ᠢᠯᠡ ᠪᠠᠷ ᠠᠩᠬᠢ ᠬᠤᠪᠢᠶᠠᠵᠤ ᠲᠡᠩᠴᠡᠭᠦᠷᠢᠲᠡᠶ ᠬᠥᠭᠵᠢᠪᠡ
ᠨᠡᠶᠢᠲᠡᠯᠡᠭᠰᠡᠨ ᠴᠠᠭ᠄
2019-09-12
      9 ᠰᠠᠷ᠎ᠠ ᠶᠢᠨ 10 ᠤ ᠡᠳᠦᠷ᠂ ᠦᠬᠠᠶ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠲᠠᠪᠤᠳᠤᠭᠠᠷ ᠬᠤᠭᠤᠴᠠᠭᠠᠨ ᠤ ︽ᠢᠯᠡ ᠪᠠᠷ ᠠᠩᠬᠢ ᠬᠤᠪᠢᠶᠠᠬᠤ︾ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠲᠡᠭᠡᠳᠤ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠵᠢᠴᠢ ᠵᠠᠭᠤᠴᠢᠯᠠᠭᠤᠷ ᠤᠨ ᠬᠢᠨ ᠢ ᠤᠷᠢᠵᠤ ᠪᠦᠬᠦ ᠶᠠᠪᠤᠴᠠ ᠳᠤ ᠮᠥᠷᠳᠡᠨ ᠬᠢᠨᠠᠯᠲᠠ ᠲᠠᠯᠪᠢᠭᠤᠯᠵᠤ᠂ ᠪᠦᠬᠦ᠋ᠢᠯᠡ ᠠᠵᠢᠯᠯᠠᠭ᠎ᠠ ᠶᠢ ᠵᠢᠷᠤᠮ ᠶᠣᠰᠣᠭᠠᠷ ᠡᠮᠬᠢ ᠴᠡᠭᠴᠡ ᠲᠠᠢ ᠶᠠᠪᠤᠭᠳᠠᠭᠤᠯᠵᠠᠶ᠃       ᠠᠵᠢᠯᠯᠠᠭ᠎ᠠ ᠨᠢ ᠶᠠᠭᠤᠨ ᠤ ᠡᠮᠦᠨ᠎ᠡ ᠰᠢᠨ᠎ᠡ ᠰᠤᠷᠤᠭᠴᠢ ᠨᠠᠷ ᠭᠡᠷ ᠤᠨ ᠠᠬᠠᠮᠠᠳ ᠲᠤ ᠢᠯᠡ ᠪᠠᠷ ᠠᠩᠭᠢ ᠬᠤᠪᠢᠶᠠᠬᠤ ᠲᠥᠰᠦᠯ ᠢ ᠨᠡᠶᠢᠲᠡᠯᠡᠵᠦ᠂ ᠠᠩᠭᠢ ᠬᠤᠪᠢᠶᠠᠬᠤ ᠵᠢᠷᠤᠮ ᠵᠢᠴᠢ ᠲᠤᠬᠠᠶ ᠶᠢᠨ ᠲᠠᠯᠠᠪᠤᠷ ᠲᠤ ᠰᠢᠪᠠᠭ᠎ᠠ ᠰᠤᠭᠤᠯᠬᠤ ᠶᠠᠪᠤᠴᠠ ᠵᠡᠷᠭᠡ ᠶᠢ ᠪᠠᠲᠤᠯᠠᠵᠤ᠂ ᠪᠦᠬᠦ᠋ᠢᠯᠡ ᠶᠠᠪᠤᠴᠠ ᠵᠢᠨ‌ᠢᠯᠡ ᠲᠣᠳᠣ ᠪᠠᠶᠢᠬᠤ ᠶᠢ ᠪᠠᠲᠤᠯᠠᠨ᠎ᠠ᠃ ᠳᠠᠷᠠᠭ᠎ᠠ ᠨᠢ᠂ ᠲᠤᠬᠠᠶ ᠶᠢᠨ ᠲᠠᠯᠠᠪᠠᠢ ᠳᠤ 8 ᠰᠤᠷᠤᠭᠴᠢ ᠨᠠᠷ ᠭᠡᠷ ᠤᠨ ᠠᠬᠠᠮᠠᠳ ᠤᠨ ᠲᠥᠯᠥᠭᠡᠯᠡᠭᠴᠢ ᠶᠢ ᠰᠣᠩᠭᠤᠵᠤ ︽ᠢᠯᠡ ᠪᠠᠷ ᠠᠩᠬᠢ ᠬᠤᠪᠢᠶᠠᠬᠤ︾ ᠬᠠᠶᠢᠷᠴᠠᠭ ᠠᠴᠠ ᠰᠢᠪᠠᠭ᠎ᠠ ᠰᠤᠭᠤᠯᠵᠤ᠂ ᠰᠤᠭᠤᠯᠤᠨ ᠠᠪᠤᠭᠰᠠᠨ ᠬᠠᠷᠠᠭᠠᠯᠵᠠᠭᠰᠠᠨ ᠪᠠᠭᠰᠢ ᠶᠢᠨ ᠨᠡᠷᠡᠰ ᠢ ᠲᠤᠬᠠᠶ ᠶᠢᠨ ᠲᠠᠯᠠᠪᠠᠢ ᠳᠤ ᠵᠠᠷᠯᠠᠨ ᠨᠡᠶᠢᠲᠡᠯᠡᠪᠡ᠃      ᠲᠣᠰ ᠤᠳᠠᠭᠠᠨ ᠤ ︽ᠢᠯᠡ ᠪᠠᠷ ᠠᠩᠭᠢ ᠬᠤᠪᠢᠶᠠᠬᠤ︾ ᠶᠠᠪᠤᠴᠠ ᠶᠢ ᠢᠯᠡ ᠲᠣᠳᠣ ᠪᠣᠯᠭᠠᠵᠤ᠂ ᠰᠤᠷᠭᠠᠭᠤᠯᠢ ᠶᠢᠨ ᠲᠡᠩᠴᠡᠭᠦᠷᠢᠲᠡᠶ ᠪᠥᠭᠡᠳ ᠵᠦᠶ ᠵᠣᠬᠢᠰᠲᠠᠶ ᠪᠠᠶᠢᠬᠤ ᠶᠢ ᠦᠨᠡᠨ ᠬᠦ ᠪᠠᠲᠤᠯᠠᠵᠤ᠂ ᠰᠤᠷᠭᠠᠨ ᠬᠥᠮᠦᠵᠢᠯ ᠤᠨ ᠰᠤᠷᠲᠠᠯ ᠤᠨ ᠪᠠᠶᠢᠭᠤᠯᠤᠯᠲᠠ ᠶᠢ ᠠᠬᠢᠭᠤᠯᠤᠭᠰᠠᠨ ᠪᠥᠭᠡᠳ ᠪᠠᠰᠠ ᠰᠤᠷᠤᠭᠴᠢᠳ ᠤᠨ ᠡᠷᠬᠡ ᠲᠡᠭᠰᠢ ᠪᠠᠷ ᠰᠤᠷᠭᠠᠨ ᠬᠥᠮᠦᠵᠢᠯ ᠬᠦᠷᠲᠡᠬᠦ ᠡᠷᠬᠡ ᠶᠢ ᠦᠨᠡᠨ ᠬᠦ ᠪᠠᠲᠤᠯᠠᠵᠤ᠂ ᠪᠥᠬᠦ ᠰᠤᠷᠤᠭᠴᠢᠳ ᠲᠤ ᠬᠠᠨᠳᠤᠭᠤᠯᠤᠨ᠂ ᠰᠤᠷᠤᠭᠴᠢ ᠨᠢᠭᠡᠪᠦᠷᠢ ᠶᠢᠨ ᠦᠰᠦᠨ ᠪᠤᠶᠢᠵᠢᠯᠲᠠ ᠳᠤ ᠬᠠᠷᠢᠭᠤᠴᠠᠯᠭ᠎ᠠ ᠡᠭᠦᠷᠭᠡᠯᠡᠬᠦ ᠶᠢ ᠦᠨᠡᠨ ᠬᠦ ᠪᠡᠶᠡᠯᠡᠭᠦᠯᠦᠭᠰᠡᠨ ᠪᠠᠢᠨ᠎ᠠ᠃    
 
ᠢᠷᠡᠯᠲᠡ᠄ ᠦᠬᠠᠢ ᠬᠤᠲᠠ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号