ᠴᠡᠷᠢᠭ ᠵᠠᠰᠠᠭ ᠴᠡᠷᠢᠭ ᠠᠷᠠᠳ ᠤᠨ ᠶᠡᠭᠡ ᠪᠦᠯᠬᠦᠮᠳᠡᠯ ᠴᠡᠷᠢᠭ ᠪᠠᠶᠢᠭᠤᠯᠤᠭᠳᠠᠭᠰᠠᠨ 92 ᠵᠢᠯ ᠤᠨ ᠣᠢ ᠶᠢ ᠬᠠᠮᠲᠤᠪᠠᠷ ᠪᠡᠯᠭᠡᠯᠡᠪᠡ
ᠨᠡᠶᠢᠲᠡᠯᠡᠭᠰᠡᠨ ᠴᠠᠭ᠄
2019-08-05
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ᠂ ᠺᠠᠳ᠋ᠷ ᠪᠠ ᠴᠡᠷᠢᠭ ᠠᠩᠭᠢ ᠶᠢᠨ ᠦᠵᠡᠯ ᠰᠠᠨᠠᠭ᠎ᠠ ᠤᠯᠤᠰ ᠲᠦᠷᠤ  ᠶᠢᠨ ᠮᠡᠳᠡᠷᠡᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 31 ᠤ ᠦᠳᠡ ᠶᠢᠨ ᠬᠤᠶᠢᠨ᠎ᠠ᠂ ᠬᠠᠶᠢᠷᠤᠪ ᠤᠨ ᠲᠣᠬᠤᠢ ᠲᠣᠭᠤᠷᠢᠭ ᠤᠨ ᠵᠡᠪᠰᠡᠭᠲᠦ ᠬᠦᠴᠦᠨ ᠤ ᠬᠡᠯᠲᠡᠰ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠶᠢᠨ ᠬᠡᠰᠡᠭ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ︾ ᠶᠢᠨ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠢ ᠲᠣᠭᠤᠷᠢᠨ ᠰᠤᠷᠤᠯᠴᠠᠪᠠ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠪᠦᠬᠦ ᠡᠷᠦᠬᠡ ᠶᠢᠨ ᠴᠡᠷᠢᠭ ᠬᠠᠮᠲᠤ ᠪᠠᠷ ᠤᠯᠤᠰ  ᠤᠨ ᠲᠠᠭᠤᠣ  ᠶᠢ ᠲᠠᠭᠤᠯᠠᠵᠤ᠂ ᠡᠨᠡ ᠤᠳᠠᠭ᠎ᠠ ᠶᠢᠨ ᠲᠣᠭᠤᠷᠢᠨ ᠦᠵᠡᠵᠦ ᠰᠤᠷᠤᠯᠴᠠᠭᠰᠠᠨ ᠪᠠᠶᠢᠳᠠᠯ ᠢ ᠡᠬᠢᠯᠡᠭᠦᠯᠪᠡ᠃ ᠡᠷᠦᠬᠡ ᠶᠢᠨ ᠴᠡᠷᠢᠭ ᠤᠨ ᠲᠥᠯᠥᠭᠡᠯᠡᠭᠴᠢ ᠶᠢᠨ ᠶᠠᠷᠢᠶ᠎ᠠ ᠪᠣᠯᠤᠨ ᠡᠷᠦᠬᠡ ᠶᠢᠨ ᠴᠡᠷᠢᠭ ᠤᠨ ᠲᠤᠰᠢᠶᠠᠯ ᠬᠠᠷᠢᠭᠤᠴᠠᠯᠭ᠎ᠠ ᠶᠢ ᠤᠩᠰᠢᠨ ᠨᠡᠶᠢᠲᠡᠯᠡᠭᠰᠡᠨ ᠨᠢ ᠲᠤᠬᠠᠶ ᠶᠢᠨ ᠲᠠᠯᠠᠪᠠᠢ ᠳᠤ ᠪᠠᠶᠢᠭᠰᠠᠨ ᠡᠷᠦᠬᠡ ᠶᠢᠨ ᠴᠡᠷᠢᠭ ᠨᠢᠭᠡᠪᠦᠷᠢ ᠶᠢ ᠴᠡᠷᠢᠭ ᠠᠷᠠᠳ ᠤᠨ ᠠᠭᠤᠰᠤᠯᠴᠠᠭᠤᠯᠤᠨ ᠬᠥᠭᠵᠢᠭᠦᠯᠬᠦ ᠲᠣᠭᠲᠠᠪᠤᠷᠢᠲᠤ ᠴᠢᠨᠠᠷ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠢ ᠨᠠᠩ ᠭᠦᠨᠵᠡᠭᠡᠶ ᠤᠶᠢᠯᠠᠭᠠᠵᠠᠢ  ᠃      ᠡᠨᠡ ᠤᠳᠠᠭ᠎ᠠ ᠶᠢᠨ ᠲᠣᠭᠤᠷᠢᠨ ᠦᠵᠡᠵᠦ ᠰᠤᠷᠤᠯᠴᠠᠭᠰᠠᠨ ᠨᠢ ᠡᠷᠦᠬᠡ ᠶᠢᠨ ᠴᠡᠷᠢᠭ ᠤᠨ ᠲᠣᠰ ᠪᠡᠶ᠎ᠡ ᠶᠢᠨ ᠦᠵᠡᠯ ᠰᠠᠨᠠᠭᠠᠨ ᠤ ᠪᠠᠶᠢᠭᠤᠯᠤᠯᠲᠠ ᠶᠢ ᠴᠢᠨᠠᠭᠰᠢᠳᠠ ᠳᠡᠭᠡᠭᠰᠢᠯᠡᠭᠦᠯᠵᠦ᠂ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠨᠠᠩ ᠲᠣᠳᠣᠷᠬᠠᠶ ᠪᠣᠯᠭᠠᠭᠰᠠᠨ ᠪᠥᠭᠡᠳ ᠴᠡᠷᠢᠭ ᠢ ᠬᠦᠴᠦᠷᠬᠡᠭᠵᠢᠭᠦᠯᠬᠦ ᠵᠡᠭᠦᠳᠦ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠤᠯᠭᠠᠭᠤᠷᠢᠯᠠᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠶ᠎ᠡ᠃      ᠬᠠᠶᠢᠷᠤᠪ ᠤᠨ ᠲᠣᠬᠤᠢ ᠲᠣᠭᠤᠷᠢᠭ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠤᠨ ᠶᠠᠪᠤᠳᠠᠯ ᠤᠨ ᠰᠠᠯᠠᠭᠠᠨ ᠤ ᠵᠦᠪᠯᠡᠭᠴᠢ ᠡᠤ ᠳ᠋ᠠ ᠱᠤᠸᠠᠩ᠄ ︽ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠪᠣᠯᠬᠤ ᠲᠠᠰᠢᠷᠠᠮ ᠢᠶᠠᠷ᠂ ᠪᠢᠳᠡ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠵᠤ ᠦᠵᠡᠯ ᠰᠠᠨᠠᠭ᠎ᠠ ᠤᠯᠤᠰ ᠲᠥᠷᠦ ᠶᠢᠨ ᠬᠥᠮᠦᠵᠢᠯ ᠬᠢᠵᠦ ᠪᠠᠶᠢᠭ᠎ᠠ ᠨᠢ ᠳᠠᠷᠤᠶ ᠡᠷᠦᠬᠡ ᠶᠢᠨ ᠴᠡᠷᠢᠭ ᠢ ᠰᠢᠨ᠎ᠡ ᠴᠠᠭ ᠣᠶᠢᠶ᠎ᠠ ᠳᠤ ᠨᠠᠩ ᠰᠠᠶᠢᠲᠤᠷ ᠬᠥᠲᠥᠯᠥᠨ ᠳᠠᠭᠠᠭᠤᠯᠵᠤ᠂ ᠰᠢᠨ᠎ᠡ ᠦᠵᠡᠯ ᠰᠠᠨᠠᠭ᠎ᠠ ᠶᠢ ᠤᠶᠢᠯᠡᠳᠤᠯᠭᠡᠵᠢᠭᠦᠯᠵᠤ᠂ ᠰᠢᠨ᠎ᠡ ᠰᠢᠨᠵᠢ ᠪᠠᠶᠢᠳᠠᠯ ᠢ ᠬᠠᠷᠠᠭᠤᠯᠬᠤ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠡᠷᠦᠬᠡ ᠶᠢᠨ ᠴᠡᠷᠢᠭ ᠤᠨ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠡᠷᠦᠬᠡ ᠶᠢᠨ ᠴᠡᠷᠢᠭ ᠤᠨ ᠠᠵᠢᠯ ᠶᠢᠨ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ ᠶᠤᠮ︾ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号