ᠬᠠᠶᠢᠷᠦᠪ ᠤᠨ ᠲᠤᠬᠤᠢ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠦᠪᠯᠡᠯ ᠨᠠᠮ ᠤᠨ ᠰᠤᠷᠲᠠᠯ ᠴᠢᠭᠴᠢ ᠵᠠᠰᠠᠭ  ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ 《ᠨᠢᠭᠡ ᠠᠵᠢᠯ  ᠤᠨ ᠪᠠᠶᠢᠷᠢ ᠬᠤᠣᠰ ᠬᠠᠷᠢᠭᠤᠴᠠᠯᠭ᠎ᠠ》 ᠶᠢ ᠱᠠᠲᠤ ᠬᠤᠪᠢᠶᠠᠨ ᠰᠤᠭᠤᠴᠢᠨ ᠪᠠᠶᠢᠴᠠᠭᠠᠬᠤ  ᠲᠤᠰᠢᠶᠠᠯ  ᠤᠨ ᠮᠡᠳᠡᠭᠦᠯᠤᠯᠲᠡ ᠬᠢᠪᠡ
ᠨᠡᠶᠢᠲᠡᠯᠡᠭᠰᠡᠨ ᠴᠠᠭ᠄
2019-08-05
     ᠨᠠᠮ ᠤᠨ ᠰᠤᠷᠲᠠᠯ ᠴᠢᠭᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠤᠨ ᠱᠠᠭᠠᠷᠳᠠᠯᠭ᠎ᠠ ᠶᠢ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠬᠤ᠂《ᠨᠢᠭᠡ ᠠᠵᠢᠯ  ᠤᠨ ᠪᠠᠶᠢᠷᠢ ᠬᠤᠣᠰ ᠬᠠᠷᠢᠭᠤᠴᠠᠯᠭ᠎ᠠ》ᠬᠠᠷᠢᠭᠤᠴᠠᠯᠭ᠎ᠠ ᠶᠢ ᠪᠤᠲᠠᠶᠢᠵᠢᠭᠤᠯᠬᠤ  ᠶᠢᠨ ᠲᠦᠯᠤᠭᠡ᠂ 2019 ᠤᠨ ᠤ 7 ᠰᠠᠷ᠎ᠠ ᠶᠢᠨ 23 ᠤ ᠡᠳᠤᠷ᠂ ᠬᠠᠶᠢᠷᠦᠪ ᠤᠨ ᠲᠤᠬᠤᠢ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠦᠪᠯᠡᠯ 2019 ᠤᠨ ᠤ ᠳᠡᠭᠡᠷ᠎ᠡ ᠬᠠᠭᠠᠰ ᠵᠢᠯ  ᠤᠨ ᠨᠠᠮ ᠤᠨ ᠰᠤᠷᠲᠠᠯ ᠴᠢᠭᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ《ᠨᠢᠭᠡ ᠠᠵᠢᠯ  ᠤᠨ ᠪᠠᠶᠢᠷᠢ ᠬᠤᠣᠰ ᠬᠠᠷᠢᠭᠤᠴᠠᠯᠭ᠎ᠠ》 ᠶᠢ ᠱᠠᠲᠤ ᠬᠤᠪᠢᠶᠠᠨ ᠰᠤᠭᠤᠴᠢᠨ ᠪᠠᠶᠢᠴᠠᠭᠠᠬᠤ  ᠲᠤᠰᠢᠶᠠᠯ  ᠤᠨ ᠮᠡᠳᠡᠭᠦᠯᠤᠯᠲᠡ ᠬᠢᠪᠡ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠦᠪᠯᠡᠯ ᠤᠨ ᠣᠳᠤᠷᠢᠤᠡᠬᠤ ᠪᠠᠭ ᠤᠨ ᠪᠦᠷᠢᠯᠳᠤᠭᠦᠨ᠂ ᠨᠠᠮ ᠤᠨ ᠰᠤᠷᠳᠠᠯ  ᠤᠨ ᠲᠠᠰᠤᠭ ᠤᠨ ᠬᠠᠷᠢᠭᠤᠴᠠᠯᠭᠠᠲᠡᠨ᠂ ᠲᠤᠮᠢᠯᠠᠨ ᠰᠠᠭᠤᠯᠭᠠᠭᠰᠠᠨ‌ᠨᠢᠭᠡᠳᠤᠭᠡᠷ ᠲᠤᠭᠤᠶᠢᠯᠠᠩ ᠤᠨ ᠳᠠᠷᠤᠭ᠎ᠠ ᠬᠤᠷᠠᠯ ᠳᠤ ᠤᠷᠤᠯᠴᠠᠪᠠ᠃ ᠬᠢᠨᠠᠨ‌‍ᠪᠠᠶᠢᠴᠠᠭᠠᠬᠤ ᠵᠦᠪᠯᠡᠯ ᠤᠨ ᠭᠡᠰᠢᠭᠦᠨ ᠳ᠋ᠤᠸᠠᠨ ᠽᠢ ᠲᠢᠶᠠᠨ  ᠂ ᠸᠠᠩ ᠶᠠᠨ ᠷᠥᠩ ᠲᠤᠰ ᠲᠣᠰ ᠬᠤᠪᠢᠶᠠᠨ ᠬᠠᠮᠢᠶᠠᠷᠴᠤ ᠪᠠᠶᠢᠭ᠎ᠠ ᠬᠦᠷᠢᠶᠠᠨ ᠲᠠᠬᠢ《ᠨᠢᠭᠡ ᠠᠵᠢᠯ  ᠤᠨ ᠪᠠᠶᠢᠷᠢ ᠬᠤᠣᠰ ᠬᠠᠷᠢᠭᠤᠴᠠᠯᠭ᠎ᠠ》ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠡᠠᠨ ᠲᠤᠬᠠᠢ ᠬᠠᠷᠢᠭᠤ ᠮᠡᠳᠡᠭᠦᠯᠤᠯᠲᠡ ᠬᠢᠪᠡ᠃      ᠬᠠᠷᠢᠭᠤ ᠮᠡᠳᠡᠭᠦᠯᠤᠯᠲᠡ ᠶᠢ ᠰᠤᠨᠤᠰᠤᠭᠰᠠᠨ  ᠤ ᠳᠠᠷᠠᠭ᠎ᠠ᠂ ᠵᠠᠩ ᠮᠢᠩ ᠯᠢᠶᠠᠩ ᠵᠢᠭᠠᠨ ᠭᠠᠷᠭᠠᠩᠰᠡᠨ ᠨᠢ᠂《ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ》ᠬᠠᠷᠢᠭᠤᠴᠠᠯᠭ᠎ᠠ ᠪᠤᠯ ᠨᠠᠮ ᠢ ᠴᠢᠩᠭ᠎ᠠ ᠵᠠᠰᠠᠬᠤ  ᠶᠢᠨ ᠵᠠᠶᠢᠯᠠᠰᠢ ᠦᠭᠡᠢ ᠱᠠᠭᠠᠷᠳᠠᠯᠭ᠎ᠠ ᠮᠦᠨ᠂ ᠪᠠᠰᠠ ᠴᠤ ᠪᠠᠭ  ᠤᠨ ᠪᠤᠷᠢᠯᠳᠤᠭᠦᠨ《ᠵᠠᠩᠭᠢᠯᠭ᠎ᠠ ᠶᠢᠨ ᠴᠦᠬᠡᠨ ᠲᠤᠭᠠᠲᠠᠨ 》ᠪᠤᠯᠤᠭᠰᠠᠨ ᠤ ᠬᠤᠪᠢ ᠳᠤ ᠵᠠᠪᠡᠯ ᠭᠦᠢᠴᠡᠤᠡᠭᠡᠬᠦ ᠡᠭᠦᠷᠭᠡ ᠬᠠᠷᠢᠭᠤᠴᠠᠯᠭ᠎ᠠ ᠮᠦᠨ ᠭᠡᠵᠤ ᠵᠢᠭᠠᠨ ᠭᠠᠷᠭᠠᠭᠰᠠᠨ ᠶᠦᠮ᠃ ᠳᠠᠷᠠᠭᠠᠴᠢ ᠶᠢᠨ ᠠᠵᠢᠯ ᠳᠤ ᠣᠳᠤᠷᠢᠤᠡᠬᠤ ᠪᠠᠭ ᠤᠨ ᠪᠦᠷᠢᠯᠳᠤᠭᠦᠨ‌‍ᠲ᠋ᠡᠷᠢᠭᠦᠯᠡᠨ ᠭᠤᠷᠪᠡᠨ ᠲᠠᠯ᠎ᠠ ᠢ ᠪᠡᠶᠡᠯᠡᠭᠦᠯᠬᠦ ᠬᠡᠷᠡᠭᠲᠡᠢ᠃ ᠨᠢᠭᠡ ᠳᠤ ᠭᠤᠣᠯ ᠴᠤᠭᠴᠠ  ᠶᠢᠨ ᠬᠠᠷᠢᠭᠤᠴᠠᠯᠭ᠎ᠠ ᠳᠤ ᠠᠩᠬᠠᠷᠤᠯ  ᠢᠶᠠᠨ ᠲᠠᠯᠪᠢᠵᠤ  ᠂ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠢᠶᠠᠷ ᠨᠠᠶᠢᠳᠠᠪᠤᠷᠢᠵᠢᠭᠤᠯᠵᠤ  ᠂ 《ᠳᠦᠷᠪᠡᠨ ᠤᠠᠬᠠᠮᠰᠡᠷ 》 ᠢ ᠪᠠᠲᠤ ᠪᠠᠬᠢ ᠪᠤᠯᠭᠠᠵᠤ  ᠂《ᠬᠤᠶᠠᠷ ᠢ ᠬᠠᠮᠠᠭᠠᠯᠠᠬᠤ 》 ᠶᠢ ᠡᠷᠡᠰ ᠪᠡᠶᠡᠯᠡᠭᠦᠯᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠦᠪᠯᠡᠯ ᠤᠨ ᠤᠯᠤᠰ ᠲᠦᠷᠤ  ᠶᠢᠨ ᠪᠠᠶᠢᠭᠤᠯᠤᠯᠭ᠎ᠠ ᠶᠢᠨ ᠤᠯᠤᠰ ᠲᠦᠷᠤ  ᠶᠢᠨ ᠰᠢᠨᠵᠢ ᠴᠢᠨᠠᠷ  ᠢ ᠲᠤᠪᠤᠶᠢᠯᠭᠠᠬᠤ ᠬᠡᠷᠡᠭᠲᠡᠢ  ᠃ ᠬᠤᠶᠠᠷ ᠲᠤ ᠠᠰᠠᠭᠤᠳᠡᠯ  ᠢᠶᠠᠷ ᠤᠳᠤᠷᠢᠳᠤᠮᠵᠢ ᠪᠤᠯᠭᠠᠬᠤ  ᠶᠢ ᠪᠠᠷᠢᠮᠳᠠᠯᠠᠵᠤ  ᠂《 ᠬᠤᠣᠰ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠢ ᠴᠢᠩᠭᠠᠤᠡᠬᠠᠵᠤ  ᠂ ᠬᠡᠷᠡᠭ ᠢ ᠵᠠᠳᠠᠯᠤᠨ ᠰᠢᠨᠵᠢᠯᠡᠵᠤ  ᠂ ᠵᠦᠷᠢᠴᠡᠯ  ᠢ ᠰᠢᠢᠤᠡᠪᠤᠷᠢᠯᠡᠵᠤ ᠨᠠᠮᠠᠲᠠᠭᠠᠬᠤ ᠵᠡᠷᠭᠡ ᠲᠠᠯ᠎ᠠ ᠪᠠᠷ ᠠᠷᠭ᠎ᠠ ᠪᠤᠳᠤᠵᠤ  ᠂ ᠰᠡᠤᠡᠬᠢᠮᠵᠢ  ᠶᠢ ᠪᠤᠳᠤᠯᠬᠢᠯᠠᠪᠠ᠃ ᠭᠤᠷᠪᠠ ᠳᠤ ᠰᠤᠷᠲᠠᠯ ᠤᠨ ᠪᠠᠶᠢᠭᠤᠯᠤᠯᠲᠠ ᠢ ᠴᠢᠨᠠᠭᠰᠢᠲᠠ ᠴᠢᠩᠭᠠᠤᠡᠬᠠᠨ᠎ᠠ᠂ 《ᠳᠦᠷᠪᠡᠨ ᠰᠤᠷᠲᠠᠯ  》 ᠢ ᠵᠠᠯᠠᠷᠠᠭᠤᠯᠤᠨ᠂ ᠬᠦᠯᠢᠶᠡᠬᠦ ᠦᠭᠡᠢ ᠲᠦᠰᠢᠭᠡᠯᠬᠦ ᠦᠭᠡᠢ᠂ ᠬᠠᠷᠢᠭᠤᠴᠠᠯᠭ᠎ᠠ ᠡᠭᠦᠷᠬᠡᠯᠡᠨ ᠠᠵᠢᠯ ᠬᠢᠨ᠎ᠡ᠃      ᠡᠴᠤᠰ ᠲᠤ  ᠂ ᠵᠠᠩ ᠮᠢᠩ ᠯᠢᠶᠠᠩ‌‍ᠱ᠊ ‍ᠦ᠋ᠵᠢ ᠱᠠᠭᠠᠷᠳᠠᠭᠰᠠᠨ ᠨᠢ᠂ ᠣᠳᠤᠷᠢᠤᠡᠬᠤ ᠪᠠᠭ ᠤᠨ ᠪᠦᠷᠢᠯᠳᠤᠭᠦᠨ《ᠨᠢᠭᠡ ᠠᠵᠢᠯ  ᠤᠨ ᠪᠠᠶᠢᠷᠢ ᠬᠤᠣᠰ ᠬᠠᠷᠢᠭᠤᠴᠠᠯᠭ᠎ᠠ》ᠬᠠᠷᠢᠭᠤᠴᠠᠯᠭ᠎ᠠ ᠪᠠᠨ‌ᠦᠨᠡᠨᠬᠦ ᠭᠦᠢᠴᠡᠤᠡᠭᠡᠨ᠂ ᠬᠤᠪᠢᠶᠠᠨ ᠬᠠᠮᠢᠶᠠᠷᠴᠤ ᠪᠠᠶᠢᠭ᠎ᠠ ᠬᠦᠷᠢᠶᠠᠨ ᠲᠠᠬᠢ ᠨᠠᠮ ᠤᠨ ᠰᠤᠷᠲᠠᠯ ᠴᠢᠭᠴᠢ ᠵᠠᠰᠠᠭ ᠤᠨ ᠪᠠᠶᠢᠭᠤᠯᠤᠯᠲᠠ  ᠶᠢᠨ ᠠᠵᠢᠯ  ᠤᠨ ᠪᠠᠶᠢᠳᠠᠯ  ᠢ ᠴᠠᠭ ᠲᠤᠭᠲᠠᠭᠠᠨ ᠰᠤᠨᠤᠰᠴᠤ  ᠂ ᠰᠡᠤᠡᠭᠢᠯ ᠨᠢᠭᠡᠲᠤᠨ ᠬᠦᠴᠤ ᠪᠠᠨ ᠬᠠᠮᠳᠤᠤᠡᠬᠠᠵᠤ ᠪᠠᠶᠢᠭᠠᠤᠡ‌‍ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠦᠪᠯᠡᠯ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ  ᠃          
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号