪᠴᠢᠶ᠎ᠡ ᠶᠢ 50 %᠎ ᠠᠴᠠ ᠳᠣᠤᠷ᠎ᠠ ᠪᠠᠶᠢᠯᠭᠠᠬᠤ ᠥᠬᠡᠶ ᠪᠠᠶᠢᠵᠤ᠂ ᠢᠷᠡᠬᠦ ᠵᠢᠯ ᠳᠤ ᠪᠦᠬᠦᠨ ᠢ ᠪᠦᠷᠬᠦᠭᠦᠯᠬᠦ ᠪᠠᠷ ᠲᠥᠯᠥᠪᠯᠡᠵᠦ ᠪᠠᠶᠢᠨ᠎ᠠ᠃      ᠲᠥᠯᠥᠪᠯᠡᠭᠡ ᠶᠣᠰᠣᠭᠠᠷ᠂ 2020 ᠤᠨ ᠪᠣᠯᠬᠤ ᠳᠤ᠂ ᠬᠥᠬᠡᠬᠤᠲᠠ᠂ ᠲᠦᠩᠯᠢᠶᠣᠤ ᠬᠤᠲᠠ ᠨᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠤᠡᠪᠤᠷᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠬᠠᠮᠢᠶ᠎ᠠ ᠪᠦᠬᠦᠢ ᠬᠠᠤᠯᠢ ᠲᠣᠭᠲᠠᠭᠠᠯ ᠳᠦᠷᠢᠮ ᠪᠠ ᠪᠠᠷᠢᠮᠵᠢᠶ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ︔ 2022 ᠤᠨ ᠪᠣᠯᠬᠤ ᠳᠤ᠂ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠪᠦᠷᠬᠦᠭᠦᠯᠬᠦ ᠶᠢ ᠠᠳᠠᠭ ᠲᠠᠭᠠᠨ 1 ᠲᠣᠭᠤᠷᠢᠭ ᠪᠡᠶᠡᠯᠡᠭᠦᠯᠵᠦ᠂ ᠪᠤᠰᠤᠳ ᠲᠣᠭᠤᠷᠢᠭ ᠤᠨ ᠨᠠᠭᠠᠳᠤ ᠵᠠᠬ᠎ᠠ ᠳᠠᠭᠠᠨ 1 ᠵᠡᠭᠡᠯᠢ ᠭᠤᠳᠤᠮᠵᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠲᠣᠭᠤᠷᠢᠭ ᠢ ᠦᠨᠳᠦᠰᠦᠨ ᠳᠡᠭᠡᠨ ᠪᠠᠶᠢᠭᠤᠯᠤᠨ᠎ᠠ︔ 2025 ᠤᠨ ᠪᠣᠯᠬᠤ ᠳᠤ᠂ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠤᠲᠠ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠤᠡᠪᠤᠷᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ ᠳᠠᠷᠤᠭ᠎ᠠ ᠱᠢ ᡁᠢ ᠭᠠᠩ ᠲᠠᠨᠢᠯᠴᠠᠭᠤᠯᠬᠤ ᠳᠠᠭᠠᠨ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠡᠷᠡᠭᠵᠢᠭᠦᠯᠬᠦ ᠪᠡᠶᠡᠴᠢ ᠴᠣᠭᠴᠠ ᠶᠢ ᠭᠤᠷᠪᠠᠨ ᠲᠠᠯ᠎ᠠ ᠪᠠᠷ ᠬᠤᠪᠢᠶᠠᠵᠠᠶ᠄ ᠣᠯᠠᠨ ᠨᠡᠶᠢᠲᠡ ᠶᠢᠨ ᠪᠠᠶᠢᠭᠤᠯᠤᠮᠵᠢ᠂ ᠠᠵᠤ ᠠᠬᠤᠶᠢᠯᠠᠯ ᠪᠠ ᠨᠡᠶᠢᠭᠡᠮ ᠤᠨ ᠪᠠᠲᠤᠯᠠᠭ᠎ᠠ ᠶᠢᠨ ᠪᠠᠶᠢᠭᠤᠯᠤᠮᠵᠢ᠂ ᠬᠤᠲᠠ ᠪᠠᠯᠭᠠᠰᠤᠨ ᠤ ᠰᠠᠭᠤᠭᠠᠯᠢ ᠠᠷᠠᠳ᠃ ᠬᠡᠷᠡᠭᠵᠢᠭᠦᠯᠬᠦ ᠭᠤᠤᠯ ᠴᠣᠭᠴᠠ ᠨᠢ ᠪᠣᠢ ᠪᠣᠯᠤᠭᠰᠠᠨ ᠠᠮᠢᠳᠤᠷᠠᠯ ᠤᠨ ᠬᠤᠭ ᠨᠣᠪᠰᠢ ᠪᠠᠨ ᠬᠥᠨᠥᠭᠡᠯ ᠲᠠᠢ ᠬᠤᠭ ᠨᠣᠪᠰᠢ᠂ ᠡᠭᠡᠭᠦᠯᠦᠨ ᠬᠤᠷᠢᠶᠠᠵᠤ ᠪᠣᠯᠬᠤ ᠶᠠᠭᠤᠮ᠎ᠠ᠂ ᠨᠤᠶᠢᠲᠠᠨ ᠬᠤᠭ ᠨᠣᠪᠰᠢ᠂ ᠬᠠᠭᠤᠷᠠᠶ ᠬᠤᠭ ᠨᠣᠪᠰᠢ ᠪᠠᠷ ᠡᠬᠢ ᠡᠭᠦᠰᠦᠯ ᠠᠴᠠ ᠨᠢ ᠲᠥᠷᠥᠯ ᠬᠤᠪᠢᠶᠠᠬᠤ ᠬᠡᠷᠡᠭᠲᠡᠶ᠃ ᠡᠯ᠎ᠡ ᠭᠠᠵᠠᠷ ᠤᠨ ᠬᠢᠨ‌ᠬᠤᠭ ᠨᠣᠪᠰᠢ ᠶᠢ ᠲᠥᠷᠥᠯ ᠬᠤᠪᠢᠶᠠᠨ‌‍ᠴᠤᠭᠯᠠᠭᠤᠯᠬᠤ᠂ ᠲᠡᠭᠡᠭᠡᠪᠦᠷᠢᠯᠡᠬᠦ᠂ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠤᠤᠷ ᠦᠭᠡᠢᠳᠡᠭᠦᠯᠦᠨ ᠰᠢᠢᠤᠡᠪᠤᠷᠢᠯᠡᠬᠦ ᠵᠡᠷᠭᠡ ᠭᠤᠭᠴᠤᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃      ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠪᠠᠰᠠ ᠵᠠᠰᠠᠭ ᠤᠨ ᠣᠷᠳᠣᠨ ᠤᠶᠢᠯᠡᠴᠢᠯᠡᠭᠡ ᠬᠤᠳᠠᠯᠳᠤᠨ ᠠᠪᠬᠤ᠂ p p p ᠵᠡᠷᠭᠡ ᠬᠡᠯᠪᠡᠷᠢ ᠶᠢ ᠬᠡᠷᠡᠭᠯᠡᠬᠦ ᠶᠢ ᠵᠣᠷᠢᠭᠵᠢᠭᠤᠯᠵᠤ᠂ ᠨᠡᠢᠭᠡᠮ ᠤᠨ ᠬᠦᠴᠦᠨ ᠢ ᠲᠡᠳᠡᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ᠂ ᠰᠢᠢᠤᠡᠪᠤᠷᠢᠯᠡᠬᠦ ᠪᠠ ᠡᠵᠡᠩᠨᠡᠬᠦ ᠤᠶᠢᠯᠡᠴᠢᠯᠡᠭᠡ ᠳᠤ ᠣᠷᠣᠯᠴᠠᠭᠤᠯᠬᠤ ᠶᠢᠨ ᠬᠠᠮᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠭᠤᠤᠯ ᠴᠣᠭᠴᠠ ᠶᠢ ᠠᠯᠬᠤᠮ ᠠᠯᠬᠤᠮ ᠢᠶᠠᠷ ᠦᠨᠡᠨᠴᠢ ᠢᠲᠡᠭᠡᠮᠵᠢ ᠶᠢᠨ ᠰᠢᠰᠲ᠋ᠧᠮᠵᠢ ᠳᠤ ᠣᠷᠣᠭᠤᠯᠪᠠ᠃
 
ᠢᠷᠡᠯᠲᠡ᠄ ᠠᠮᠢᠵᠢᠷᠠᠯ ᠤᠨ ᠬᠦᠴᠤᠨ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号