ᠰᠠᠭᠤᠭᠠᠯᠢ ᠠᠷᠠᠳ ᠲᠤ ᠵᠣᠯ ᠵᠢᠷᠭᠠᠯᠲᠤ ᠭᠡᠷ ᠣᠷᠣᠨ ᠢ ᠪᠦᠲᠦᠭᠡᠨ ᠪᠠᠶᠢᠭᠤᠯᠵᠤ᠂ ᠪᠣᠯᠪᠠᠰᠤᠨ ᠬᠤᠲᠠ ᠶᠢ | ᠴᠣᠭᠴᠠᠯᠠᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠂ ᠡᠨᠡ ᠪᠣᠯ ᠬᠠᠶᠢᠷᠤᠪ ᠤᠨ ᠲᠣᠬᠤᠢ ᠲᠣᠭᠤᠷᠢᠭ ᠤᠨ ᠡᠳᠡᠭᠡᠷ | ᠵᠢᠯ ᠤᠳ ᠲᠤ ᠬᠢᠭᠰᠡᠭᠡᠷ ᠢᠷᠡᠭᠰᠡᠨ ᠶᠠᠪᠤᠳᠠᠯ ᠪᠣᠯᠤᠨ᠎ᠠ᠃ ᠡᠨᠡ ᠵᠢᠯ ᠪᠣᠯ ᠮᠠᠨ ᠤ ᠬᠤᠲᠠ ᠶᠢᠨ ᠪᠦᠬᠦ ᠤᠯᠤᠰ ᠤᠨ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠱᠠᠲᠤ ᠪᠣᠯᠤᠨ᠎ᠠ᠂ ᠬᠠᠶᠢᠷᠤᠪ ᠤᠨ ᠲᠣᠬᠤᠢ | ᠲᠣᠭᠤᠷᠢᠭ ᠪᠦᠬᠦ ᠬᠤᠲᠠ ᠵᠢᠨᠬᠤᠲᠠ ᠶᠢ ᠡᠭᠦᠳᠬᠦ ᠭᠤᠤᠯ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ | ᠦᠷᠭᠦᠯᠵᠢᠯᠡᠨ ᠬᠦᠴᠦᠯᠡᠬᠦ ᠡᠷᠴᠢ ᠵᠣᠷᠢᠭ ᠪᠣᠯᠤᠨ ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ ᠲᠤᠰᠬᠠᠶ ᠴᠡᠭᠴᠡᠯᠡᠨ | ᠵᠠᠰᠠᠬᠤ ᠠᠵᠢᠯ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠵᠢᠯ ᠶᠢᠨ ᠠᠷᠭ᠎ᠠ ᠬᠡᠮᠵᠢᠶ᠎ᠡ ᠪᠠᠨ | ᠰᠢᠨᠡᠴᠢᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠢᠳᠡᠪᠬᠢᠲᠡᠢ ᠠᠵᠢᠯᠯᠠᠵᠤ᠂ ᠡᠭᠦᠳᠦᠨ ᠪᠠᠶᠢᠭᠤᠯᠬᠤ | ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠵᠦ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠦᠪᠰᠢᠨ ᠪᠣᠯᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠴᠥᠮ ᠴᠢᠨᠠᠷ ᠤᠨ | ᠦᠰᠦᠷᠦᠯᠲᠡ ᠲᠠᠢ ᠪᠣᠯᠵᠠᠶ᠃ | ︽ᠨᠢᠭᠡᠳᠦᠭᠡᠷ ᠭᠠᠷ︾ ᠪᠡᠶ᠎ᠡ ᠪᠠᠷ ᠢᠶᠠᠨ ᠠᠳᠬᠤᠵᠤ ᠨᠠᠷᠢᠯᠢᠬᠵᠢᠭᠤᠯᠤᠭᠰᠠᠨ ᠬᠠᠮᠢᠶᠠᠷᠤᠯᠲᠠ ᠦᠷ᠎ᠡ ᠪᠦᠲᠦᠮᠵᠢ | ᠣᠯᠪᠠ | ᠬᠠᠶᠢᠷᠤᠪ ᠤᠨ ᠲᠣᠬᠤᠢ ᠲᠣᠭᠤᠷᠢᠭ ᠡᠭᠦᠳᠦᠨ ᠪᠠᠶᠢᠭᠤᠯᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠂ ᠡᠭᠦᠳᠦᠨ ᠪᠠᠶᠢᠭᠤᠯᠬᠤ ᠠᠵᠢᠯ ᠶᠢᠨ ᠤᠳᠤᠷᠢᠳᠬᠤ ᠪᠠᠶᠢᠭᠤᠯᠤᠮᠵᠢ᠂ ᠠᠵᠢᠯ ᠶᠢᠨ ᠲᠣᠭᠲᠠᠴᠠ ᠪᠣᠯᠤᠨ | ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠨᠢᠭᠡᠳᠦᠭᠡᠷ ᠭᠠᠷ ᠤᠨ ᠢᠨᠵᠧᠨᠧᠷᠢᠩ︾ | ᠢ ᠬᠡᠷᠡᠭᠵᠢᠭᠦᠯᠪᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠪᠣᠯᠪᠠᠰᠤᠨ ᠤ ᠵᠥᠪᠯᠡᠯ ᠤᠨ ᠡᠷᠬᠢᠯᠡᠭᠴᠢ᠂ ︽ | ᠬᠤᠤᠰ ᠬᠤᠲᠠ ᠶᠢ ᠬᠤᠯᠪᠣᠭᠠᠯᠠᠨ ᠡᠭᠦᠳᠬᠦ︾ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠤᠭᠴᠢ ᠶᠢᠨ | ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠪᠡᠶ᠎ᠡ ᠪᠠᠷ ᠢᠶᠠᠨ ᠪᠠᠶᠢᠷᠢᠯᠠᠭᠤᠯᠤᠯᠲᠠ ᠶᠢ ᠠᠳᠬᠤᠵᠤ᠂ ᠱᠠᠯᠠᠪᠳᠠᠭᠤᠯᠤᠨ | ᠪᠠᠶᠢᠴᠠᠭᠠᠬᠤ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠪᠠ᠃ ᠡᠯ᠎ᠡ ᠲᠤᠰᠬᠠᠶ ᠵᠤᠶᠢᠯ ᠤᠨ ᠠᠵᠢᠯ ᠢ | ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠬᠤᠪᠢᠶᠠᠷᠢ ᠬᠠᠮᠢᠶᠠᠷᠤᠯᠲᠠ ᠶᠢᠨ ᠤᠳᠤᠷᠢᠳᠤᠯᠭ᠎ᠠ ᠠᠴᠠ | ᠬᠠᠷᠢᠭᠤᠴᠠᠵᠤ᠂ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠳ ᠪᠣᠳᠠᠲᠠᠶ ᠨᠠᠶᠢᠳᠠᠪᠤᠷᠢᠵᠢᠭᠤᠯᠤᠨ᠎ᠠ᠃ | ᠡᠭᠦᠨ ᠤ ᠳᠤ ᠬᠠᠮᠲᠤ᠂ ᠬᠠᠶᠢᠷᠤᠪ ᠤᠨ ᠲᠣᠬᠤᠢ ᠲᠣᠭᠤᠷᠢᠭ ᠨᠢ ︽ᠬᠤᠤᠰ ᠬᠤᠲᠠ ᠬᠤᠯᠪᠣᠭᠠᠯᠠᠨ ᠡᠭᠦᠳᠬᠦ︾ | ᠠᠵᠢᠯ ᠢ ᠨᠢᠭᠡ ᠰᠢᠰᠲ᠋ᠧᠮ ᠢᠨᠵᠧᠨᠧᠷᠢᠩ ᠪᠣᠯᠭᠠᠵᠤ᠂ ᠨᠠᠮ ᠤᠨ ᠬᠤᠷᠢᠶ᠎ᠠ ᠲᠦᠷᠦᠭᠦᠯᠡᠨ ᠶᠡᠷᠦᠩᠬᠡᠶ ᠳᠤᠨᠢ ᠠᠳᠬᠤᠵᠤ᠂ | ᠳᠥᠷᠪᠡᠨ ᠶᠡᠭᠡᠤᠳᠤᠷᠢᠳᠬᠤ ᠪᠠᠭ ᠤᠨ ᠤᠳᠤᠷᠢᠳᠤᠯᠭ᠎ᠠ ᠤᠷᠲᠤ ᠬᠤᠭᠤᠴᠠᠭ᠎ᠠ ᠪᠠᠷ ᠳᠠᠭᠠᠭᠠᠨ ᠠᠳᠬᠤᠵᠤ᠂ ᠡᠯ᠎ᠡ | ᠰᠠᠯᠠᠭ᠎ᠠ ᠮᠥᠴᠢᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠠᠤᠡᠭᠡᠵᠤ᠂ ᠬᠥᠮᠦᠨ ᠪᠦᠬᠦᠨ ᠭᠦᠢᠴᠠᠤᠡᠭᠡᠯ | ᠲᠤᠭ᠎ᠠ ᠲᠠᠢ᠂ ᠬᠥᠮᠦᠨ ᠪᠦᠬᠦᠨ ᠡᠭᠦᠷᠭᠡ ᠬᠠᠷᠢᠭᠤᠴᠠᠯᠭ᠎ᠠ ᠲᠠᠢ ᠪᠠᠶᠢᠵᠤ᠂ ︽ᠨᠠᠮ ᠤᠨ ᠬᠤᠷᠢᠶ᠎ᠠ ᠨᠢᠭᠡᠳᠦᠯᠲᠡᠶ ᠳᠤ | ᠤᠳᠤᠷᠢᠳᠬᠤ᠂ ᠠᠯᠪᠠᠨ ᠭᠡᠷᠵᠣᠬᠢᠶᠠᠨ ᠪᠠᠶᠢᠭᠤᠯᠤᠨ ᠵᠣᠬᠢᠴᠠᠭᠤᠯᠬᠤ᠂ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠶᠡᠷᠦᠩᠬᠡᠶᠢᠯᠡᠨ ᠠᠳᠬᠤᠬᠤ᠂ ᠬᠠᠷᠢᠭᠤᠴᠠᠯᠭᠠᠲᠤ ᠰᠠᠯᠠᠭ᠎ᠠ ᠮᠥᠴᠢᠷ ᠪᠣᠳᠠᠲᠠᠶ ᠠᠳᠬᠤᠬᠤ᠂ | ᠪᠦᠬᠦ ᠨᠡᠶᠢᠭᠡᠮ ᠢᠶᠠᠷ ᠵᠶ᠋ᠠᠨᠢᠳᠡᠪᠬᠢᠲᠡᠢ ᠣᠷᠣᠯᠴᠠᠬᠤ︾ ᠡᠭᠦᠳᠦᠨ ᠪᠠᠶᠢᠭᠤᠯᠬᠤ ᠪᠠᠶᠢᠷᠢᠰᠢᠯ ᠢ ᠪᠦᠬᠦ ᠲᠠᠯ᠎ᠠ ᠪᠠᠷ | ᠪᠠᠶᠢᠭᠤᠯᠵᠤ᠂ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠶ ᠳᠤ ᠲᠥᠯᠥᠪᠵᠢᠭᠦᠯᠦᠨ ᠠᠬᠢᠭᠤᠯᠪᠠ᠃ | 9 ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ ᠠᠯᠮᠠᠰ ᠠᠭᠤᠳᠠᠮ ᠲᠠᠯᠠᠪᠠᠢ ᠶᠢᠨ ᠵᠡᠭᠦᠨ ᠬᠤᠶᠢᠲᠤ | ᠥᠨᠴᠥᠭ ᠤᠨ ᠬᠡᠲᠦ ᠳᠡᠯᠭᠡᠭᠦᠷ ᠤᠨ ᠡᠭᠦᠳᠡᠨ ᠳᠡᠭᠡᠷ᠎ᠡ᠂ ᠬᠡᠲᠦ ᠳᠡᠯᠭᠡᠭᠦᠷ ᠤᠨ ᠬᠤᠬᠢᠷᠠᠯ ᠢ ᠰᠡᠷᠭᠡᠶᠢᠯᠡᠭᠴᠢ ᠶᠠᠭ | ᠡᠭᠦᠳᠡᠨ ᠡᠮᠦᠨ᠎ᠡ ᠪᠠᠨ ᠡᠮᠬᠢ ᠵᠢᠷᠤᠮ ᠦᠭᠡᠢ ᠴᠠᠬᠢᠯᠭᠠᠨ ᠬᠥᠳᠡᠯᠭᠡᠭᠦᠷᠲᠦ ᠲᠡᠷᠭᠡ ᠢ ᠤᠷᠤᠨ ᠳᠤᠨᠢ ᠲᠠᠯᠪᠢᠵᠤ᠂ | ᠡᠭᠦᠳᠡᠨ ᠡᠮᠦᠨᠡᠬᠢ ᠠᠷᠢᠭᠤᠨ ᠴᠡᠪᠡᠷ ᠢ ᠴᠡᠪᠡᠷᠯᠡᠵᠦ ᠪᠠᠶᠢᠬᠤ ᠶᠢ ᠣᠯᠵᠤ ᠬᠠᠷᠠᠪᠠ᠃ ᠪᠠᠷᠠᠭ᠎ᠠ ᠬᠠᠮᠢᠶᠠᠷᠤᠭᠴᠢ ᠴᠤ | ᠡᠭᠦᠳᠡᠨ ᠡᠮᠦᠨᠡᠬᠢ ᠰᠠᠶ᠋ᠢᠬᠠᠨ ᠪᠠᠭᠤᠯᠭᠠᠭᠰᠠᠨ ᠪᠠᠷᠠᠭ᠎ᠠ ᠶᠢ ᠳᠠᠷᠤᠶ ᠲᠦᠷᠭᠡᠨ ᠲᠣᠭᠲᠠᠭᠰᠠᠨ ᠪᠠᠶᠢᠷᠢᠨ ᠳᠤ | ᠰᠢᠯᠵᠢᠭᠦᠯᠪᠡ᠃ ︽ᠪᠢᠳᠡ ᠡᠳᠦᠷ ᠪᠦᠷᠢ ᠲᠤᠰᠬᠠᠶ ᠬᠥᠮᠥᠨ ᠲᠤᠬᠢᠷᠠᠭᠤᠯᠤᠨ ᠡᠭᠦᠳᠡᠨ ᠡᠮᠦᠨᠡᠬᠢ ᠡᠷᠡᠭᠦᠯ ᠬᠠᠮᠠᠭᠠᠯᠠᠯ | ᠪᠠ ᠡᠮᠬᠢ ᠵᠢᠷᠤᠮ ᠢ ᠬᠠᠷᠢᠭᠤᠴᠠᠭᠤᠯᠵᠤ᠂ ᠮᠠᠨ ᠤ ᠬᠠᠷᠢᠭᠤᠴᠠᠯᠭ᠎ᠠ ᠶᠢᠨ ᠲᠣᠭᠤᠷᠢᠭ ᠲᠤ ᠴᠠᠭᠠᠰᠤᠨ ᠥᠷᠥᠪᠡᠰᠦ | ᠥᠬᠡᠶ᠂ ᠪᠠᠷᠠᠭ᠎ᠠ ᠲᠠᠸᠠᠷ ᠥᠬᠡᠶ᠂ ᠪᠤᠵᠠᠷ ᠤᠰᠤ ᠬᠠᠶᠠᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃︾ ᠬᠡᠲᠦ | ᠳᠡᠯᠭᠡᠭᠦᠷ ᠤᠨ ᠳᠠᠷᠤᠭ᠎ᠠ ᠬᠤᠸᠠᠩ ᠸᠧᠨ ᠵᠢᠶᠦ᠋ᠨ ᠰᠤᠷᠪᠤᠯᠵᠢᠯᠠᠭᠴᠢ ᠳᠤ ᠬᠡᠯᠡᠵᠡᠶ᠃ | ᠤᠶᠢᠷ᠎ᠠ ᠳᠤ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠲᠣᠪᠴᠢᠶ᠎ᠠ ︽ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭᠠᠨ ᠤ | ᠡᠷᠦᠬᠡ ᠯᠤᠭ᠎ᠠ ᠲᠣᠭᠲᠠᠭᠰᠠᠨᠬᠡᠯᠡᠯᠴᠡᠭᠡᠷ ᠢ ᠦᠨᠳᠦᠰᠦᠯᠡᠨ᠂ ᠡᠯ᠎ᠡ ᠬᠡᠰᠡᠭ ᠲᠣᠭᠤᠷᠢᠭ ᠤᠨ ᠬᠤᠳᠠᠯᠳᠤᠭᠠᠨ ᠤ | ᠡᠷᠦᠬᠡ ᠳᠤ ᠪᠠᠶᠢᠴᠠᠭᠠᠯᠲᠠ ᠬᠢᠵᠦ᠂ ᠬᠠᠷᠢᠭᠤᠴᠠᠯᠭ᠎ᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠪᠠ᠂ ᠬᠡᠷᠪᠡ | ᠬᠤᠳᠠᠯᠳᠤᠭᠠᠨ ᠤ ᠡᠷᠦᠬᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ | ︽ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠵᠢᠴᠢ ᠬᠤᠲᠠ ᠶᠢᠨ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠡᠳᠡᠨ ᠳᠤ ᠵᠣᠬᠢᠴᠠᠩᠭᠤᠶ ᠰᠢᠢᠳᠬᠡᠯ ᠥᠭᠴᠦ᠂ | ᠡᠷᠦᠬᠡ ᠪᠦᠷᠢ ᠶᠢᠨ ᠬᠤᠳᠠᠯᠳᠤᠭᠠᠨ ᠤ ᠡᠷᠦᠬᠡ ᠡᠭᠦᠳᠡᠨ ᠡᠮᠦᠨᠡᠬᠢ ᠬᠡᠰᠡᠭ ᠲᠣᠭᠤᠷᠢᠭ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ︽ᠪᠢᠳᠡ ᠶᠡᠭᠡ | ᠬᠦᠴᠦ ᠣᠷᠣᠭᠤᠯᠵᠤ ᠴᠡᠭᠴᠡᠯᠡᠨ ᠵᠠᠰᠠᠬᠤ ᠶᠠᠪᠤᠴᠠ ᠳᠤ᠂ ᠬᠤᠳᠠᠯᠳᠤᠭᠠᠴᠢᠨ ᠡᠷᠦᠬᠡ ᠴᠦ ︿ᠡᠭᠦᠳᠡᠨ ᠡᠮᠦᠨᠡᠬᠢ | ᠳᠥᠷᠪᠡ ᠶᠢ ᠳᠠᠭᠠᠭᠠᠴᠢᠯᠠᠬᠤ﹀ ᠬᠠᠷᠢᠭᠤᠴᠠᠯᠭ᠎ᠠ ᠶᠢᠨ ᠴᠢᠬᠤᠯᠠ ᠴᠢᠨᠠᠷ ᠢ ᠠᠭᠠᠵᠢᠮ ᠢᠶᠠᠷ ᠰᠡᠷᠡᠵᠦ ᠮᠡᠳᠡᠵᠡᠢ᠂ | ᠣᠳᠣᠬᠠᠨ ᠳᠤ᠂ ᠡᠯ᠎ᠡ ᠳᠡᠯᠭᠡᠭᠦᠷ ᠤᠨ ᠡᠭᠦᠳᠡᠨ ᠡᠮᠦᠨᠡᠬᠢ ᠪᠠᠶᠢᠳᠠᠯ ᠥᠩᠭᠡᠷᠡᠭᠡᠭᠰᠡᠨ ᠬᠢ ᠠᠴᠠ ᠮᠠᠰᠢ ᠶᠡᠭᠡ | ᠬᠤᠪᠢᠷᠠᠯᠲᠠ ᠲᠠᠢ ᠪᠣᠯᠵᠤ᠂ ᠬᠤᠳᠠᠯᠳᠤᠭᠠᠴᠢᠨ ᠡᠷᠦᠬᠡ ᠶᠢᠨ ᠬᠠᠮᠢᠶᠠᠷᠤᠯᠲᠠ ᠶᠢᠨ ᠡᠭᠦᠳᠡᠨ ᠡᠮᠦᠨᠡᠬᠢ ᠡᠷᠡᠭᠦᠯ | ᠬᠠᠮᠠᠭᠠᠯᠠᠯ ᠪᠣᠯᠤᠨ ᠡᠮᠬᠢ ᠳᠢᠭᠯᠢᠮ ᠤᠨ ᠰᠠᠨᠠᠭᠠᠴᠢᠯᠠᠭᠠᠲᠤ ᠴᠢᠨᠠᠷ ᠴᠤ ᠳᠡᠭᠡᠭᠰᠢᠯᠡᠵᠡᠢ᠃︾ ᠬᠠᠶᠢᠷᠤᠪ ᠤᠨ ᠲᠣᠬᠤᠢ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠶᠢᠪᠸᠢ ᠶᠢᠨ ᠳᠤᠮᠳᠠ | ᠠᠩᠭᠢ ᠶᠢᠨ ᠳᠠᠷᠤᠭ᠎ᠠ ᠶᠠᠩ ᠴᠢᠦ ᠶᠦᠩ ᠰᠤᠷᠪᠤᠯᠵᠢᠯᠠᠭᠴᠢ ᠳᠤ ᠬᠡᠯᠡᠵᠡᠶ᠃ | ᠨᠠᠮ ᠤᠨ ᠰᠤᠷᠭᠠᠭᠤᠯᠢ ᠶᠢᠨ ᠵᠠᠬ᠎ᠠ ᠳᠡᠯᠭᠡᠭᠦᠷ ᠤᠨ ᠡᠭᠦᠳᠡᠨ ᠡᠮᠦᠨ᠎ᠡ᠂ ᠬᠤᠸᠠᠩ ᠳ᠋ᠧᠦ ᠰᠢᠶᠠᠩ ᠡᠵᠡᠨᠳᠡᠨ | ᠬᠠᠤᠯᠢ ᠬᠡᠷᠡᠭᠵᠢᠭᠦᠯᠬᠦ ᠠᠵᠢᠯᠲᠠᠨ ᠪᠠᠶᠢᠴᠠᠭᠠᠵᠤ ᠪᠠᠶᠢᠬᠤ ᠶᠢ ᠣᠯᠵᠤ ᠦᠵᠡᠭᠡᠳ᠂ ᠴᠠᠬᠢᠯᠭᠠᠨ ᠬᠥᠳᠡᠯᠭᠡᠭᠦᠷᠲᠦ | ᠲᠡᠷᠭᠡᠨ ᠤ ᠲᠡᠷᠭᠡᠵᠣᠭᠰᠣᠬᠤ ᠪᠠᠶᠢᠷᠢ ᠶᠢ ᠬᠡᠷᠬᠢᠨ ᠲᠣᠭᠲᠠᠭᠠᠬᠤ ᠲᠤᠬᠠᠶ ᠶᠠᠩ ᠴᠢᠦ ᠶᠦᠩ ᠲᠠᠢ ᠶᠠᠷᠢᠯᠴᠠᠪᠠ᠂ ᠡᠨᠡ ᠨᠢ | ᠰᠤᠷᠪᠤᠯᠵᠢᠯᠠᠭᠴᠢ ᠠᠴᠠ ᠬᠤᠳᠠᠯᠳᠤᠭᠠᠨ ᠤ ᠡᠷᠦᠬᠡ ᠶᠢᠨ ᠡᠭᠦᠳᠡᠨ ᠡᠮᠦᠨᠡᠬᠢ ᠡᠮᠬᠢ ᠵᠢᠷᠤᠮ ᠢ ᠤᠬᠠᠮᠰᠠᠷ ᠠᠴᠠ ᠪᠠᠨ | ᠬᠠᠮᠠᠭᠠᠯᠠᠬᠤ ᠤᠬᠠᠮᠰᠠᠷ ᠢ ᠣᠯᠵᠤ ᠬᠠᠷᠠᠵᠠᠢ᠃ ︽︿ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ﹀ | ᠬᠠᠷᠢᠭᠤᠴᠠᠯᠭ᠎ᠠ ᠶᠢ ᠠᠬᠢᠭᠤᠯᠤᠨ ᠨᠠᠶᠢᠳᠠᠪᠤᠷᠢᠵᠢᠭᠤᠯᠬᠤ ᠪᠠᠷ ᠳᠠᠮᠵᠢᠨ᠂ ᠬᠤᠳᠠᠯᠳᠤᠭᠠᠴᠢᠨ ᠡᠷᠦᠬᠡ ᠶᠢᠨ | ᠰᠠᠨᠠᠭᠠᠴᠢᠯᠠᠭᠠᠲᠤ ᠴᠢᠨᠠᠷ ᠪᠣᠯᠤᠨ ᠬᠠᠷᠢᠭᠤᠴᠠᠯᠭᠠᠲᠦ ᠦᠵᠡᠯ ᠮᠠᠰᠢ ᠶᠡᠭᠡ ᠳᠡᠭᠡᠭᠰᠢᠯᠡᠯᠲᠡ ᠲᠠᠢ ᠪᠣᠯᠵᠠᠶ᠂ ᠪᠢᠳᠡ ᠪᠠᠰᠠ | ᠡᠭᠦᠳᠡᠨ ᠡᠮᠦᠨᠡᠬᠢ ᠡᠷᠡᠭᠦᠯ ᠬᠠᠮᠠᠭᠠᠯᠠᠯ ᠪᠣᠯᠤᠨ ᠡᠮᠬᠢ ᠳᠢᠭᠯᠢᠮ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ | ᠬᠠᠮᠵᠢᠯᠴᠠᠬᠤ ᠳᠤᠷᠠᠲᠠᠶ᠂ ᠢᠩᠭᠢᠪᠡᠯ ᠮᠠᠨ ᠤ ᠬᠤᠳᠠᠯᠳᠤᠭᠠᠴᠢᠨ ᠳᠤ ᠠᠪᠴᠤ ᠬᠡᠯᠡᠪᠡᠯ ᠪᠠᠰᠠ ᠠᠰᠢᠭᠲᠠᠢ ᠶᠤᠮ᠂ | ᠬᠡᠷᠡᠭᠯᠡᠭᠴᠢᠳ ᠲᠤ ᠨᠠᠩ ᠰᠠᠶᠢᠨ ᠶᠠᠭᠤᠮ᠎ᠠ ᠬᠤᠳᠠᠯᠳᠤᠨ ᠠᠪᠬᠤ ᠲᠦᠷᠤᠭ᠍ᠳᠡᠯ ᠣᠯᠭᠤᠵᠤ ᠪᠤᠯᠤᠨ᠎ᠠ᠃ | ᠡᠨᠡ ᠵᠢᠯ᠂ ᠬᠠᠶᠢᠷᠤᠪ ᠤᠨ ᠲᠣᠬᠤᠢ ᠲᠣᠭᠤᠷᠢᠭ ᠬᠤᠲᠠ ᠶᠢᠨ ᠬᠠᠮᠢᠶᠠᠷᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ︽ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ︾ | ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠬᠤ᠂ ᠬᠠᠶᠠᠭᠳᠠᠮᠠᠯ ᠪᠣᠳᠠᠰ ᠬᠤᠳᠠᠯᠳᠤᠨ ᠠᠪᠬᠤ | ᠥᠷᠲᠡᠭᠡ ᠴᠢᠭ ᠢ ᠴᠡᠪᠡᠷᠯᠡᠬᠦ᠂ ︽ᠵᠣᠷᠯᠣᠩ ᠤᠨ ᠬᠤᠪᠢᠰᠬᠠᠯ︾ ᠢ ᠠᠬᠢᠭᠤᠯᠬᠤ᠂ ᠭᠡᠷ ᠪᠠᠶᠢᠰᠢᠩ ᠤᠨ | ᠲᠣᠭᠤᠷᠢᠭ ᠤᠨ ᠥᠭᠡᠷᠡᠴᠢᠯᠡᠯᠲᠡ ᠵᠡᠷᠭᠡ ᠵᠢᠷᠭᠤᠭᠠᠨᠵᠤᠶᠢᠯ ᠤᠨ ᠲᠤᠰᠬᠠᠶ ᠴᠡᠭᠴᠡᠯᠡᠨ ᠵᠠᠰᠠᠯᠲᠠ ᠵᠢᠴᠢ ︽ᠬᠤᠲᠠ | ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ︾ ᠶᠢ ᠪᠦᠬᠦ | ᠬᠦᠴᠦᠨ ᠢᠶᠠᠷ ᠢᠶᠠᠨ ᠥᠷᠨᠢᠭᠦᠯᠵᠦ᠂ ᠨᠠᠷᠢᠯᠢᠭᠵᠢᠭᠤᠯᠤᠭᠰᠠᠨ᠂ ᠵᠢᠷᠤᠮᠵᠢᠭᠤᠯᠤᠭᠰᠠᠨ᠂ ᠲᠣᠤᠷᠵᠢᠭᠤᠯᠤᠭᠰᠠᠨ ᠪᠠ | ᠲᠣᠭᠠᠴᠢᠯᠠᠭᠰᠠᠨ ᠬᠠᠮᠢᠶᠠᠷᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠶᠢᠨ | ᠬᠦᠴᠢᠷᠳᠡᠯ ᠪᠠ ᠡᠪᠡᠷᠰᠢᠶᠡᠯ ᠢ ᠪᠦᠬᠦ ᠬᠦᠴᠦᠨ ᠢᠶᠠᠷ ᠰᠢᠢᠤᠡᠪᠤᠷᠢᠯᠡᠪᠡ᠃ | ᠬᠠᠶᠢᠷᠤᠪ ᠤᠨ ᠲᠣᠬᠤᠢ ᠲᠣᠭᠤᠷᠢᠭ ᠵᠠᠩᠭᠢᠯᠠᠭ᠎ᠠ ᠶᠢ ᠠᠳᠬᠤᠨ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ | ᠰᠢᠪᠲᠤᠯᠵᠤ᠂ ᠡᠭᠦᠳᠦᠨ ᠪᠠᠶᠢᠭᠤᠯᠬᠤ ᠠᠵᠢᠯ ᠳᠤ ᠣᠷᠣᠰᠢᠵᠤ ᠪᠠᠶᠢᠭ᠎ᠠ ᠲᠣᠪᠦ᠋ᠮ᠎ᠠ ᠠᠰᠠᠭᠤᠳᠠᠯ ᠢ ᠨᠠᠷᠢᠨ ᠬᠢᠨᠠᠮᠠᠭᠠᠶ | ᠡᠮᠬᠢᠯᠡᠨ ᠲᠢᠭᠯᠡᠵᠦ᠂ ᠲᠣᠰ ᠪᠡᠶ᠎ᠡ ᠶᠢᠨ ︽ᠬᠠᠮᠢᠭ᠎ᠠ ᠨᠢ ᠳᠤᠲᠠᠭᠳᠠᠵᠤ᠂ ᠬᠠᠮᠢᠭ᠎ᠠ ᠨᠢ ᠪᠠᠭᠤᠷᠠᠢ ᠪᠠᠶᠢᠬᠤ︾ ᠶᠢ | ᠡᠷᠢᠵᠦ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠲᠥᠷᠥᠯ ᠬᠤᠪᠢᠶᠠᠨ ᠬᠡᠷᠡᠭᠵᠢᠭᠦᠯᠵᠦ᠂ | ᠴᠠᠭ ᠤᠨ ᠬᠦᠰᠦᠨᠦᠭᠲᠦ ᠶᠢ ᠭᠡᠳᠡᠷᠭᠦ ᠵᠢᠭᠰᠠᠭᠠᠵᠤ᠂ ᠡᠭᠦᠷᠭᠡ ᠶᠢᠨ ᠬᠡᠮᠵᠢᠶ᠎ᠡ ᠶᠢ ᠣᠨᠣᠪᠴᠢᠲᠠᠶ ᠲᠣᠭᠲᠠᠭᠠᠨ᠂ ᠵᠠᠮ | ᠱᠤᠭᠤᠮ ᠤᠨ ᠵᠢᠷᠤᠭ ᠢ ᠲᠣᠭᠲᠠᠭᠠᠵᠤ᠂ ᠨᠢᠭᠡ ᠲᠥᠷᠥᠯ ᠵᠤᠶᠢᠯ ᠨᠢᠭᠡ ᠲᠥᠷᠥᠯ ᠵᠤᠶᠢᠯ ᠢᠶᠠᠷ ᠰᠠᠶᠢᠲᠤᠷ ᠠᠳᠬᠤᠵᠤ᠂ | ᠨᠢᠭᠡ ᠠᠰᠠᠭᠤᠳᠠᠯ ᠨᠢᠭᠡ ᠠᠰᠠᠭᠤᠳᠠᠯ ᠪᠠᠷ ᠥᠭᠡᠷᠡᠴᠢᠯᠡᠵᠦ᠂ ᠪᠠᠭᠤᠷᠠᠶ ᠭᠤᠭᠴᠤᠭ᠎ᠠ ᠶᠢᠨ ᠲᠤᠰᠬᠠᠶ ᠴᠡᠭᠴᠡᠯᠡᠨ | ᠵᠠᠰᠠᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠦᠭᠦᠯᠬᠦ ᠪᠠᠷ | ᠴᠢᠷᠮᠠᠶᠢᠨ᠎ᠠ᠃ | ︽ᠬᠦᠴᠢᠷ ᠲᠦᠪᠡᠭᠲᠡᠶ ᠠᠰᠠᠭᠤᠳᠠᠯ︾ ᠢᠲ᠋ᠤᠪᠤᠶᠢᠮᠠᠠᠤᠡᠬᠤᠵᠤ ᠣᠷᠣᠰᠢᠨ ᠰᠠᠭᠤᠬᠤ ᠳᠤ ᠲᠣᠬᠢᠷᠠᠮᠵᠢᠲᠠᠶ | ᠣᠷᠴᠢᠨ ᠲᠣᠭᠤᠷᠢᠨ ᠢ ᠪᠠᠢᠭᠤᠯᠬᠤ ᠳᠤ ᠤᠯᠠᠨ ᠢ ᠲᠦᠰᠢᠭᠯᠡᠨ᠎ᠡ | ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ︽ | ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠠᠮᠲᠤ ᠪᠠᠷ ᠡᠭᠦᠳᠦᠨ ᠪᠠᠶᠢᠭᠤᠯᠬᠤ᠂ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ︾ ᠠᠵᠢᠯ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠣᠯᠠᠨ ᠲᠦᠮᠡᠨ ᠤ ᠠᠩᠬᠠᠷᠴᠤ | ᠪᠠᠶᠢᠭ᠎ᠠ ᠵᠢᠵᠢᠭ ᠰᠠᠵᠢᠭ ᠶᠠᠪᠤᠳᠠᠯ ᠠᠴᠠ ᠭᠠᠷᠳᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ | ᠭᠠᠵᠠᠷ ᠠᠴᠠ ᠭᠠᠷᠳᠠᠵᠤ᠂ ᠣᠯᠠᠨ ᠲᠦᠮᠡᠨ ᠤ ᠳᠡᠷᠭᠡᠳᠡᠬᠢ ᠪᠠᠭ᠎ᠠ ᠶᠠᠪᠤᠳᠠᠯ ᠠᠴᠠ ᠭᠠᠷᠳᠠᠵᠤ ᠬᠢᠵᠡᠶ᠃ ᠡᠨᠡ ᠵᠢᠯ᠂ | ᠬᠠᠶᠢᠷᠤᠪ ᠤᠨ ᠲᠣᠬᠤᠢ ᠲᠣᠭᠤᠷᠢᠭ ᠨᠢ ᠰᠦᠯᠵᠢᠶ᠎ᠡ᠂ ᠵᠠᠮ᠂ ᠲᠡᠭᠰᠢ ᠭᠡᠷ ᠲᠠᠢ ᠲᠣᠭᠤᠷᠢᠭ᠂ ᠨᠡᠶᠢᠲᠡ ᠶᠢᠨ | ᠵᠣᠷᠯᠣᠩ ᠤᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠵᠡᠷᠭᠡ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ | ᠬᠤᠲᠠ ᠶᠢᠨ ᠴᠢᠳᠠᠪᠬᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ᠂ ᠴᠡᠪᠡᠷ ᠴᠡᠮᠴᠡᠭᠡᠷ᠂ ᠡᠮᠬᠢ ᠳᠢᠭᠯᠢᠮ ᠲᠠᠢ᠂ ᠭᠤᠶᠤ ᠰᠠᠶᠢᠬᠠᠨ᠂ ᠪᠣᠯᠪᠠᠰᠤᠨ ᠰᠠᠶᠢᠬᠠᠨ᠂ | ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠪᠠ᠃ | ᠡᠨᠡ ᠵᠢᠯ᠂ ᠬᠠᠶᠢᠷᠤᠪ ᠤᠨ ᠲᠣᠬᠤᠢ ᠲᠣᠭᠤᠷᠢᠭ ᠨᠢ 6 ᠬᠡᠰᠡᠭ ᠳᠥᠭᠦᠮ ᠪᠦᠲᠦᠴᠡᠲᠦ ᠣᠷᠣᠨ ᠲᠣᠭᠤᠷᠢᠭ | ᠪᠣᠯᠤᠨ 4 ᠬᠡᠰᠡᠭ ᠰᠠᠭᠤᠷᠢ ᠪᠠᠷ ᠬᠠᠷᠢᠴᠠᠩᠭᠤᠶ ᠰᠠᠶᠢᠨ ᠭᠡᠷ ᠪᠠᠶᠢᠰᠢᠩ ᠤᠨ ᠲᠣᠭᠤᠷᠢᠭ ᠢ ᠥᠭᠡᠷᠡᠴᠢᠯᠡᠬᠦ ᠣᠷᠣᠨ | ᠪᠦᠰᠡ ᠶᠢ ᠲᠣᠭᠲᠠᠭᠠᠵᠤ᠂ ᠣᠳᠣ ᠨᠢᠭᠡᠨᠲᠡ 3000 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ | ᠴᠡᠭᠴᠡᠯᠡᠨ ᠵᠠᠰᠠᠬᠤ᠂ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠮᠢᠶᠠᠷᠤᠯᠲᠠ ᠶᠢᠨ | ᠲᠦᠪᠰᠢᠨ ᠢᠶᠠᠨ ᠳᠡᠭᠡᠭᠰᠢᠯᠡᠭᠦᠯᠪᠡ᠃ ᠵᠢᠱᠢᠶᠡᠯᠡᠪᠡᠯ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ | ᠤ ᠬᠤᠶᠢᠳᠦ ᠡᠭᠦᠳᠡᠨ ᠤ ᠥᠭᠡᠷᠡᠴᠢᠯᠡᠯᠲᠡ ᠶᠢᠨ ᠲᠥᠷᠥᠯ ᠵᠤᠶᠢᠯ ᠨᠢ ᠨᠢᠭᠡᠨᠲᠡ ᠰᠢᠲᠠᠮᠠᠬᠠᠶ ᠬᠡᠢ ᠶᠢᠨ ᠬᠤᠭᠤᠯᠠᠶ ᠶᠢᠨ | ᠲᠣᠤᠷ᠂ ᠪᠣᠰᠤᠭ᠎ᠠ ᠭᠠᠳᠠᠷᠭᠤ ᠶᠢ ᠥᠭᠡᠷᠡᠴᠢᠯᠡᠬᠦ᠂ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ ᠤᠰᠤ ᠬᠠᠩᠭᠠᠬᠤ | ᠭᠠᠳᠠᠭᠰᠢᠯᠠᠭᠤᠯᠬᠤ ᠬᠤᠭᠤᠯᠠᠶ ᠶᠢᠨ ᠲᠣᠤᠷ᠂ ᠳᠤᠯᠠᠭᠠᠯᠠᠭ᠎ᠠ ᠬᠠᠩᠭᠠᠬᠤ᠂ ᠵᠣᠷᠯᠣᠩ᠂ ᠭᠡᠷᠡᠯᠲᠦᠭᠦᠯᠭᠡ ᠶᠢᠨ | ᠢᠨᠵᠧᠨᠧᠷᠢᠩ᠂ ᠭᠠᠳᠠᠷ ᠬᠦᠷᠢᠶᠡᠨ ᠤ ᠬᠤᠳᠠᠯᠳᠤᠭᠠᠨ ᠤ ᠳᠡᠯᠭᠡᠭᠦᠷ ᠤᠨ ᠭᠠᠵᠠᠷ ᠤᠨ ᠭᠠᠳᠠᠷᠭᠤ ᠶᠢ ᠬᠠᠲᠠᠭᠤᠷᠠᠭᠤᠯᠬᠤ | ᠢᠨᠵᠧᠨᠧᠷᠢᠩ ᠵᠡᠷᠭᠡ ᠶᠢ ᠪᠡᠶᠡᠯᠡᠭᠦᠯᠵᠡᠶ᠃ ᠡᠭᠦᠨ ᠤ ᠳᠤ ᠬᠠᠮᠲᠤ ︽ᠹᠧᠩ ᠬᠤᠸᠠᠩ ᠤᠨ ᠵᠢᠵᠢᠭ ᠭᠤᠳᠤᠮᠵᠢ︾ ᠭᠡᠵᠦ | ᠬᠠᠯᠠᠨ᠎ᠠ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠂ ᠣᠷᠣᠨ ᠰᠠᠭᠤᠴᠠ ᠶᠢᠨ ᠣᠷᠴᠢᠨ ᠲᠣᠭᠤᠷᠢᠨ ᠢ | ᠰᠠᠶᠢᠵᠢᠷᠠᠭᠤᠯᠬᠤ ᠶᠢᠨ ᠲᠥᠯᠥᠭᠡ᠂ ᠤᠳᠤ ᠨᠢᠭᠡᠨᠲᠡ ᠳᠥᠭᠦᠮ ᠳᠡᠯᠭᠡᠭᠦᠷ᠂ ᠣᠨᠴᠠᠯᠢᠭᠲᠤ ᠢᠳᠡᠭᠡᠨ ᠤᠮᠳᠠᠭᠠᠨ ᠵᠢᠴᠢ | ᠨᠣᠮ ᠤᠨ ᠪᠠᠭᠠᠷ ᠵᠡᠷᠭᠡ ᠶᠢ ᠣᠷᠣᠭᠤᠯᠤᠨ ᠠᠪᠴᠢᠷᠠᠵᠤ᠂ ᠲᠠᠷᠠᠭᠠᠴᠢ ᠶᠢᠨ ᠠᠯᠬᠤᠮ ᠳᠤ ᠪᠠᠰᠠ ᠨᠠᠩ ᠣᠯᠠᠨ | ᠰᠢᠨ᠎ᠡ ᠶᠢ ᠡᠭᠦᠳᠬᠦ ᠴᠢᠨᠠᠷ ᠢᠶᠠᠷ ᠴᠢᠩᠭ᠎ᠠ᠂ ᠬᠠᠷᠢᠯᠴᠠᠨ ᠳᠡᠮᠵᠢᠬᠦ ᠠᠵᠤ ᠤᠶᠢᠯᠡᠰ ᠢ ᠣᠷᠣᠭᠤᠯᠤᠨ ᠠᠪᠴᠢᠷᠠᠵᠤ᠂ | ᠰᠠᠭᠤᠭᠠᠯᠢ ᠠᠷᠠᠳ ᠲᠤ ᠳᠥᠭᠦᠮ ᠦᠵᠡᠭᠦᠯᠬᠦ ᠶᠢᠨ ᠬᠠᠮᠲᠤ ︽ᠹᠧᠩ ᠬᠤᠸᠠᠩ ᠤᠨ ᠵᠢᠵᠢᠭ ᠭᠤᠳᠤᠮᠵᠢ︾ ᠶᠢᠨ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠬᠤ ᠪᠠᠷ ᠲᠥᠯᠥᠪᠯᠡᠵᠦ ᠪᠠᠶᠢᠨ᠎ᠠ᠃ | ᠬᠠᠶᠢᠷᠤᠪ ᠤᠨ ᠲᠣᠬᠤᠢ ᠲᠣᠭᠤᠷᠢᠭ ︽ᠵᠣᠷᠯᠣᠩ ᠤᠨ ᠬᠤᠪᠢᠰᠬᠠᠯ︾ ᠢ ᠶᠡᠬᠡᠪᠡᠷ ᠠᠬᠢᠭᠤᠯᠵᠤ᠂ 70 ᠭᠠᠷᠤᠶ | ᠬᠠᠭᠤᠷᠠᠶ ᠵᠣᠷᠯᠣᠩ ᠢ ᠨᠤᠷᠠᠭᠠᠵᠤ᠂ ᠣᠯᠠᠨ ᠨᠡᠶᠢᠲᠡ ᠶᠢᠨ ᠵᠣᠷᠯᠣᠩ ᠤᠨ ᠳᠣᠲᠣᠭᠠᠳᠤᠬᠢ ᠬᠠᠭᠤᠴᠢᠷᠠᠵᠤ | ᠬᠠᠭᠤᠴᠢᠷᠠᠭᠰᠠᠨ ᠲᠥᠬᠦᠭᠡᠷᠦᠮᠵᠢ ᠶᠢ ᠨᠤᠷᠠᠭᠠᠨ ᠥᠭᠡᠷᠡᠴᠢᠯᠡᠵᠦ᠂ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠨᠠᠷ ᠢ | ᠳᠡᠭᠡᠭᠰᠢᠯᠡᠭᠦᠯᠵᠦ ᠤᠰᠤᠨ ᠵᠣᠷᠯᠣᠩ ᠢ ᠥᠭᠡᠷᠡᠴᠢᠯᠡᠨ ᠵᠠᠰᠠᠵᠤ᠂ ᠣᠷᠴᠢᠨ ᠲᠣᠭᠤᠷᠢᠨ ᠢ ᠬᠠᠮᠠᠭᠠᠯᠠᠬᠤ ᠵᠣᠷᠯᠣᠩ ᠢ | ᠤᠭᠰᠠᠷᠠᠪᠠ᠃ ᠪᠠᠶᠢᠭᠤᠯᠤᠭᠰᠠᠨ ᠣᠷᠣᠨ ᠤ ᠳᠣᠲᠣᠷ᠎ᠠ ᠥᠭᠡᠷᠡᠴᠢᠯᠡᠬᠦ ᠨᠥᠬᠦᠴᠡᠯ ᠦᠭᠡᠢ ᠤᠰᠤᠨ ᠵᠣᠷᠯᠣᠩ᠂ | ᠨᠤᠷᠠᠭᠠᠭᠰᠠᠨ ᠥᠬᠡᠶ ᠬᠠᠭᠤᠷᠠᠶ ᠵᠣᠷᠯᠣᠩ ︵ᠴᠥᠮ ᠨᠤᠷᠠᠭᠠᠵᠤ ᠨᠡᠭᠦᠯᠭᠡᠬᠦ ᠣᠷᠣᠨ ᠳᠤ ᠪᠤᠢ︶ ᠳᠤ᠂ ᠱᠠᠭᠠᠷᠳᠠᠯᠭ᠎ᠠ | ᠶᠣᠰᠣᠭᠠᠷ ᠱᠠ ᠴᠣᠩᠬᠤ᠂ ᠱᠠ ᠡᠭᠦᠳᠡ ᠬᠠᠭᠠᠯᠭ᠎ᠠ᠂ ᠪᠠᠭᠠᠰᠤᠨ ᠨᠦᠬᠡ ᠶᠢ ᠪᠢᠲᠡᠭᠦᠮᠵᠢᠯᠡᠵᠦ᠂ ᠬᠤᠲᠠ ᠶᠢᠨ | ᠠᠷᠠᠳ ᠲᠤ ᠳᠥᠭᠦᠮ ᠦᠵᠡᠭᠦᠯᠬᠦ ᠶᠢᠨ ᠬᠠᠮᠲᠤ᠂ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠨᠠᠩ | ᠢᠯᠡᠭᠦᠤ ᠬᠦᠴᠦᠨ ᠨᠡᠮᠡᠷᠢᠯᠡᠨ᠎ᠡ᠃ | ᠬᠠᠶᠢᠷᠤᠪ ᠤᠨ ᠲᠣᠬᠤᠢ ᠲᠣᠭᠤᠷᠢᠭ 200 ᠲᠦᠮᠡᠨ ᠲᠥᠭᠦᠷᠢᠭ ᠤᠨ ᠪᠡᠯᠡ ᠣᠷᠣᠭᠤᠯᠵᠤ ᠰᠢᠨ ᠲᠢᠶᠠᠨ ᠳ᠋ᠢ | ᠵᠠᠬ᠎ᠠ ᠳᠡᠯᠭᠡᠭᠦᠷ ᠢ ᠲᠡᠰ ᠳᠡᠪᠰᠢᠭᠦᠯᠦᠨ ᠥᠭᠡᠷᠡᠴᠢᠯᠡᠵᠦ᠂ ᠭᠤᠤᠯᠳᠠᠭᠤ ᠵᠠᠬ᠎ᠠ ᠳᠡᠯᠭᠡᠭᠦᠷ ᠤᠨ ᠲᠢᠩᠬᠢᠮ᠂ | ᠯᠠᠩᠭᠦᠶ ᠶᠢᠨ ᠳᠣᠲᠣᠷᠠᠬᠢ ᠭᠠᠵᠠᠷ ᠤᠨ ᠭᠠᠳᠠᠷᠭᠤ ᠳᠤ ᠭᠤᠯᠭᠤᠷᠢᠬᠤ ᠡᠴᠠᠰᠡᠷᠭᠡᠶᠢᠯᠡᠬᠦ ᠱᠠᠯᠠ ᠶᠢᠨ ᠲᠣᠭᠤᠰᠬ᠎ᠠ | ᠳᠡᠪᠢᠰᠪᠡ᠃ ᠤᠰᠤ ᠲᠠᠲᠠᠷᠠᠭᠤᠯᠬᠤ ᠬᠤᠭᠤᠯᠠᠶ ᠪᠠ ᠳᠤᠯᠠᠭᠠᠯᠠᠬᠤ ᠬᠤᠭᠤᠯᠠᠶ ᠶᠢ ᠰᠣᠯᠢᠪᠠ ᠃ ᠯᠠᠩᠭᠦᠶ | ᠥᠨᠳᠥᠷᠴᠡ ᠪᠠᠨ ᠨᠢᠭᠡᠳᠬᠡᠨ᠎ᠡ᠃ ᠵᠢᠮᠢᠰ᠂ ᠢᠳᠡᠰᠢᠨ ᠨᠣᠭᠤᠭ᠎ᠠ ᠶᠢᠨ ᠳᠡᠯᠭᠡᠴᠡ ᠳᠤ ᠢᠳᠡᠰᠢᠨ ᠨᠣᠭᠤᠭ᠎ᠠ ᠶᠢᠨ | ᠰᠠᠭᠰᠤ ᠲᠣᠬᠢᠷᠠᠭᠤᠯᠵᠤ᠂ ᠰᠢᠭᠤᠳ ᠢᠳᠡᠬᠦ ᠢᠳᠡᠭᠡᠨ ᠤ ᠣᠷᠣᠨ ᠳᠤ ᠬᠤᠭ ᠲᠣᠭᠤᠰᠣ ᠢᠯᠠᠭ᠎ᠠ ᠰᠡᠷᠭᠡᠶᠢᠯᠡᠬᠦ | ᠪᠦᠷᠬᠦᠭᠦᠯ ᠢ ᠨᠢᠭᠡᠳᠦᠯᠲᠡᠶ ᠤᠭᠰᠠᠷᠠᠨ᠎ᠠ᠃ ᠶᠡᠭᠡ ᠲᠢᠩᠬᠢᠮ ᠳᠤ ᠲᠣᠮᠣ ᠵᠢᠮᠢᠰ ᠤᠨ ᠠᠪᠳᠠᠷ᠎ᠠ ᠶᠢ ᠬᠦᠴᠦᠨ ᠦᠭᠡᠢ | ᠪᠣᠯᠭᠠᠵᠤ᠂ ᠬᠤᠳᠠᠯᠳᠤᠭᠠᠴᠢᠨ ᠡᠷᠦᠬᠡ ᠪᠢᠲᠡᠭᠦᠮᠵᠢᠯᠡᠭᠰᠡᠨ ᠮᠠᠶ᠋ᠢᠭ ᠤᠨ ᠬᠤᠭ ᠨᠣᠪᠰᠢ ᠶᠢᠨ ᠲᠦᠩᠰᠡ ᠶᠢ | ᠥᠪᠡᠰᠦᠪᠡᠨ ᠬᠤᠳᠠᠯᠳᠤᠨ ᠠᠪᠴᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠪᠠᠰᠠ ᠪᠢᠲᠡᠭᠦᠮᠵᠢᠯᠡᠭᠰᠡᠨ | ᠮᠠᠶ᠋ᠢᠭ ᠤᠨ ᠰᠢᠯᠵᠢᠮᠡᠯ ᠬᠤᠭ ᠨᠣᠪᠰᠢ ᠶᠢᠨ ᠲᠡᠷᠭᠡ᠂ ᠮᠠᠰᠢᠨ ᠱᠦᠭᠦᠷᠳᠡᠬᠦ ᠲᠡᠷᠭᠡ᠂ ᠭᠠᠵᠠᠷ ᠤᠬᠢᠶᠠᠬᠤ ᠮᠠᠰᠢᠨ | ᠲᠣᠬᠢᠷᠠᠭᠤᠯᠵᠠᠢ᠃ | ᠣᠷᠣᠨ ᠰᠠᠭᠤᠴᠠ ᠶᠢᠨ ᠵᠢᠵᠢᠭ ᠲᠣᠭᠤᠷᠢᠭ ᠢ ᠵᠠᠰᠠᠬᠤ ᠠᠵᠢᠯ ᠢ ᠴᠢᠩᠭᠠᠳᠬᠠᠬᠤ ᠶᠢᠨ ᠲᠥᠯᠥᠭᠡ᠂ | ᠬᠠᠶᠢᠷᠤᠪ ᠤᠨ ᠲᠣᠬᠤᠢ ᠲᠣᠭᠤᠷᠢᠭ ᠨᠢ ᠳᠠᠭᠠᠭᠠᠴᠢᠯᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ ᠨᠢᠭᠡᠴᠡ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ | ᠬᠠᠷᠢᠶᠠᠲᠤ ᠣᠷᠣᠨ ᠤ ᠳᠣᠲᠣᠷᠠᠬᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠵᠢᠯᠴᠠᠨ ᠵᠢᠵᠢᠭ | ᠲᠣᠭᠤᠷᠢᠭ ᠤᠨ ᠠᠷᠢᠭᠤᠨ ᠴᠡᠪᠡᠷ ᠤᠨ ᠮᠤᠬᠤᠷ ᠥᠨᠴᠥᠭ ᠤᠨ ᠬᠤᠭ ᠨᠣᠪᠰᠢ ᠶᠢ ᠳᠤᠷ᠎ᠠ ᠪᠠᠷ ᠣᠪᠣᠭᠠᠯᠠᠵᠤ ᠲᠠᠯᠪᠢᠬᠤ | ᠵᠡᠷᠭᠡ ᠦᠵᠡᠭᠳᠡᠯ ᠢ ᠠᠷᠢᠯᠭᠠᠪᠠ᠃ ᠪᠠᠰᠠ ᠣᠯᠠᠨ ᠵᠢᠵᠢᠭ ᠲᠣᠭᠤᠷᠢᠭ ᠵᠢᠴᠢ ᠤᠤᠯ ᠤᠨ ᠬᠤᠭ ᠨᠣᠪᠰᠢ ᠶᠢᠨ ᠲᠣᠮᠣ | ᠬᠦᠷᠢᠶ᠎ᠡ᠂ ᠲᠡᠭᠰᠢ ᠭᠡᠷ ᠤᠨ ᠲᠣᠭᠤᠷᠢᠭ ᠵᠡᠷᠭᠡ ᠭᠠᠵᠠᠷ ᠲᠤ ︽ᠰᠠᠶᠢᠨ ᠤᠶᠢᠯᠡᠴᠢᠯᠡᠭᠡᠨ ᠤ ᠮᠤᠬᠤᠯᠠᠭ︾ ᠭᠠᠷᠭᠠᠵᠤ᠂ | ᠬᠠᠶᠠᠭᠳᠠᠮᠠᠯ ᠡᠳ᠋ ᠢ ᠬᠤᠷᠢᠶᠠᠨ ᠠᠪᠬᠤ ᠲᠥᠷᠥᠯ ᠵᠤᠶᠢᠯ ᠢ ᠨᠡᠮᠡᠭᠳᠡᠭᠦᠯᠵᠦ᠂ ᠬᠤᠷᠢᠶᠠᠨ ᠠᠪᠬᠤ ᠦᠨ᠎ᠡ ᠳᠤ | ᠲᠣᠬᠢᠷᠠᠭᠤᠯᠤᠯᠲᠠ ᠬᠢᠵᠦ᠂ ᠬᠤᠪᠢ ᠲᠡᠮᠳᠡᠭᠯᠡᠵᠦ ᠱᠠᠩᠨᠠᠬᠤ ᠪᠠᠷ ᠳᠠᠮᠵᠢᠨ᠂ ᠨᠠᠩ ᠣᠯᠠᠨ ᠬᠤᠲᠠ ᠶᠢᠨ ᠠᠷᠠᠳ ᠢ | ᠲᠠᠲᠠᠵᠤ ︽ᠰᠠᠶᠢᠨ ᠲᠢᠩᠰᠠ︾ ᠲᠤ ᠬᠤᠷᠢᠶᠠᠨ ᠠᠪᠴᠢᠷᠠᠭᠤᠯᠪᠠ᠃ | ᠡᠭᠦᠨ ᠠᠴᠠ ᠭᠠᠳᠠᠨ᠎ᠠ᠂ ᠬᠤᠪᠢ ᠪᠠᠷ ᠢᠶᠠᠨ ᠪᠦᠲᠦᠭᠡᠨ ᠪᠠᠶᠢᠭᠤᠯᠵᠤ ᠨᠤᠷᠠᠭᠠᠬᠤ ᠠᠵᠢᠯ ᠴᠤ ᠡᠨᠡ ᠵᠢᠯ ᠤᠨ | ᠬᠠᠶᠢᠷᠤᠪ ᠤᠨ ᠲᠣᠬᠤᠢ ᠲᠣᠭᠤᠷᠢᠭ ᠤᠨ ᠭᠤᠤᠯᠳᠠᠯᠭ᠎ᠠ ᠲᠠᠢ ᠠᠵᠢᠯ ᠶᠢᠨ ᠨᠢᠭᠡ ᠪᠣᠯᠤᠨ᠎ᠠ᠃ ᠬᠠᠶᠢᠷᠤᠪ ᠤᠨ ᠲᠣᠬᠤᠢ | ᠲᠣᠭᠤᠷᠢᠭ ᠨᠢ ᠡᠮᠦᠨᠡᠬᠢ ᠬᠤᠭᠤᠴᠠᠭᠠᠨ ᠳᠤ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠡᠷᠦᠬᠡ ᠳᠤ | ᠣᠴᠢᠭᠤᠯᠤᠨ ᠤᠬᠠᠭᠤᠯᠬᠤ ᠪᠠᠷ ᠳᠠᠮᠵᠢᠭᠤᠯᠤᠨ᠂ ᠵᠢᠵᠢᠭ ᠲᠣᠭᠤᠷᠢᠭ ᠳᠣᠲᠣᠷ᠎ᠠ ᠰᠠᠭᠤᠭᠠᠯᠢ ᠠᠷᠠᠳ ᠲᠤ | ᠤᠬᠠᠭᠤᠯᠭ᠎ᠠ ᠬᠢᠬᠦ ᠵᠢᠴᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠥᠷᠭᠡᠨ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠬᠤᠪᠢ ᠪᠠᠷ ᠢᠶᠠᠨ ᠪᠠᠷᠢᠵᠤ ᠳᠤᠷ᠎ᠠ ᠪᠠᠷ ᠢᠶᠠᠨ ᠪᠠᠶᠢᠭᠤᠯᠬᠤ | ᠶᠢ ᠨᠤᠷᠠᠭᠠᠬᠤ ᠢᠳᠡᠪᠬᠢᠵᠢᠯ ᠢ ᠨᠢ ᠳᠡᠭᠡᠭᠰᠢᠯᠡᠭᠦᠯᠬᠦ ᠬᠡᠷᠡᠭᠲᠡᠶ᠃ ᠪᠠᠰᠠ50 ᠠᠵᠢᠯᠲᠠᠨ ᠢ ᠡᠯᠡᠬᠡᠷᠡᠭᠡᠷᠬᠢᠯᠡᠬᠦ | ᠭᠠᠵᠠᠷ ᠲᠤ ᠬᠤᠪᠢᠶᠠᠨ ᠲᠣᠮᠢᠯᠠᠵᠤ᠂ ᠰᠠᠭᠤᠭᠠᠯᠢ ᠲᠣᠭᠤᠷᠢᠭ ᠢ ᠬᠤᠪᠢ ᠪᠠᠷ ᠢᠶᠠᠨ ᠪᠠᠶᠢᠭᠤᠯᠵᠤ ᠨᠤᠷᠠᠭᠠᠬᠤ ᠠᠵᠢᠯ ᠢ | ᠢᠳᠡᠪᠬᠢᠲᠡᠢ ᠬᠠᠮᠵᠢᠯᠴᠠᠨ ᠠᠬᠢᠭᠤᠯᠪᠠ᠃ ᠣᠳᠣᠬᠠᠨ ᠳᠤ᠂ ᠣᠯᠠᠩᠬᠢ ᠰᠠᠭᠤᠭᠠᠯᠢ ᠠᠷᠠᠳ ᠤᠨ ᠲᠣᠭᠤᠷᠢᠭ | ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ | ᠲᠣᠭᠤᠷᠢᠨ ᠲᠤᠶᠢᠯ ᠤᠨ ᠶᠡᠭᠡ ᠰᠠᠶᠢᠵᠢᠷᠠᠯᠲᠠ ᠲᠠᠢ ᠪᠣᠯᠵᠠᠶ᠃ | ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠨᠢ ᠠᠷᠠᠳ ᠲᠦᠮᠡᠨ ᠢᠶᠠᠷ ᠭᠤᠤᠯ | ᠪᠣᠯᠭᠠᠬᠤ ᠬᠥᠭᠵᠢᠯᠲᠡ ᠶᠢᠨ ᠤᠶᠢᠯᠠᠭᠠᠭᠳᠠᠬᠤᠨ ᠢ ᠪᠠᠷᠢᠮᠲᠠᠯᠠᠵᠤ᠂ ᠡᠭᠦᠳᠦᠨ ᠪᠠᠶᠢᠭᠤᠯᠬᠤ ᠬᠠᠷᠢᠭᠤᠴᠠᠯᠭᠠᠲᠤ | ᠰᠡᠳᠬᠢᠯᠭᠡ᠂ ᠬᠠᠷᠢᠭᠤᠴᠠᠯᠭ᠎ᠠ ᠪᠠᠨ ᠴᠢᠨᠠᠭᠰᠢᠳᠠ ᠴᠢᠩᠭᠠᠳᠬᠠᠵᠤ᠂ ᠠᠰᠠᠭᠤᠳᠠᠯ ᠵᠶ᠋ᠠᠷᠤᠳᠤᠷᠢᠳᠤᠮᠵᠢ ᠪᠣᠯᠭᠠᠬᠤ ᠶᠢ | ᠴᠢᠩᠭᠠᠳᠬᠠᠵᠤ᠂ ︽ᠬᠤᠸᠠᠷ ᠬᠠᠳᠬᠤᠬᠤ ᠡᠷᠳᠡᠮ︾ ᠢ ᠰᠠᠶᠢᠲᠤᠷ ᠬᠡᠷᠡᠭᠯᠡᠵᠦ᠂ ᠭᠤᠤᠯ ᠬᠤᠲᠠ ᠲᠣᠭᠤᠷᠢᠭ ᠭᠡᠬᠦ | ᠡᠨᠡᠬᠦ ᠭᠤᠤᠯ ᠳᠠᠶᠢᠨ ᠤ ᠲᠠᠯᠠᠪᠤᠷ ᠢ ᠡᠷᠡᠰ ᠰᠠᠶᠢᠲᠤᠷ ᠡᠭᠦᠳᠦᠨ ᠪᠠᠶᠢᠭᠤᠯᠵᠤ ᠂ ᠪᠣᠯᠪᠠᠰᠤᠨ ᠬᠠᠶᠢᠷᠤᠪ ᠤᠨ ᠲᠣᠬᠤᠢ | ᠲᠣᠭᠤᠷᠢᠭ ᠲᠤ ᠦᠵᠡᠰᠬᠦᠯᠡᠩᠲᠦ ᠰᠠᠶᠢᠬᠠᠨ ︽ᠬᠤᠤᠰ ᠵᠢᠭᠦᠷ︾ ᠣᠷᠣᠭᠤᠯᠵᠤ᠂ ᠮᠠᠨ ᠤ ᠬᠤᠲᠠ ᠶᠢᠨ ᠪᠦᠬᠦ | ᠤᠯᠤᠰ ᠤᠨ ᠪᠣᠯᠪᠠᠰᠤᠨ ᠬᠤᠲᠠ ᠪᠣᠯᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠤ | ᠬᠤᠪᠢ ᠨᠡᠮᠡᠷᠢ ᠦᠵᠡᠭᠦᠯᠦᠨ᠎ᠡ᠃ |