ᠴᠢᠩ ᠰᠡᠤᠡᠬᠢᠯ ᠤᠨ ᠰᠤᠷᠭᠠᠯ ᠂ ᠪᠠᠭᠰᠢ ᠶᠢᠨ ᠠᠴᠢ ᠶᠢ ᠮᠠᠷᠲᠠᠭᠳᠠᠰᠢ ᠦᠭᠡᠢ᠃ | ᠡᠷᠲᠡᠨ ᠠᠴᠠ ᠡᠳᠦᠭᠡ ᠪᠣᠯᠲᠠᠯ᠎ᠠ᠂ ᠪᠠᠭᠰᠢ ᠶᠢ ᠬᠦᠨᠳᠦᠯᠡᠵᠦ ᠶᠣᠰᠣ ᠶᠢ ᠬᠦᠨᠳᠦᠳᠬᠡᠬᠦ ᠪᠣᠯ ᠳᠤᠮᠳᠠᠳᠤ ᠶᠢᠨ | ᠦᠨᠳᠦᠰᠦᠲᠡᠨ ᠤ ᠦᠶ᠎ᠡ ᠶᠢᠨ ᠦᠶ᠎ᠡ ᠳᠤ ᠤᠯᠠᠮᠵᠢᠯᠠᠭᠳᠠᠵᠤ ᠢᠷᠡᠭᠰᠡᠨ ᠡᠷᠬᠢᠮ ᠰᠤᠷᠲᠠᠯ ᠮᠥᠨ᠃ ᠶᠡᠷᠦᠩᠬᠡᠶ ᠱᠦᠵᠢ | ᠰᠢ ᠶᠢᠨ ᠫᠢᠩ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠨ | ᠲᠣᠭᠤᠷᠢᠨ ᠦᠵᠡᠵᠦ᠂ ᠪᠠᠭᠰᠢ ᠶᠢᠨ ᠬᠦᠰᠡᠯ ᠡᠷᠡᠮᠡᠯᠵᠡᠯ ᠢ ᠰᠣᠨᠣᠰᠴᠤ᠂ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢᠨ ᠦᠵᠡᠯᠲᠡ ᠭᠦᠨᠵᠡᠭᠡᠶ ᠴᠢᠪᠬᠠᠳᠠᠵᠤ᠂ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ | ᠴᠢᠬᠤᠯᠠ ᠪᠠᠢᠷᠢᠨ ᠳᠤ ᠲᠠᠯᠪᠢᠪᠠ᠃ | ︽ᠥᠨᠥᠳᠥᠷ ᠤᠨ ᠰᠤᠷᠤᠭᠴᠢᠳ ᠪᠣᠯ ᠢᠷᠡᠭᠡᠳᠦᠢ ᠳᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠪᠣᠯᠤᠨ᠎ᠠ᠂ ᠥᠷᠭᠡᠨ ᠣᠯᠠᠨ ᠪᠠᠭᠰᠢ ᠨᠠᠷ ᠪᠣᠯ | ᠳᠠᠷᠤᠶ ᠡᠨᠡ ᠬᠦ ᠳᠤᠮᠳᠠᠳᠤ ᠶᠢᠨ ᠦᠨᠳᠦᠰᠦᠲᠡᠨ ᠤ ︿ᠬᠦᠰᠡᠯ ᠵᠡᠭᠦᠳᠦ ᠶᠢᠨ ᠠᠩᠭᠢ﹀ ᠶᠢ ᠴᠣᠭᠴᠠᠯᠠᠬᠤ ᠬᠦᠰᠡᠯ | ᠵᠡᠭᠦᠳᠦ ᠪᠠᠨ ᠲᠡᠷᠭᠡᠯᠰᠢᠭᠦᠯᠦᠭᠴᠢ ᠭᠤᠣᠯ ᠬᠦᠴᠤᠨ ᠪᠣᠯᠤᠨ᠎ᠠ᠃︾ ᠭᠡᠵᠡᠶ᠃ ᠪᠠᠰᠠ ᠨᠢᠭᠡ ᠵᠢᠯ ᠤᠨ ᠪᠠᠭᠰᠢ ᠶᠢᠨ | ᠪᠠᠶᠠᠷ ᠤᠨ ᠡᠳᠦᠷ ᠪᠣᠯᠤᠨ᠎ᠠ᠂ ᠪᠢᠳᠠ ᠬᠠᠮᠲᠤ ᠪᠠᠷ ᠰᠢ ᠶᠢᠨ ᠫᠢᠩ ᠤᠨ ᠪᠠᠭᠰᠢ ᠪᠠᠨ ᠬᠦᠨᠳᠦᠯᠡᠵᠦ᠂ ᠪᠠᠭᠰᠢ ᠶᠢᠨ | ᠬᠠᠮᠲᠤᠯᠢᠭ ᠢ ᠳᠤᠯᠠᠭᠠᠴᠠᠭᠤᠯᠬᠤ ᠬᠠᠶᠢᠷ᠎ᠠ ᠰᠡᠳᠬᠢᠯᠭᠡ ᠶᠢ ᠳᠠᠬᠢᠨ ᠳᠤᠷᠠᠰᠬᠠᠶ᠎ᠠ᠃ | ᠬᠦᠨᠳᠦᠳᠬᠡᠬᠦ᠄ ᠶᠣᠰᠣ ᠶᠢ ᠤᠯᠠᠮᠵᠢᠯᠠᠵᠤ ᠡᠷᠳᠡᠮ ᠵᠢᠭᠠᠵᠤ ᠡᠷᠡᠭᠡᠯᠵᠡᠯ ᠢ ᠠᠷᠢᠯᠭᠠᠭᠰᠠᠨ ᠠᠴᠢ ᠭᠠᠪᠢᠶ᠎ᠠ ᠶᠢ | ᠳᠤᠷᠠᠰᠤᠨ ᠰᠠᠨᠠᠭᠠᠯᠵᠠᠵᠤ᠂ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠤᠷᠲᠠᠯ ᠢ | ᠪᠠᠳᠠᠷᠠᠭᠤᠯᠤᠨ᠎ᠠ | 1965 ᠤᠨ ᠠᠯᠲᠠᠨ ᠨᠠᠮᠤᠷ᠂ 12 ᠨᠠᠰᠤᠲᠠᠶ ᠰᠢ ᠶᠢᠨ ᠫᠢᠩ ᠪᠡᠭᠡᠵᠢᠩ ᠬᠤᠲᠠ ᠶᠢᠨ ᠪᠠᠢ | ᠰᠤᠷᠭᠠᠭᠤᠯᠢ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠪᠠ᠃ | ᠲᠤᠬᠠᠶ ᠶᠢᠨ ᠣᠶᠢᠶ᠎ᠠ ᠳᠤ᠂ ᠬᠡᠯᠡ ᠪᠢᠴᠢᠭ ᠤᠨ ᠪᠠᠭᠰᠢ ᠪᠠᠶᠢᠭᠰᠠᠨ ᠴᠧᠨ ᠴᠢᠦ ᠶᠢᠩ ᠦᠷᠭᠦᠯᠵᠢ ᠬᠢᠴᠢᠶᠡᠯ | ᠳᠡᠭᠡᠷ᠎ᠡ ᠳ᠋ᠦ᠋ ᠹᠦ᠋ ᠶᠢᠨ ᠰᠢᠯᠦᠭ ᠢ ᠵᠢᠭᠠᠵᠤ ᠪᠠᠶᠢᠪᠠ᠂ ︽ᠲᠡᠷᠡᠬᠦ ᠲᠩᠷᠢ ᠭᠠᠵᠠᠷ ᠢ ᠤᠶᠠᠷᠠᠭᠤᠯᠤᠮ᠎ᠠ᠂ ᠠᠷᠠᠳᠴᠢ | ᠴᠢᠨᠠᠷ ᠢᠶᠠᠷ ᠪᠢᠯᠬᠠᠮ᠎ᠠ᠂ ᠣᠷᠴᠢᠯᠠᠩ ᠳᠡᠯᠡᠬᠡᠶ ᠶᠢ ᠠᠮᠤᠷᠵᠢᠭᠤᠯᠤᠭᠰᠠᠨ ᠰᠢᠯᠦᠭ︾᠃ | ᠬᠢᠴᠢᠶᠡᠯ ᠪᠠᠭᠤᠭᠰᠠᠨ ᠤ ᠳᠠᠷᠠᠭ᠎ᠠ᠂ ᠰᠢ ᠶᠢᠨ ᠫᠢᠩ ᠰᠠᠨᠠᠭᠠᠴᠢᠯᠠᠭ᠎ᠠ ᠠᠴᠠ ᠪᠠᠨ ᠴᠧᠨ ᠴᠢᠦ ᠶᠢᠩ ᠲᠠᠢ | ᠶᠠᠷᠢᠯᠴᠠᠵᠤ᠂ ᠳ᠋ᠦ᠋ ᠹᠦ᠋ ᠡᠨᠡ ᠬᠦ ᠲᠣᠮᠣ ᠰᠢᠯᠦᠭᠴᠢᠨ ᠢ ᠮᠠᠰᠢ ᠲᠣᠭᠤᠵᠤ ᠪᠠᠶᠢᠬᠤ ᠪᠠᠨ ᠢᠯᠡᠳᠬᠡᠵᠦ᠂ ᠲᠡᠭᠦᠨ ᠤ | ᠪᠦᠲᠦᠭᠡᠯ ᠢ ᠢᠯᠡᠭᠦᠬᠡᠨ ᠤᠩᠰᠢᠬᠤ ᠶᠢ ᠬᠦᠰᠡᠪᠡ᠃ | ᠴᠢᠷᠮᠠᠶᠢᠨ ᠰᠤᠷᠤᠯᠴᠠᠵᠤ ᠢᠯᠡᠭᠦᠬᠡᠨ ᠰᠡᠳᠬᠢᠨ ᠪᠣᠳᠣᠯᠬᠢᠯᠠᠵᠤ᠂ ᠯᠠᠪᠳᠠᠭᠤᠨ ᠲᠣᠭᠲᠠᠭᠤᠨ ᠥᠷᠥᠰᠢᠶᠡᠯ | ᠵᠢᠷᠤᠮ ᠢ ᠡᠷᠬᠢᠮᠯᠡᠬᠦ ᠪᠣᠯ ᠴᠧᠨ ᠴᠢᠦ ᠶᠢᠩ ᠶᠢᠨ ᠪᠠᠭᠠᠴᠤᠳ ᠰᠢ ᠶᠢᠨ ᠫᠢᠩ ᠳᠤ ᠥᠭᠭᠦᠭᠰᠡᠨ ᠰᠠᠭᠤᠭᠳᠠᠯ ᠪᠣᠯᠤᠨ᠎ᠠ᠃ | | ᠰᠤᠷᠤᠯᠭ᠎ᠠ ᠲᠡᠭᠦᠰᠦᠭᠡᠳ ᠨᠢᠭᠡᠨᠲᠡ ᠲᠠᠪᠢᠨ ᠵᠢᠯ ᠪᠣᠯᠤᠭᠰᠠᠨ ᠪᠣᠯᠪᠠᠴᠤ ᠴᠠᠭ ᠬᠤᠭᠤᠴᠠᠭ᠎ᠠ ᠨᠢ ᠪᠠᠭᠰᠢ | ᠰᠤᠷᠤᠭᠴᠢᠳ ᠤᠨ ᠬᠤᠭᠤᠷᠣᠨᠳᠣᠬᠢ ᠬᠠᠷᠢᠯᠴᠠᠭ᠎ᠠ ᠬᠤᠯᠪᠣᠭ᠎ᠠ ᠲᠠᠰᠤᠷᠠᠭᠰᠠᠨ ᠦᠭᠡᠢ᠃ ᠰᠢ ᠶᠢᠨ ᠫᠢᠩ ᠭᠠᠳᠠᠨ᠎ᠠ | ᠣᠷᠣᠨ ᠳᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ᠂ ᠪᠡᠭᠡᠵᠢᠩ ᠳᠤ ᠬᠤᠷᠠᠯ ᠬᠢᠬᠦ ᠪᠣᠯᠭᠠᠨ᠂ ᠲᠡᠷᠡ ᠶᠡᠷᠦ ᠨᠢ | ᠴᠠᠭ ᠭᠠᠷᠭᠠᠵᠤ ᠬᠢᠴᠢᠶᠡᠯ ᠵᠢᠭᠠᠭᠰᠠᠨ ᠪᠠᠭᠰᠢ ᠳᠠᠭᠠᠨ ᠪᠠᠷᠠᠳᠠᠳᠠᠭ᠃ ᠴᠧᠨ ᠴᠢᠦ ᠶᠢᠩ ᠤᠶᠢᠷ᠎ᠠ ᠳᠤ ᠬᠡᠪᠯᠡᠭᠳᠡᠭᠰᠡᠨ | ᠬᠡᠤᠬᠡᠳ ᠤᠨ ᠳᠣᠮᠤᠭ ᠤᠨ ᠲᠡᠭᠦᠪᠦᠷᠢ ᠪᠠᠨ ᠰᠢ ᠶᠢᠨ ᠫᠢᠩ ᠳᠤ ᠬᠦᠷᠭᠡᠬᠦ ᠦᠶ᠎ᠡ ᠳᠤ᠂ ᠹᠦᠵᠢᠶᠠᠨ ᠮᠤᠵᠢ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠮᠤᠵᠢ ᠶᠢᠨ ᠣᠷᠣᠯᠠᠭᠴᠢ ᠳᠠᠷᠤᠭ᠎ᠠ ᠶᠢᠨ ᠲᠡᠷᠡ ᠶᠠᠭᠠᠷᠠᠤ ᠰᠠᠨᠳᠤᠷᠤᠤ ᠪᠠᠷ | ᠬᠠᠷᠢᠭᠤ ᠵᠠᠬᠢᠳᠠᠯ ᠢᠯᠡᠭᠡᠪᠡ᠄ | ︽ᠲᠠᠨ ᠤ ᠪᠡᠯᠡᠭᠯᠡᠭᠰᠡᠨ ᠬᠡᠤᠬᠡᠳ ᠤᠨ ᠤᠳᠬ᠎ᠠ ᠵᠣᠬᠢᠶᠠᠯ ᠤᠨ ᠪᠦᠲᠦᠭᠡᠯ ᠳᠤ ᠲᠦᠢᠯ ᠢᠶᠠᠷ ᠲᠠᠯᠠᠷᠬᠠᠵᠤ | ᠪᠠᠶᠢᠬᠤ ᠪᠥᠭᠡᠳ ᠪᠠᠭᠰᠢ ᠪᠠᠨ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠮᠥᠨ ᠯᠡ ᠰᠢᠷᠭᠠᠭᠤ ᠬᠠᠲᠠᠭᠤᠵᠢᠯᠲᠠᠢ | ᠠᠵᠢᠯᠠᠯᠵᠤ ᠵᠣᠭᠰᠣᠬᠤ ᠦᠭᠡᠢ ᠲᠤ ᠶᠡᠬᠡᠳᠡ ᠪᠢᠰᠢᠷᠡᠵᠦ ᠪᠠᠶᠢᠨ᠎ᠠ᠃ | ︽ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠬᠦᠨᠳᠦᠳᠬᠡᠬᠦ ᠪᠣᠯ ᠳᠤᠮᠳᠠᠳᠤ ᠶᠢᠨ ᠦᠨᠳᠦᠰᠦᠲᠡᠨ ᠤ | ᠤᠯᠠᠮᠵᠢᠯᠠᠯᠲᠤ ᠰᠠᠶᠢᠬᠠᠨ ᠰᠤᠷᠲᠠᠯ ᠮᠥᠨ᠂ ᠶᠠᠭ ᠮᠠᠤ ᠲᠡᠷᠢᠭᠦᠯᠡᠭᠴᠢ ᠶᠢᠨ ᠰᠢᠤᠢ ᠲᠧ ᠯᠢ ᠨᠠᠰᠤᠲᠠᠨ ᠳᠤ | ᠬᠡᠯᠡᠭᠰᠡᠨᠴᠢᠯᠡᠨ᠄ ᠲᠠ ᠥᠩᠭᠡᠷᠡᠭᠡᠭᠰᠡᠨ ᠳᠤ ᠮᠢᠨᠦ ᠪᠠᠭᠰᠢ ᠪᠠᠶᠢᠭᠰᠠᠨ᠂ ᠣᠳᠣ ᠮᠥᠨ ᠯᠡ ᠮᠢᠨᠦ ᠪᠠᠭᠰᠢ᠂ | ᠢᠷᠡᠭᠡᠳᠦᠢ ᠳᠤ ᠮᠢᠨᠦ ᠪᠠᠭᠰᠢ ᠪᠣᠯᠤᠨ᠎ᠠ᠃ ᠪᠠᠭᠰᠢ ᠶᠢᠨ ᠠᠴᠢ ᠶᠢ ᠪᠢ ᠬᠡᠵᠢᠶᠡᠳᠡ ᠮᠠᠷᠲᠠᠬᠤ ᠦᠭᠡᠢ | ᠡᠳᠦᠷ ᠰᠠᠷ᠎ᠠ ᠶᠢᠨ ᠡᠷᠭᠢᠯᠲᠡ᠂ ᠡᠷᠳᠡᠮ ᠵᠢᠭᠠᠭᠰᠠᠨ ᠠᠴᠢ ᠶᠢ ᠮᠠᠷᠲᠠᠭᠳᠠᠰᠢ ᠥᠬᠡᠶ︔ ᠥᠴᠦᠬᠡᠨ ᠲᠡᠳᠦᠶ | ᠰᠡᠳᠬᠢᠯ᠂ ᠪᠠᠭᠰᠢ ᠰᠤᠷᠤᠭᠴᠢᠳ ᠤᠨ ᠨᠥᠬᠦᠷᠯᠡᠯ ᠤᠯᠠᠮ ᠭᠦᠨ ᠵᠤᠵᠠᠭᠠᠨ ᠪᠣᠯᠪᠠ᠃ | 2014 ᠤᠨ ᠤ 6 ᠰᠠᠷ᠎ᠠ ᠶᠢᠨ 1 ᠤ ᠬᠡᠤᠬᠡᠳ ᠤᠨ ᠪᠠᠶᠠᠷ ᠲᠤ᠂ ᠰᠢ ᠶᠢᠨ ᠫᠢᠩ ᠬᠠᠶᠢᠳᠢᠶᠠᠨ ᠤ | ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢᠳ ᠲᠠᠢ ᠶᠠᠷᠢᠯᠴᠠᠬᠤ ᠬᠤᠷᠠᠯ | ᠳᠡᠭᠡᠷ᠎ᠡ ᠴᠧᠨ ᠴᠢᠦ ᠶᠢᠩ ᠲᠠᠢ ᠳᠠᠬᠢᠨᠲᠠ ᠶᠠᠷᠢᠯᠴᠠᠪᠠ᠃ ᠲᠤᠬᠠᠶ ᠶᠢᠨ ᠵᠢᠯ ᠤᠨ ᠪᠠᠶᠠᠷ ᠢᠶᠠᠨ ᠡᠷᠭᠢᠴᠡᠭᠦᠯᠬᠦᠶ᠎ᠡ᠂ | ᠰᠢ ᠶᠢᠨ ᠫᠢᠩ᠄ ︽ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠤ ᠦᠶ᠎ᠡ ᠳᠤ᠂ ᠲᠠ | ᠪᠢᠳᠡᠨ ᠳᠤ ᠬᠡᠯᠡ ᠪᠢᠴᠢᠭ ᠵᠢᠭᠠᠵᠤ᠂ ᠬᠢᠴᠢᠶᠡᠯ ᠢ ᠮᠠᠰᠢ ᠰᠠᠶᠢᠨ ᠲᠠᠶᠢᠯᠪᠤᠷᠢᠯᠠᠵᠤ ᠪᠠᠶᠢᠭᠰᠠᠨ ᠢ ᠪᠢ ᠴᠡᠭᠡᠵᠢᠯᠡᠵᠦ | ᠪᠠᠶᠢᠨ᠎ᠠ᠃︾ ᠦᠨᠡᠨᠴᠢ ᠰᠡᠳᠬᠢᠯ ᠨᠢ ᠦᠭᠡ ᠪᠠᠷ ᠢᠯᠡᠳᠬᠡᠬᠦ ᠠᠴᠠ ᠥᠭᠡᠷ᠎ᠡ ᠠᠷᠭ᠎ᠠ ᠥᠬᠡᠶ᠃ | ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠵᠤ᠂ ᠰᠢ ᠶᠢᠨ ᠫᠢᠩ ᠪᠡᠶ᠎ᠡ ᠪᠠᠷ ᠢᠶᠠᠨ ᠬᠡᠪ | ᠳᠠᠭᠤᠷᠢᠶᠠᠯ ᠪᠣᠯᠪᠠ᠃ ᠲᠡᠭᠦᠨ ᠤ ᠰᠡᠳᠬᠢᠯ ᠳᠤ᠂ ︽ᠥᠨᠢᠳᠡ ᠶᠢᠨ ᠶᠡᠭᠡ ᠪᠣᠳᠣᠯᠭ᠎ᠠ ᠪᠣᠯ ᠰᠤᠷᠭᠠᠨ ᠬᠥᠮᠦᠵᠢᠯ ᠢᠶᠠᠷ | ᠦᠨᠳᠦᠰᠦ ᠪᠣᠯᠭᠠᠨ᠎ᠠ᠃ ᠪᠠᠭᠰᠢ ᠪᠣᠯ ᠰᠤᠷᠭᠠᠨ ᠬᠥᠮᠦᠵᠢᠯ ᠢ ᠪᠠᠶᠢᠭᠤᠯᠬᠤ ᠶᠢᠨ ᠦᠨᠳᠦᠰᠦ᠂ ᠰᠤᠷᠭᠠᠨ ᠬᠥᠮᠦᠵᠢᠯ ᠢ | ᠬᠦᠭᠵᠢᠭᠦᠯᠬᠦ ᠡᠬᠢ ᠰᠤᠷᠪᠤᠯᠵᠢ᠂ ᠬᠡᠤᠬᠡᠳ ᠨᠢᠭᠡᠪᠦᠷᠢ ᠵᠢᠡᠷᠡᠭᠦᠯ ᠢᠶᠠᠷ ᠥᠰᠬᠡᠨ ᠪᠤᠶᠢᠵᠢᠭᠤᠯᠬᠤ᠂ ᠰᠤᠷᠭᠠᠨ | ᠬᠥᠮᠦᠵᠢᠯ ᠢ ᠰᠠᠶᠢᠲᠤᠷ ᠡᠷᠬᠢᠯᠡᠬᠦ ᠬᠦᠨᠳᠦ ᠡᠭᠦᠷᠭᠡ ᠶᠢ ᠡᠭᠦᠷᠭᠡᠯᠡᠵᠦ ᠪᠠᠶᠢᠳᠠᠭ ᠃ | ᠵᠢᠯ ᠪᠦᠷᠢ ᠶᠢᠨ ᠪᠠᠭᠰᠢ ᠶᠢᠨ ᠪᠠᠶᠠᠷ ᠤᠨ ᠡᠮᠦᠨᠡᠬᠤᠶᠢᠨᠠ᠂ ᠰᠢ ᠶᠢᠨ ᠫᠢᠩ ᠶᠠᠷᠤᠩᠬᠡᠢ ᠱᠦᠵᠢ ᠦᠷᠭᠦᠯᠵᠢ | ᠰᠤᠷᠭᠠᠭᠤᠯᠢ ᠶᠢ ᠪᠠᠶᠢᠴᠠᠭᠠᠨ ᠦᠵᠡᠬᠦ᠂ ᠪᠠᠭᠰᠢ ᠶᠢ ᠡᠷᠭᠢᠨ ᠦᠵᠡᠬᠦ ᠪᠤᠶᠤ ᠵᠠᠬᠢᠳᠠᠯ ᠢᠯᠡᠭᠡᠬᠦ ᠵᠡᠷᠭᠡ ᠣᠯᠠᠨ | ᠵᠤᠶᠢᠯ ᠤᠨ ᠠᠷᠭ᠎ᠠ ᠬᠡᠯᠪᠡᠷᠢ ᠪᠠᠷ ᠥᠷᠭᠡᠨ ᠣᠯᠠᠨ ᠪᠠᠭᠰᠢ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ | ᠳᠡᠪᠰᠢᠭᠦᠯᠳᠡᠭ᠃ | — 2013 ᠤᠨ ᠤ 9 ᠰᠠᠷ᠎ᠠ ᠶᠢᠨ 9 ᠤ ᠡᠳᠦᠷ᠂ ᠪᠠᠷᠠᠭᠤᠨᠠᠽᠢᠶᠠ ᠳᠤ ᠲᠥᠷᠦ ᠶᠢᠨ ᠶᠠᠪᠤᠳᠠᠯ ᠤᠨ | ᠠᠢᠯᠴᠢᠯᠠᠯᠲᠠ ᠬᠢᠵᠦ ᠪᠠᠶᠢᠭ᠎ᠠ ᠰᠢ ᠶᠢᠨ ᠫᠢᠩ ᠶᠠᠭᠠᠷᠠᠤ ᠰᠠᠨᠳᠤᠷᠤᠤ ᠪᠦᠬᠦ ᠤᠯᠤᠰ ᠤᠨ ᠥᠷᠭᠡᠨ ᠣᠯᠠᠨ ᠪᠠᠭᠰᠢ | ᠨᠠᠷ ᠲᠤ ᠵᠠᠬᠢᠳᠠᠯ ᠢᠯᠡᠭᠡᠵᠦ ᠲᠣᠬᠤᠨᠢᠭᠤᠯᠪᠠ᠃ ᠲᠡᠷᠡ ᠬᠡᠯᠡᠬᠦ ᠳᠡᠭᠡᠨ᠄ ︽ᠪᠦᠬᠦ ᠨᠡᠶᠢᠭᠡᠮ ᠢᠶᠠᠷ ᠢᠶᠠᠨ ᠪᠠᠭᠰᠢ ᠶᠢ | ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠬᠡᠪ ᠰᠤᠷᠲᠠᠯ ᠢ ᠶᠡᠬᠡᠪᠡᠷ ᠪᠠᠳᠠᠷᠠᠭᠤᠯᠵᠤ᠂ | ᠪᠠᠭᠰᠢ ᠨᠠᠷ ᠢ ᠬᠠᠮᠤᠭ ᠠᠴᠠ ᠢᠯᠡᠭᠦᠤ ᠨᠡᠶᠢᠭᠡᠮ ᠤᠨ ᠬᠦᠨᠳᠦᠳᠬᠡᠯ ᠢ ᠣᠯᠬᠤ ᠲᠤᠬᠠᠶᠢᠯᠠᠭᠰᠠᠨ ᠠᠵᠢᠯ ᠪᠣᠯᠭᠠᠬᠤ | ᠬᠡᠷᠡᠭᠲᠡᠶ | — 2016 ᠤᠨ ᠤ 9 ᠰᠠᠷ᠎ᠠ ᠶᠢᠨ 9 ᠤ ᠡᠳᠦᠷ᠂ ᠰᠢ ᠶᠢᠨ ᠫᠢᠩ ᠪᠡᠭᠡᠵᠢᠩ ᠬᠤᠲᠠ ᠵᠢᠨᠪᠠᠢ | ᠰᠤᠷᠭᠠᠭᠤᠯᠢ ᠳᠤ ᠢᠷᠡᠵᠦ ᠪᠠᠭᠰᠢ ᠰᠤᠷᠤᠭᠴᠢᠳ ᠢ ᠪᠣᠯᠭᠤᠭᠠᠨ ᠲᠣᠬᠤᠨᠢᠭᠤᠯᠵᠤ᠂ ᠥᠩᠭᠡᠷᠡᠭᠡᠭᠰᠡᠨ ᠤ ᠪᠠᠭᠰᠢ | ᠨᠠᠷ ᠲᠠᠢ ᠳᠠᠬᠢᠨᠲᠠ ᠠᠭᠤᠯᠵᠠᠪᠠ᠂ ᠰᠢ ᠶᠢᠨ ᠫᠢᠩ ᠰᠡᠳᠬᠢᠯ ᠬᠥᠳᠡᠯᠦᠨ᠂ ᠪᠠᠭᠰᠢ ᠨᠠᠷ ᠤᠨ ᠴᠤᠭ ᠵᠢᠪᠬᠤᠯᠠᠩ | ᠪᠠᠶᠢᠬᠤ ᠶᠢ ᠬᠠᠷᠠᠭᠠᠳ ᠪᠢ ᠮᠠᠰᠢ ᠪᠠᠶᠠᠷᠯᠠᠵᠤ ᠪᠠᠶᠢᠨ᠎ᠠ᠃ ᠲᠤᠬᠠᠶ ᠶᠢᠨ ᠵᠢᠯ ᠪᠠᠭᠰᠢ ᠪᠢᠳᠡᠨ ᠳᠤ ᠮᠠᠰᠢ ᠴᠢᠩᠭ᠎ᠠ | ᠱᠠᠭᠠᠷᠳᠠᠯᠭ᠎ᠠ ᠲᠠᠯᠪᠢᠵᠤ ᠪᠠᠶᠢᠵᠠᠶ᠂ ᠤᠳᠤ ᠡᠷᠭᠢᠴᠡᠭᠦᠯᠵᠦ ᠦᠵᠡᠪᠡᠯ᠂ ᠨᠠᠰᠤᠨ ᠲᠤᠷᠰᠢ ᠠᠰᠢᠭ ᠬᠦᠷᠲᠡᠭᠰᠡᠨ ᠪᠠᠶᠢᠨ᠎ᠠ | ᠃ | — 2019 ᠤᠨ ᠤ 9 ᠰᠠᠷ᠎ᠠ ᠶᠢᠨ 5 ᠤ ᠡᠳᠦᠷ᠂ ᠰᠢ ᠶᠢᠨ ᠫᠢᠩ ᠪᠦᠬᠦ ᠤᠯᠤᠰ ᠤᠨ ᠬᠥᠳᠡᠭᠡ ᠠᠵᠤ | ᠠᠬᠤᠶ ᠳᠤ ᠬᠤᠯᠪᠣᠭᠳᠠᠬᠤ ᠳᠡᠭᠡᠳᠤ ᠰᠤᠷᠭᠠᠭᠤᠯᠢ ᠶᠢᠨ ᠱᠦᠵᠢ ᠵᠠᠬᠢᠷᠤᠯ ᠪᠣᠯᠤᠨ ᠲᠤᠰᠬᠠᠶ ᠮᠡᠷᠭᠡᠵᠢᠯᠲᠡᠨ ᠤ | ᠲᠥᠯᠥᠭᠡᠯᠡᠭᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡ ︽ᠦᠷᠭᠦᠯᠵᠢᠯᠡᠨ ᠶᠤᠰᠤ ᠰᠤᠷᠲᠠᠬᠤᠨ ᠲᠤᠭᠲᠠᠭᠠᠬᠤ | ᠪᠠ ᠬᠦᠮᠤᠨ ᠬᠦᠮᠤᠵᠢᠭᠦᠯᠬᠦ ᠪᠠᠷ ᠦᠨᠳᠦᠰᠦ ᠪᠣᠯᠭᠠᠵᠤ᠂ ᠬᠥᠳᠡᠭᠡ ᠠᠵᠤ ᠠᠬᠤᠶ ᠶᠢ ᠬᠦᠴᠦᠷᠬᠡᠭᠵᠢᠭᠦᠯᠬᠦ ᠪᠠᠷ | ᠥᠪᠡᠷ ᠤᠨ ᠡᠭᠦᠷᠭᠡ ᠪᠠᠨ ᠪᠣᠯᠭᠠᠵᠤ᠂ ᠨᠠᠩᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠭᠠᠷᠭᠠᠵᠤ᠂ ᠬᠥᠳᠡᠭᠡᠠᠵᠤ ᠠᠬᠤᠶ ᠶᠢ ᠬᠠᠶᠢᠷᠠᠯᠠᠬᠤ ᠰᠢᠨ᠎ᠡ ᠬᠡᠯᠪᠡᠷᠢ ᠶᠢᠨ ᠴᠢᠳᠠᠪᠤᠷᠢᠲᠠᠨ ᠢ ᠨᠠᠩ ᠣᠯᠠᠨ | ᠬᠥᠮᠦᠵᠢᠭᠦᠯᠦᠨ᠎ᠡ᠃ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ᠂ | ᠤᠯᠤᠰ ᠤᠨᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠦᠢ ᠲᠦᠮᠡᠨ ᠲᠠᠷᠢᠶᠠᠴᠢᠨ ᠤ ᠠᠮᠢᠳᠤᠷᠠᠯ ᠤᠨ | ᠲᠦᠪᠰᠢᠨ ᠪᠣᠯᠤᠨ ᠦᠵᠡᠯ ᠰᠠᠨᠠᠭ᠎ᠠ ᠶᠤᠰᠦ ᠮᠤᠷᠠᠯ ᠶᠢ ᠳᠡᠭᠡᠭᠰᠢᠯᠡᠭᠦᠯᠬᠦ᠂ ᠠᠭᠤᠯᠠ ᠤᠰᠤ ᠣᠢ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨᠰᠢᠰᠲ᠋ᠧᠮ ᠲᠠᠢᠵᠠᠰᠠᠯᠲᠠ ᠶᠢ ᠠᠬᠢᠭᠤᠯᠬᠤ ᠶᠢᠨ ᠲᠥᠯᠥᠭᠡ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠲᠠᠰᠤᠷᠠᠯᠲᠠ ᠦᠭᠡᠢ ᠨᠠᠩ ᠶᠡᠭᠡ | ᠰᠢᠨᠡᠬᠤᠪᠢ ᠨᠡᠮᠡᠷᠢ ᠦᠵᠡᠭᠦᠯᠵᠡᠶ᠃ | ︽ᠪᠦᠬᠦ ᠨᠠᠮ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ | ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠵᠤ᠂ ᠪᠠᠭᠰᠢ ᠨᠠᠷ ᠤᠨ ᠤᠯᠤᠰ ᠲᠥᠷᠦ ᠶᠢᠨ ᠪᠠᠶᠢᠷᠢ ᠰᠠᠭᠤᠷᠢ᠂ | ᠨᠡᠶᠢᠭᠡᠮ ᠤᠨ ᠪᠠᠶᠢᠷᠢ ᠰᠠᠭᠤᠷᠢ᠂ ᠲᠤᠬᠠᠶᠢᠯᠠᠭᠰᠠᠨ ᠠᠵᠢᠯ ᠶᠢᠨ ᠪᠠᠶᠢᠷᠢ ᠰᠠᠭᠤᠷᠢ ᠶᠢ ᠴᠢᠷᠮᠠᠶᠢᠨ ᠳᠡᠭᠡᠭᠰᠢᠯᠡᠭᠦᠯᠵᠦ᠂ | ᠥᠷᠭᠡᠨ ᠣᠯᠠᠨ ᠪᠠᠭᠰᠢ ᠨᠠᠷ ᠲᠤ ᠪᠠᠶᠢᠪᠠᠰᠤ ᠵᠣᠬᠢᠬᠤ ᠨᠡᠶᠢᠭᠡᠮ ᠤᠨ ᠨᠡᠷ᠎ᠡ ᠬᠦᠨᠳᠦ ᠶᠢ ᠡᠳ᠋ᠯᠡᠭᠦᠯᠵᠦ᠂ ᠪᠢᠴᠢᠭ | ᠵᠢᠭᠠᠬᠤ ᠠᠵᠢᠯ ᠶᠢᠨ ᠪᠠᠶᠢᠷᠢ ᠳᠡᠭᠡᠷᠡᠨᠠᠮ ᠪᠣᠯᠤᠨ ᠠᠷᠠᠳ ᠲᠦᠮᠡᠨ ᠤ ᠤᠶᠢᠯᠡᠰ ᠲᠤ ᠨᠠᠩ ᠶᠡᠭᠡ ᠰᠢᠨ᠎ᠡ ᠬᠤᠪᠢ | ᠨᠡᠮᠡᠷᠢ ᠦᠵᠡᠭᠦᠯᠬᠦ ᠬᠡᠷᠡᠭᠲᠡᠶ᠃︾ ᠰᠢ ᠶᠢᠨ ᠫᠢᠩ ᠤᠨ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ | ᠳᠡᠭᠡᠷᠡᠬᠢ ᠡᠳᠡᠭᠡᠷ ᠦᠭᠡ ᠨᠢ ᠲᠤᠭ᠎ᠠ ᠲᠣᠮᠰᠢ ᠥᠬᠡᠶ ᠰᠤᠷᠭᠠᠨ ᠬᠥᠮᠦᠵᠢᠯ ᠤᠨ ᠠᠵᠢᠯᠲᠠᠳ ᠢ ᠶᠡᠭᠡ ᠪᠠᠷ | ᠪᠠᠶᠠᠷᠯᠠᠭᠤᠯᠵᠤ᠂ ᠶᠡᠬᠡᠳᠡ ᠵᠣᠷᠢᠭᠵᠢᠭᠤᠯᠵᠠᠶ᠃ | ᠬᠦᠰᠡᠯ ᠵᠣᠷᠢᠯᠲᠠ᠄ ᠰᠤᠷᠤᠭᠴᠢ ᠨᠠᠷ ᠤᠨ ᠵᠠᠩ ᠴᠢᠨᠠᠷ ᠢ ᠪᠣᠶ ᠪᠣᠯᠭᠠᠬᠤ ︽ᠶᠡᠭᠡ ᠪᠠᠭᠰᠢ︾ ᠪᠣᠯᠵᠤ | ᠠᠷᠠᠤᠡ ᠲᠦᠮᠡᠨ ᠤ ᠰᠡᠤᠡᠬᠢᠯ ᠬᠠᠩᠭᠠᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ᠃ | ︽ᠥᠨᠥᠳᠥᠷ ᠤᠨ ᠰᠤᠷᠤᠭᠴᠢᠳ ᠪᠣᠯ ᠢᠷᠡᠭᠡᠳᠦᠢ ᠳᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠭᠤᠣᠯ ᠬᠦᠴᠤᠨ᠂ ᠥᠷᠭᠡᠨ ᠣᠯᠠᠨ ᠪᠠᠭᠰᠢ | ᠨᠠᠷ ᠪᠣᠯ ᠳᠠᠷᠤᠶ ᠡᠨᠡ ᠬᠦ ᠳᠤᠮᠳᠠᠳᠤ ᠶᠢᠨ ᠦᠨᠳᠦᠰᠦᠲᠡᠨ ᠤ ︿ᠬᠦᠰᠡᠯ ᠵᠡᠭᠦᠳᠦ ᠶᠢᠨ ᠠᠩᠭᠢ﹀ ᠶᠢ ᠴᠣᠭᠴᠠᠯᠠᠬᠤ | ᠬᠦᠰᠡᠯ ᠵᠡᠭᠦᠳᠦ ᠪᠠᠨ ᠲᠡᠷᠭᠡᠯᠰᠢᠭᠦᠯᠦᠭᠴᠢ ᠪᠣᠯᠤᠨ᠎ᠠ᠃ | ᠰᠢ ᠶᠢᠨ ᠫᠢᠩ ᠪᠠᠭᠰᠢ ᠨᠠᠷ ᠲᠤ ᠬᠦᠨᠳᠦᠳᠬᠡᠯ ᠤᠨ ᠰᠡᠳᠬᠢᠯᠭᠡ ᠪᠢᠯᠬᠠᠮ᠎ᠠ ᠪᠥᠭᠡᠳ ᠨᠠᠩ ᠴᠤ ᠡᠷᠬᠢᠮ | ᠨᠠᠨᠳᠢᠨ ᠬᠦᠰᠡᠯ ᠡᠷᠡᠮᠡᠯᠵᠡᠯ ᠡᠪᠦᠷᠯᠡᠵᠡᠶ᠃ | ᠰᠢ ᠶᠢᠨ ᠫᠢᠩ ᠥᠪᠡᠷ ᠤᠨ ᠰᠡᠳᠬᠢᠯ ᠳᠣᠲᠣᠷᠠᠬᠢ ᠰᠠᠶᠢᠨ ᠪᠠᠭᠰᠢ ᠪᠠᠨ ᠢᠩᠭᠢᠵᠦ ᠳᠦᠷᠰᠦᠯᠡᠵᠦ | ᠥᠩᠭᠡᠷᠡᠭᠰᠡᠨ ᠪᠢᠯᠡ᠄ ᠪᠠᠭᠰᠢ ᠪᠣᠯᠬᠤ ᠳᠤ ᠡᠷᠬᠡᠪᠰᠢ ᠰᠡᠳᠬᠢᠯ ᠰᠠᠨᠠᠭ᠎ᠠ ᠠᠯᠭᠠᠰᠠᠬᠤ ᠦᠭᠡᠢ ᠪᠠᠶᠢᠵᠤ᠂ ᠭᠤᠷᠪᠠᠨ | ᠲᠣᠬᠤᠢ ᠬᠢᠴᠢᠶᠡᠯ ᠤᠨ ᠲᠠᠪᠴᠠᠩ ᠢ ᠳᠤᠷᠠᠲᠠᠶ᠎ᠠ ᠰᠠᠬᠢᠵᠤ᠂ ︽ᠬᠠᠪᠤᠷ ᠬᠦᠷᠢ ᠦᠬᠦᠬᠦ ᠰᠢᠬᠠᠪᠠᠰᠤ ᠰᠢᠷᠬᠡᠭ ᠨᠢ | ᠳᠠᠭᠤᠰᠴᠤ᠂ ᠯᠠ ᠨᠢ ᠦᠨᠡᠰᠦᠨ ᠲᠣᠪᠷᠠᠭ ᠪᠣᠯᠵᠤ ᠨᠢᠯᠪᠤᠰᠤ ᠠᠰᠬᠠᠷᠠᠮᠤᠶ︾᠃ ︽ᠪᠠᠭᠰᠢ ᠵᠥᠪᠬᠡᠨᠨᠣᠮ | ᠪᠢᠴᠢᠭ ᠤᠨ ᠮᠡᠳᠡᠯᠭᠡ ᠶᠢ ᠤᠯᠠᠮᠵᠢᠯᠠᠳᠠᠭ ᠪᠠᠭᠰᠢ ᠪᠣᠯᠵᠤ ᠪᠣᠯᠬᠤ ᠥᠬᠡᠶ᠂ ᠰᠤᠷᠤᠭᠴᠢᠳ ᠤᠨ ᠵᠠᠩ ᠰᠤᠷᠲᠠᠯ ᠂ ᠵᠠᠩ | ᠴᠢᠨᠠᠷ᠂ ᠡᠷᠬᠢᠮᠰᠦᠭ ᠶᠢ ᠪᠦᠲᠦᠭᠡᠳᠡᠭ ︿ᠶᠡᠭᠡ ᠪᠠᠭᠰᠢ﹀ ᠪᠣᠯᠬᠤ ᠬᠡᠷᠡᠭᠲᠡᠶ | ᠪᠠᠭᠰᠢ ᠪᠣᠯᠤᠭᠰᠠᠳ ᠬᠦᠨᠳᠦ ᠡᠭᠦᠷᠭᠡ ᠶᠢ ᠵᠣᠷᠢᠭᠲᠠᠶ ᠡᠭᠦᠷᠭᠡᠯᠡᠪᠡᠯ ᠵᠣᠬᠢᠨ᠎ᠠ — | 2013 ᠣᠨ ᠳᠤ᠂ ᠪᠦᠬᠦ ᠤᠯᠤᠰ ᠤᠨ ᠥᠷᠭᠡᠨ ᠣᠯᠠᠨ ᠪᠠᠭᠰᠢ ᠨᠠᠷ ᠲᠤ ᠥᠭᠭᠦᠭᠰᠡᠨ ᠵᠠᠬᠢᠳᠠᠯ ᠤᠨ | ᠳᠣᠲᠣᠷᠠᠰᠢ ᠶᠢᠨ ᠫᠢᠩ᠂ ︽ᠪᠠᠭᠰᠢ ᠪᠣᠯ ᠰᠤᠷᠭᠠᠨ ᠬᠥᠮᠦᠵᠢᠯ ᠢ ᠪᠠᠶᠢᠭᠤᠯᠬᠤ ᠶᠢᠨ ᠦᠨᠳᠦᠰᠦ᠂ ᠰᠤᠷᠭᠠᠨ | ᠬᠥᠮᠦᠵᠢᠯ ᠢ ᠬᠥᠭᠵᠢᠭᠦᠯᠵᠦ ᠡᠬᠢ ᠪᠤᠯᠠᠭ᠂ ᠬᠡᠤᠬᠡᠳ ᠨᠢᠭᠡᠪᠦᠷᠢ ᠶᠢ ᠡᠷᠡᠭᠦᠯ ᠢᠶᠠᠷ ᠥᠰᠬᠡᠨ ᠪᠤᠶᠢᠵᠢᠭᠤᠯᠵᠤ᠂ | ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠦᠨᠳᠦ ᠡᠭᠦᠷᠭᠡᠶᠢ ᠡᠭᠦᠷᠭᠡᠯᠡᠵᠦ ᠪᠠᠶᠢᠨ᠎ᠠ᠃ | ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠭᠠᠪᠰᠢᠭᠠᠶᠢᠯᠠᠭᠴᠢ᠂ ᠰᠤᠷᠭᠠᠨ ᠬᠥᠮᠦᠵᠢᠯ ᠢᠶᠠᠷ ᠶᠠᠳᠠᠭᠤ ᠶᠢ | ᠲᠡᠳᠬᠦᠬᠦ ᠶᠢᠨ ᠬᠤᠰᠢᠭᠤᠴᠢ᠂ ᠰᠤᠷᠤᠭᠴᠢᠳ ᠤᠨ ᠦᠰᠦᠨ ᠪᠤᠶᠢᠵᠢᠯᠲᠠ ᠶᠢᠨ ᠳᠠᠭᠠᠭᠤᠯᠤᠭᠴᠢ ᠪᠣᠯᠬᠤ ᠪᠠᠷ | ᠴᠢᠷᠮᠠᠶᠢᠬᠤ ᠪᠣᠯ ᠪᠠᠭᠰᠢ ᠶᠢᠨ ᠴᠢᠬᠤᠯᠠ ᠶᠡᠭᠡ ᠬᠠᠷᠢᠭᠤᠴᠠᠯᠭ᠎ᠠ ᠮᠥᠨ᠃ | ᠣᠳᠣᠬᠠᠨ ᠳᠤ᠂ ᠮᠠᠨ ᠤ ᠤᠯᠤᠰ ᠤᠨ ᠰᠤᠷᠭᠠᠨ ᠬᠥᠮᠦᠵᠢᠯ ᠳᠤ ᠮᠥᠨ ᠯᠡ ᠬᠥᠭᠵᠢᠯᠲᠡ ᠲᠡᠩᠴᠡᠭᠦᠷᠢ ᠦᠭᠡᠢ | ᠭᠦᠢᠴᠠᠤᠡ ᠦᠭᠡᠢ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠂ ᠪᠠᠷᠠᠭᠤᠨ ᠬᠡᠰᠡᠭ ᠤᠨ ᠭᠠᠵᠠᠷ ᠣᠷᠣᠨ᠂ ᠬᠥᠳᠡᠭᠡ | ᠲᠣᠰᠬᠤᠨ ᠤ ᠭᠠᠵᠠᠷ ᠣᠷᠣᠨ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠭᠡᠨ ᠲᠣᠭᠠᠲᠤ | ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠶ ᠠᠷᠠᠯ ᠵᠡᠷᠭᠡ ᠭᠠᠵᠠᠷ | ᠣᠷᠣᠨ ᠳᠤ ᠲᠡᠳᠬᠦᠨ ᠳᠡᠮᠵᠢᠬᠦ ᠡᠷᠴᠢᠮ ᠢᠶᠠᠨ ᠣᠨᠴᠠᠭᠠᠶᠢᠯᠠᠨ ᠴᠢᠩᠭᠠᠷᠠᠭᠤᠯᠬᠤ ᠴᠢᠬᠤᠯᠠᠲᠠᠶ ᠪᠠᠶᠢᠨ᠎ᠠ᠃ | ︽ᠤᠯᠤᠰ ᠤᠨ ᠬᠥᠭᠵᠢᠯᠲᠡ ᠪᠣᠯ ᠯᠠᠪᠲᠠᠶ ᠬᠠᠮᠲᠤ ᠪᠠᠷ ᠬᠦᠭᠵᠢᠬᠦ ᠶᠤᠮ᠂ ᠶᠠᠮᠠᠷᠪᠠ ᠭᠠᠵᠠᠷ ᠣᠷᠣᠨ᠂ | ᠶᠠᠮᠠᠷᠪᠠᠬᠡᠤᠬᠡᠳ ᠢ ᠡᠩᠨᠡᠭᠡᠡᠴᠠ ᠬᠤᠴᠣᠷᠤᠭᠤᠯᠵᠤ ᠪᠣᠯᠬᠤ ᠥᠬᠡᠶ᠃︾ ᠰᠢ ᠶᠢᠨ ᠫᠢᠩ ᠤᠨ ᠬᠡᠯᠡᠭᠰᠡᠨ ᠦᠭᠡ ᠨᠢ | ᠰᠤᠷᠭᠠᠨᠬᠥ᠋ᠮᠦᠵᠢᠯ ᠤᠨ ᠳᠤᠲᠠᠭᠤᠳᠠᠯ ᠢ ᠨᠥᠬᠦᠪᠥᠷᠢᠯᠡᠬᠦ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠤᠯᠠᠮ ᠠᠴᠠ | ᠤᠯᠠᠮ ᠣᠯᠠᠨ ᠵᠠᠯᠠᠭᠤ ᠰᠤᠷᠤᠭᠴᠢᠳ ᠤᠯᠤᠰ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ | ᠰᠤᠷᠭᠠᠨᠬᠥ᠋ᠮᠦᠵᠢᠯ ᠬᠠᠮᠤᠭ ᠤᠨ ᠬᠤᠴᠣᠷᠤᠩᠭᠤᠶ᠂ ᠡᠬᠡᠤᠯᠤᠰ ᠤᠨᠬᠠᠮᠤᠭ ᠤᠨ ᠬᠡᠷᠡᠭᠴᠡᠭᠡᠲ᠋ᠠᠢ ᠭᠠᠵᠠᠷ ᠲᠤ | ᠣᠷᠣᠯᠴᠠᠵᠤ ᠪᠠᠶᠢᠨ᠎ᠠ᠃ | 2000 ᠣᠨ ᠠᠴᠠ 2013 ᠤᠨ ᠪᠣᠯᠲᠠᠯ᠎ᠠ᠂ ᠪᠤᠤᠳᠢᠩ ᠳᠡᠭᠡᠳᠤ ᠰᠤᠷᠭᠠᠭᠤᠯᠢ ᠶᠢᠨ ᠵᠠᠭᠤ ᠰᠢᠬᠠᠮ ᠲᠡᠭᠦᠰᠬᠦ | ᠰᠤᠷᠤᠭᠴᠢᠳ ᠰᠠᠶᠢᠨ ᠳᠤᠷ᠎ᠠ ᠠᠴᠠ ᠪᠠᠨ ᠴᠠᠰᠤᠲᠤ ᠥᠨᠳᠦᠷᠯᠢᠭ ᠲᠤ ᠬᠦᠷᠴᠦ᠂ ᠪᠠᠷᠠᠭᠤᠨ ᠬᠡᠰᠡᠭ ᠤᠨ ᠬᠢᠯᠢ | ᠬᠢᠵᠠᠭᠠᠷ ᠲᠤ ᠪᠢᠴᠢᠭ ᠵᠢᠭᠠᠵᠤ᠂ ᠵᠠᠯᠠᠭᠤ ᠨᠠᠰᠤ ᠪᠣᠯᠤᠨ ᠬᠦᠰᠡᠯ ᠵᠡᠭᠦᠳᠦ ᠪᠠᠨ ᠪᠠᠷᠠᠭᠤᠨ ᠬᠡᠰᠡᠭᠤᠨ ᠭᠠᠵᠠᠷ | ᠣᠷᠣᠨ ᠳᠤ ᠲᠠᠯᠪᠢᠪᠠ᠃ | ᠰᠢ ᠶᠢᠨ ᠫᠢᠩ ᠲᠡᠳᠡᠨ ᠤ ᠭᠠᠷᠭᠠᠭᠰᠠᠨ ᠬᠤᠪᠢ ᠨᠡᠮᠡᠷᠢ ᠶᠢ ᠨᠤᠲᠠᠯᠠᠵᠤ᠂ ︽ᠣᠯᠠᠨ ᠵᠢᠯ ᠤᠨ ᠲᠤᠷᠰᠢ᠂ | ᠪᠦᠯᠦᠭ ᠪᠦᠯᠦᠭᠬᠦ᠋ᠰᠡᠯᠡᠩ ᠲᠠᠢ᠂ ᠬᠠᠷᠢᠭᠤᠴᠠᠯᠭ᠎ᠠ ᠲᠠᠢ ᠵᠠᠯᠠᠭᠤᠴᠤᠳ ᠲᠠᠨᠠᠷ ᠲᠠᠢ ᠠᠳᠠᠯᠢ ᠪᠠᠷ ᠪᠠᠷᠠᠭᠤᠨ | ᠬᠡᠰᠡᠭ ᠤᠨ ᠭᠠᠵᠠᠷ ᠣᠷᠣᠨ ᠳᠤ ᠠᠵᠢᠯᠯᠠᠵᠤ ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ | ᠲᠤᠬᠠᠶ ᠶᠢᠨ ᠭᠠᠵᠠᠷ ᠤᠨᠠᠵᠤ ᠠᠬᠤᠶ ᠨᠡᠶᠢᠭᠡᠮ ᠤᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠳᠤ | ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | ᠪᠠᠭᠰᠢ ᠪᠣᠯᠤᠭᠰᠠᠳ ᠳᠤᠷᠠᠲᠠᠶ᠎ᠠ ᠱᠠᠲᠤ ᠪᠣᠯᠬᠤ ᠬᠡᠷᠡᠭᠲᠡᠶ — | 2014 ᠣᠨ ᠳᠤ᠂ ᠪᠡᠭᠡᠵᠢᠩᠶᠡᠭᠡ ᠰᠤᠷᠭᠠᠭᠤᠯᠢ ᠳᠤ᠂ ᠰᠢ ᠶᠢᠨ ᠫᠢᠩ ︽ᠵᠠᠮ ᠳᠡᠪᠢᠰᠬᠦ ᠴᠢᠯᠠᠭᠤ︾ ᠪᠠᠷ | ᠪᠠᠭᠰᠢ ᠶᠢ ᠲᠦᠷᠰᠤᠯᠡᠵᠤ᠂ ︽ᠪᠠᠭᠰᠢ ᠪᠣᠯᠤᠭᠰᠠᠳ ᠴᠠᠭ ᠢᠮᠠᠭᠲᠠ ᠪᠢᠴᠢᠭᠵᠢᠭᠠᠵᠤ ᠬᠦᠮᠤᠨ ᠬᠦᠮᠤᠵᠢᠭᠦᠯᠬᠦ ᠡᠭᠦᠷᠭᠡ | ᠬᠠᠷᠢᠭᠤᠴᠠᠯᠭ᠎ᠠ ᠪᠠᠨ ᠴᠡᠭᠡᠵᠢᠯᠡᠵᠤ᠂ ᠳᠤᠷᠠᠲᠠᠶ᠎ᠠ ᠬᠥᠮᠦᠨ ᠤ ᠱᠠᠲᠤ ᠪᠣᠯᠵᠤ᠂ ᠳᠤᠷᠠᠲᠠᠶ᠎ᠠ ᠵᠠᠮ ᠳᠡᠪᠢᠰᠬᠦ ᠴᠢᠯᠠᠭᠤ | ᠪᠣᠯᠵᠤ᠂ ᠬᠥᠮᠦᠨ ᠴᠢᠨᠠᠷ ᠤᠨ ᠲᠠᠲᠠᠬᠤ ᠬᠦᠴᠦᠨ ᠢᠶᠠᠷ ᠰᠤᠷᠤᠭᠴᠢᠳ ᠤᠨ ᠣᠶᠤᠨ ᠤᠬᠠᠭᠠᠨ ᠢ ᠬᠥᠲᠥᠯᠥᠨ | ᠵᠢᠯᠣᠭᠤᠳᠴᠤ᠂ ᠡᠷᠳᠡᠮ ᠰᠢᠨᠵᠢᠯᠡᠭᠡᠨ ᠤ ᠪᠦᠲᠦᠮᠵᠢ ᠪᠠᠷ ᠰᠤᠷᠤᠭᠴᠢᠳ ᠤᠨ ᠣᠶᠤᠨ ᠪᠢᠯᠢᠭ ᠤᠨ ᠡᠭᠦᠳᠡ ᠶᠢ | ᠨᠡᠭᠡᠭᠡᠬᠦ ᠬᠡᠷᠡᠭᠲᠡᠶ᠃ | ᠪᠢᠴᠢᠭ ᠵᠢᠭᠠᠬᠤ᠂ ᠳᠤᠷᠠᠲᠠᠶ᠎ᠠ ᠬᠥᠮᠦᠨ ᠤ ᠱᠠᠲᠤ ᠪᠣᠯᠬᠤ ᠪᠣᠯ ᠪᠠᠭᠰᠢ ᠶᠢᠨ ᠡᠭᠦᠷᠭᠡ ᠮᠥᠨ᠂ ᠪᠠᠰᠠ ᠴᠤ | ᠪᠠᠭᠰᠢ ᠶᠢᠨ ᠵᠠᠩ ᠰᠤᠷᠳᠠᠯ ᠮᠥᠨ᠃ ᠳᠡᠭᠡᠷ᠎ᠡ ᠵᠠᠭᠤᠨ ᠤ ᠲᠠᠪᠢᠭᠠᠳᠤᠨ ᠤ ᠦᠶ᠎ᠡ ᠳᠤ᠂ ᠤᠯᠤᠰ ᠤᠨ ᠠᠵᠤ | ᠤᠶᠢᠯᠡᠤᠡᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠵᠡᠷᠭᠡ ᠲᠠᠯ᠎ᠠ ᠠᠴᠠ ᠪᠣᠳᠣᠯᠬᠢᠯᠠᠵᠤ᠂ ᠵᠠᠮ | ᠬᠠᠷᠢᠯᠴᠠᠭᠠᠨ ᠤ ᠶᠡᠭᠡ ᠰᠤᠷᠭᠠᠭᠤᠯᠢ ᠶᠢ ᠱᠠᠩᠬᠠᠶ ᠠᠴᠠ ᠰᠢ ᠠᠨ ᠳᠤ ᠨᠡᠭᠦᠯᠭᠡᠵᠡᠶ᠃ ᠵᠠᠮ ᠬᠠᠷᠢᠯᠴᠠᠭᠠᠨ ᠤ ᠶᠡᠭᠡ | ᠰᠤᠷᠭᠠᠭᠤᠯᠢ ᠶᠢᠨ 1000 ᠭᠠᠷᠤᠶ ᠪᠠᠭᠰᠢ ᠰᠤᠷᠤᠭᠴᠢ ᠠᠶᠠᠨ ᠤ ᠪᠣᠭᠴᠣ ᠪᠠᠨ ᠡᠭᠦᠷᠴᠦ᠂ ᠭᠠᠷ ᠲᠠᠭᠠᠨ ︽ | ᠰᠢᠨᠵᠢᠯᠡᠬᠦ ᠤᠬᠠᠭᠠᠨ ᠵᠦᠭ ᠤᠷᠤᠭᠰᠢᠯᠠᠵᠤ᠂ ᠪᠠᠷᠠᠭᠤᠨ ᠬᠤᠶᠢᠳᠤ ᠣᠷᠣᠨ ᠢ ᠪᠦᠲᠦᠭᠡᠨ ᠪᠠᠶᠢᠭᠤᠯᠬᠤ︾ ᠤᠯᠠᠭᠠᠨ | ᠥᠩᠭᠡᠲᠡᠶ ᠲᠡᠷᠭᠡᠨ ᠳᠤ ᠰᠠᠭᠤᠬᠤ ᠦᠨᠡᠮᠯᠡᠯ ᠢ ᠠᠪᠴᠤ ᠪᠠᠷᠠᠭᠤᠨᠰᠢ ᠶᠠᠪᠤᠬᠤ ᠭᠠᠯᠲᠤ ᠲᠡᠷᠭᠡᠨ ᠳᠤ ᠭᠠᠷᠪᠠ᠃ | ᠪᠠᠷᠠᠭᠤᠨᠰᠢ ᠨᠡᠭᠦᠭᠰᠡᠨ 60 ᠭᠠᠷᠤᠶ ᠵᠢᠯ ᠳᠤ᠂ ᠰᠢᠠᠨᠵᠠᠮ ᠬᠠᠷᠢᠯᠴᠠᠭᠠᠨ ᠤ ᠶᠡᠭᠡ ᠰᠤᠷᠭᠠᠭᠤᠯᠢ ᠡᠳᠦᠭᠡ | ᠪᠣᠯᠲᠠᠯ᠎ᠠ ᠤᠯᠤᠰ ᠲᠠᠭᠠᠨ 25 ᠲᠦᠮᠡ ᠭᠠᠷᠤᠶ ᠴᠢᠳᠠᠪᠤᠷᠢᠲᠠᠨ ᠢ ᠬᠥᠮᠦᠵᠢᠭᠦᠯᠵᠦ᠂ ᠬᠤᠸᠠᠩ ᠫᠦ ᠵᠢᠶᠠᠩ ᠮᠥᠷᠡᠨ ᠤ | ᠬᠥᠪᠡᠭᠡᠡᠴᠠ ᠸᠧᠢᠢᠱᠦ᠋ᠢ ᠭᠤᠤᠯ ᠤᠨ ᠬᠥᠪᠡᠭᠡ ᠬᠦᠷᠲᠡᠯ᠎ᠡ᠂ ᠡᠨᠡ ᠪᠦᠯᠦᠭ ᠬᠥᠮᠦᠰ ᠡᠬᠡᠤᠯᠤᠰ ᠤᠨᠬᠠᠮᠤᠭ ᠤᠨ | ᠬᠡᠷᠡᠭᠴᠡᠭᠡ ᠲᠠᠢ ᠭᠠᠵᠠᠷ ᠲᠤ ᠬᠦᠷᠴᠦ ᠭᠠᠪᠢᠶ᠎ᠠ ᠪᠠᠢᠭᠤᠯᠵᠤ ᠤᠶᠢᠯᠡᠰ ᠪᠣᠰᠬᠠᠵᠤ᠂ ᠪᠠᠷᠠᠭᠤᠨ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠥᠨᠳᠦᠷᠯᠢᠭ ᠭᠠᠵᠠᠷ ᠪᠣᠯᠤᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠶᠢᠨ ᠰᠦᠷ | ᠵᠢᠪᠬᠤᠭᠠᠶᠢ ᠨᠡᠭᠡᠭᠡᠭᠰᠡᠨ ᠪᠠᠶᠢᠨ᠎ᠠ᠃ | ᠴᠠᠭ ᠦᠶ᠎ᠡ ᠥᠩᠭᠡᠷᠡᠵᠦ᠂ ᠪᠠᠷᠠᠭᠤᠨᠰᠢ ᠨᠡᠭᠦᠬᠦ ᠵᠣᠷᠢᠭ ᠰᠠᠨᠠᠭ᠎ᠠ ᠶᠠᠪᠤᠬᠤ ᠳᠣᠳᠥᠮ ᠰᠢᠨᠡᠳᠴᠦ ᠪᠠᠶᠢᠨ᠎ᠠ᠃ | 2017 ᠤᠨ ᠤ 12 ᠰᠠᠷ ᠳᠤ᠂ ᠶᠡᠷᠦᠩᠬᠡᠶ ᠱᠦᠵᠢ ᠰᠢ ᠶᠢᠨ ᠫᠢᠩ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ | ᠠᠬᠠᠮᠠᠳ ᠫᠷᠤᠹᠧᠰᠰᠤᠷ ᠤᠨ ᠨᠡᠷ᠎ᠡ ᠬᠤᠯᠪᠣᠭᠠᠯᠠᠭᠰᠠᠨ ᠵᠠᠬᠢᠳᠠᠯ ᠤᠨ ᠲᠤᠬᠠᠶ ᠴᠢᠬᠤᠯᠠ ᠵᠢᠭᠠᠪᠤᠷᠢ ᠥᠭᠴᠦ᠂ ︽ᠵᠠᠮ | ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠪᠠᠷᠠᠭᠤᠨᠰᠢ ᠨᠡᠭᠦᠬᠦ ᠵᠣᠷᠢᠭ ᠰᠠᠨᠠᠭ᠎ᠠ ᠶᠢ ᠰᠠᠶᠢᠲᠤᠷ | ᠤᠯᠠᠮᠵᠢᠯᠠᠵᠤ᠂ ᠪᠠᠷᠠᠭᠤᠨ ᠣᠷᠣᠨ ᠤ ᠬᠥᠭᠵᠢᠯᠲᠡ᠂ ᠤᠯᠤᠰ ᠤᠨ ᠪᠦᠲᠦᠭᠡᠨ ᠪᠠᠶᠢᠭᠤᠯᠤᠯᠲᠠ ᠳᠤ ᠣᠶᠤᠨ ᠤᠬᠠᠭᠠᠨ | ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ | ᠪᠠᠭᠰᠢ ᠪᠣᠯᠤᠭᠰᠠᠳ ᠪᠠᠭᠰᠢ ᠶᠢᠨ ᠰᠤᠷᠲᠠᠯ ᠢ ᠬᠦᠨᠳᠦᠳᠬᠡᠪᠡᠯ ᠵᠣᠬᠢᠨ᠎ᠠ — | 2018 ᠣᠨ ᠳᠤ᠂ ᠰᠢ ᠶᠢᠨ ᠫᠢᠩ ᠪᠠᠭᠰᠢ ᠶᠢᠨ ᠡᠩᠨᠡᠭᠡ ᠶᠢᠨ ᠬᠡᠪ ᠴᠢᠨᠠᠷ ᠢ ᠦᠨᠡᠯᠡᠬᠦ ᠨᠢᠭᠡᠳᠦᠭᠡᠷ | ᠪᠠᠷᠢᠮᠵᠢᠶ᠎ᠠ ᠪᠣᠯ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠪᠠᠶᠢᠬᠤ ᠶᠣᠰᠣᠲᠠᠶ ᠭᠡᠵᠦ ᠴᠢᠬᠤᠯᠠᠴᠢᠯᠠᠪᠠ᠃ ︽ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠪᠣᠯ ᠰᠤᠷᠭᠠᠭᠤᠯᠢ ᠪᠣᠯᠭᠠᠨ ᠴᠥᠬᠦᠷᠡᠰᠢ ᠥᠬᠡᠶ | ᠪᠠᠶᠢᠩᠭᠤ ᠠᠳᠬᠤᠬᠤ ᠠᠵᠢᠯ ᠪᠠᠶᠢᠵᠤ᠂ ᠴᠢᠩᠭ᠎ᠠ ᠳᠦᠷᠢᠮ ᠲᠣᠭᠲᠠᠭᠠᠯ ᠲᠠᠢ ᠪᠠᠶᠢᠬᠤ ᠬᠡᠷᠡᠭᠲᠡᠶ᠂ ᠪᠠᠰᠠᠡᠳᠦᠷ | ᠲᠣᠲᠤᠮ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠤᠯᠭ᠎ᠠ ᠪᠠᠶᠢᠬᠤ ᠬᠡᠷᠡᠭᠲᠡᠶ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠨᠢ | ᠪᠠᠭᠰᠢ ᠶᠢᠨ ᠬᠤᠪᠢ ᠬᠥᠮᠦᠨ ᠤ ᠳᠦᠷᠢ ᠲᠥᠷᠬᠦ ᠪᠣᠯᠤᠨ ᠰᠤᠷᠭᠠᠭᠤᠯᠢ ᠶᠢᠨ ᠨᠡᠷ᠎ᠡ ᠬᠦᠨᠳᠦ ᠶᠢᠨ ᠲᠤᠰᠬᠠᠯ | ᠪᠣᠯᠬᠤ ᠪᠠᠷ ᠪᠠᠷᠠᠬᠤ ᠦᠭᠡᠢ᠂ ᠨᠠᠩ ᠴᠤ ᠶᠡᠭᠡ ᠰᠤᠷᠭᠠᠭᠤᠯᠢ ᠶᠢᠨ ᠣᠶᠤᠲᠠᠨ ᠳᠤ ᠦᠯᠢᠭᠡᠷ ᠳᠠᠭᠤᠷᠢᠶᠠᠯ ᠦᠵᠡᠭᠦᠯᠬᠦ | ᠪᠣᠯᠤᠨ᠎ᠠ᠃ | ︽ᠲᠥᠪᠡᠳ ᠤᠨ ᠠᠮᠢ ᠠᠬᠤᠢ ᠶᠢᠨ ᠤᠬᠠᠭᠠᠨ ᠤ ᠤᠷᠭᠤᠮᠠᠯ ᠰᠤᠳᠤᠯᠤᠯ ᠤᠨ ᠬᠤᠭᠤᠰᠣᠨ ᠢ ᠨᠥᠬᠦᠪᠥᠷᠢᠯᠡᠵᠦ᠂ | ᠡᠷᠳᠡᠮ ᠰᠢᠨᠵᠢᠯᠡᠭᠡᠨ ᠤ ᠡᠩᠨᠡᠭᠡ ᠶᠢ ᠳᠠᠭᠠᠭᠤᠯᠤᠨ ᠭᠠᠷᠭᠠᠨ᠎ᠠ︾᠂ ᠡᠨᠡ ᠪᠣᠯ ᠹᠦᠳᠠᠨ ᠶᠡᠭᠡ ᠰᠤᠷᠭᠠᠭᠤᠯᠢ ᠶᠢᠨ | ᠠᠮᠢ ᠨᠠᠰᠤᠨ ᠤ ᠰᠢᠨᠵᠢᠯᠡᠬᠦ ᠤᠬᠠᠭᠠᠨ ᠤᠲ᠋ᠡᠭᠡᠳᠦ ᠰᠤᠷᠭᠠᠭᠤᠯᠢ ᠶᠢᠨ ᠫᠷᠣᠫᠧᠰᠰᠤᠷ ᠵᠥᠩ ᠶᠠᠩ ᠤᠨ ᠢᠮᠠᠭᠲᠠ ᠶᠢᠨ | ᠬᠦᠰᠡᠯ ᠵᠡᠭᠦᠳᠦ ᠮᠥᠨ᠃ ᠤᠷᠭᠤᠮᠠᠯ ᠤᠬᠠᠭᠠᠨᠲᠠᠨ ᠪᠣᠯᠤᠭᠰᠠᠨ ᠤ ᠬᠤᠪᠢ ᠳᠤ᠂ ᠲᠡᠷᠡ ᠵᠠᠯᠭᠠᠭ᠎ᠠ ᠪᠠᠷ 16 ᠵᠢᠯ | ᠲᠥᠪᠡᠳ ᠢ ᠲᠤᠰᠠᠯᠠᠵᠤ᠂ ᠬᠡᠭᠡᠷ᠎ᠡ ᠭᠠᠳᠠᠨ᠎ᠠ ᠮᠢᠩᠭ᠎ᠠ ᠭᠠᠷᠤᠶ ᠵᠤᠶᠢᠯ ᠤᠨ ᠤᠷᠭᠤᠮᠠᠯ 4000 ᠭᠠᠷᠤᠶ ᠲᠦᠮᠡᠨ | ᠦᠷᠡᠴᠤᠭᠯᠠᠭᠤᠯᠵᠠᠶ᠃ ᠵᠢᠯᠣᠭᠤᠳᠤᠭᠴᠢ ᠪᠠᠭᠰᠢ ᠪᠣᠯᠤᠭᠰᠠᠨ ᠤ ᠬᠤᠪᠢ ᠳᠤ᠂ ᠵᠦᠩ ᠶᠠᠩ ᠴᠥᠭᠡᠨ ᠲᠣᠭᠠᠲᠤ | ᠦᠨᠳᠦᠰᠦᠲᠡᠨ ᠤ ᠰᠤᠷᠤᠭᠴᠢ ᠶᠢ ᠡᠯᠰᠡᠬᠦ ᠳᠤᠷᠠᠲᠠᠶ᠂ ᠲᠡᠷᠡ ︽ᠡᠬᠡ ᠤᠯᠤᠰ ᠤᠨ ᠦᠨᠳᠦᠰᠦᠲᠡᠨ ᠪᠣᠯᠭᠠᠨ ᠳᠤ | ᠨᠢᠭᠡᠤᠷᠭᠤᠮᠠᠯ ᠤᠬᠠᠭᠠᠨ ᠤ ᠳ᠋ᠣᠺᠲ᠋ᠣᠷ ᠬᠥᠮᠦᠵᠢᠭᠦᠯᠬᠦ ᠶᠢ ᠬᠦᠰᠡᠵᠤ ᠪᠠᠶᠢᠨ᠎ᠠ᠃ | ᠲᠡᠷᠡ ᠪᠣᠯ ᠰᠤᠷᠤᠭᠴᠢᠳ ᠲᠤ ᠮᠡᠳᠡᠷᠡᠭᠳᠡᠭᠰᠡᠨ ᠰᠠᠶᠢᠨ ᠪᠠᠭᠰᠢ᠂ ᠦᠷᠭᠦᠯᠵᠢ ︽ᠤᠶᠢᠯᠡᠰ ᠪᠣᠰᠬᠠᠬᠤ ᠳᠤ | ᠬᠥᠮᠦᠨ ᠢ ᠤᠷᠢᠳ ᠢᠶᠠᠷ ᠪᠠᠶᠢᠭᠤᠯᠵᠤ᠂ ᠬᠥᠮᠦᠨ ᠪᠣᠰᠬᠠᠬᠤ ᠳᠤ ᠰᠤᠷᠲᠠᠯ ᠢ ᠤᠷᠢᠳ ᠢᠶᠠᠷ ᠪᠠᠶᠢᠭᠤᠯᠬᠤ︾ ᠭᠡᠵᠦ | ᠰᠤᠷᠭᠠᠳᠠᠭ | ᠵᠦᠩ ᠶᠠᠩ᠂ ︽ᠶᠠᠮᠠᠷᠪᠠ ᠠᠮᠢ ᠨᠠᠰᠤᠨ ᠳᠤ ᠪᠦᠷ ᠲᠡᠭᠦᠰᠬᠦ ᠡᠳᠦᠷ ᠪᠣᠶ᠂ ᠭᠡᠪᠡᠴᠦ ᠪᠢ ᠥᠴᠦᠬᠡᠨ ᠴᠦ | ᠠᠶᠤᠬᠤ ᠦᠭᠡᠢ᠂ ᠤᠴᠢᠷ ᠨᠢ ᠮᠢᠨᠦ ᠰᠤᠷᠤᠭᠴᠢᠳ ᠰᠢᠨᠵᠢᠯᠡᠬᠦ ᠤᠬᠠᠭᠠᠨ ᠤ ᠬᠠᠶᠢᠨ ᠰᠦᠪᠡᠭᠴᠢᠯᠡᠯᠲᠡ ᠶᠢᠨ | ᠵᠠᠮ ᠢᠶᠠᠨ ᠦᠷᠭᠦᠯᠵᠢᠯᠡᠭᠦᠯᠬᠦ ᠪᠣᠯᠤᠨ᠎ᠠ᠃︾ ᠲᠡᠭᠦᠨ ᠢ ᠶᠠᠪᠤᠭᠰᠠᠨ ᠤ ᠳᠠᠷᠠᠭ᠎ᠠ᠂ ᠲᠡᠭᠦᠨ ᠤ ᠰᠤᠷᠤᠭᠴᠢᠳ ᠮᠥᠨ | ᠯᠡ ᠴᠠᠰᠤᠲᠤ ᠥᠨᠳᠦᠷᠯᠢᠭ ᠲᠤ ᠲᠡᠭᠦᠨ ᠤ ᠬᠢᠵᠦ ᠳᠠᠭᠤᠰᠤᠭᠠᠳᠤᠶ ᠤᠶᠢᠯᠡᠰ ᠢᠶᠠᠨ ᠪᠠᠷᠢᠮᠲᠠᠯᠠᠭᠰᠠᠭᠠᠷ ᠪᠠᠶᠢᠪᠠ᠃ | ᠬᠤᠸᠠᠩ ᠳ᠋ᠠ ᠨᠢᠶᠠᠨ᠂ ᠯᠢ ᠪᠦᠦ ᠭᠦᠸᠧ᠂ ᠨᠠᠨ ᠷᠧᠨ ᠳ᠋ᠦᠩ᠂ ᠵᠦᠩ ᠶᠠᠩ ᠁ ᠰᠢᠨ᠎ᠡ ᠴᠠᠭ | ᠦᠶ᠎ᠡ ᠶᠢᠨ ᠰᠢᠯᠢᠳᠡᠭ ᠰᠡᠬᠡᠭᠡᠲᠡᠳ ᠤᠨ ᠡᠬᠡ ᠣᠷᠣᠨᠴᠢ ᠰᠡᠳᠬᠢᠯᠭᠡ ᠨᠢ ᠶᠡᠷᠦᠩᠬᠡᠶ ᠱᠦᠵᠢ ᠶᠢᠨ ᠭᠦᠢᠴᠠᠤᠡ | ᠨᠤᠲᠠᠯᠠᠯᠲᠠ ᠶᠢ ᠣᠯᠪᠠ᠃ ᠲᠡᠷᠡ ᠰᠢᠨ᠎ᠡ ᠠᠶᠠᠨ ᠵᠠᠮ᠂ ᠰᠢᠨ᠎ᠡ ᠡᠭᠦᠷᠭᠡ ᠶᠢᠨ ᠡᠮᠦᠨ᠎ᠡ ᠰᠡᠬᠡᠭᠡᠲᠡᠳ ᠤᠨ ᠳᠤᠮᠳᠠ | ᠡᠨᠡ ᠬᠦ ᠤᠯᠠᠮᠵᠢᠯᠠᠯ ᠢ ᠪᠠᠳᠠᠷᠠᠭᠤᠯᠵᠤ᠂ ᠡᠨᠡ ᠬᠦ ᠰᠡᠳᠬᠢᠯᠭᠡ ᠶᠢ ᠬᠥᠭᠵᠢᠭᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠥᠨᠢᠳᠡ ᠶᠢᠨ ᠶᠡᠭᠡ ᠪᠣᠳᠣᠯᠭ᠎ᠠ ᠪᠣᠯ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠨ᠎ᠠ︔ ᠤᠯᠤᠰ ᠢᠶᠠᠨ | ᠬᠦᠴᠦᠷᠬᠡᠭᠵᠢᠭᠦᠯᠵᠦ ᠠᠷᠠᠳ ᠢᠶᠠᠨ ᠪᠠᠶᠠᠵᠢᠭᠤᠯᠬᠤ ᠳᠤ ᠤᠷᠢᠳᠠᠪᠡᠷ ᠬᠦᠮᠤᠨ ᠢ ᠬᠦᠮᠤᠵᠢᠭᠦᠯᠤᠨᠡ᠃ ᠡᠨᠡ ᠪᠣᠯ | ᠪᠠᠭᠰᠢ᠂ ᠰᠤᠷᠭᠠᠨ ᠬᠥᠮᠦᠵᠢᠯ ᠤᠨ ᠲᠤᠬᠠᠶ ᠨᠠᠩ ᠥᠨᠳᠥᠷ ᠦᠨᠡᠯᠡᠯᠲᠡ ᠮᠥᠨ᠂ ᠪᠠᠰᠠ ᠴᠤ ᠪᠦᠬᠦ ᠨᠠᠮ ᠪᠦᠬᠦ | ᠨᠡᠶᠢᠭᠡᠮ ᠳᠤ ᠲᠠᠯᠪᠢᠬᠤ ᠨᠠᠩ ᠥᠨᠳᠥᠷ ᠱᠠᠭᠠᠷᠳᠠᠯᠭ᠎ᠠ ᠮᠥᠨ᠃ ᠶᠠᠭ ᠳᠤᠮᠳᠠᠳᠤ ᠤᠯᠤᠰ ᠤᠨᠰᠤᠷᠭᠠᠨ | ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠪᠠᠭᠰᠢ ᠶᠢᠨ ᠬᠥᠭᠵᠢᠯᠲᠡ ᠶᠢᠨ | ᠰᠤᠳᠤᠯᠭᠠᠨ ᠤ ᠭᠠᠵᠠᠷ ᠤᠨ ᠳᠡᠳ᠋ ᠰᠤᠳᠤᠯᠤᠭᠴᠢ ᠭᠤᠤ ᠬᠤᠢ ᠪᠢᠨ ᠤ ᠬᠡᠯᠡᠭᠰᠡᠨᠴᠢᠯᠡᠨ᠂ ᠡᠨᠡ ᠪᠣᠯ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠭᠰᠢ ᠶᠢᠨ ᠡᠩᠨᠡᠭᠡ ᠶᠢ ᠪᠠᠶᠢᠭᠤᠯᠬᠤ ᠦᠵᠡᠯ ᠰᠠᠨᠠᠭᠠᠨ ᠤ | ᠵᠢᠯᠣᠭᠤᠳᠣᠯᠭ᠎ᠠ ᠮᠥᠨ᠂ ᠰᠢᠨ᠎ᠡ ᠣᠷᠣᠨ ᠪᠠᠶᠢᠷᠢ᠂ ᠰᠢᠨ᠎ᠡ ᠠᠶᠠᠨ ᠵᠠᠮ᠂ ᠰᠢᠨ᠎ᠡ ᠡᠭᠦᠷᠭᠡ ᠬᠠᠷᠢᠭᠤᠴᠠᠯᠭ᠎ᠠ ᠳᠣᠤᠷ᠎ᠠ | ᠪᠠᠭᠰᠢ ᠶᠢᠨ ᠡᠩᠨᠡᠭᠡ ᠶᠢ ᠪᠠᠶᠢᠭᠤᠯᠬᠤ ᠶᠠᠪᠤᠳᠠᠯ ᠮᠥᠨ᠃ ᠰᠢᠨ᠎ᠡ ᠴᠠᠭ ᠦᠶ᠎ᠡ ᠳᠤ᠂ ᠨᠠᠩ ᠴᠤ ᠠᠷᠠᠳ ᠤᠨ | ᠪᠠᠭᠰᠢ ᠶᠢᠨ ᠴᠠᠭ ᠦᠶ᠎ᠡ ᠶᠢᠨ ᠬᠦᠨᠳᠦ ᠡᠭᠦᠷᠭᠡᠶᠢ ᠡᠭᠦᠷᠭᠡᠯᠡᠬᠦ ᠬᠡᠷᠡᠭᠲᠡᠶ᠃ | ᠬᠠᠯᠠᠮᠵᠢᠯᠠᠯ᠄ ᠤᠯᠤᠰ ᠢᠶᠠᠨ ᠮᠠᠨᠳᠤᠭᠤᠯᠬᠤ ᠳᠤ ᠡᠷᠬᠡᠪᠰᠢ ᠤᠷᠢᠳᠠᠪᠠᠷ ᠪᠠᠭᠰᠢ ᠶᠢ ᠬᠦᠴᠦᠷᠬᠡᠭᠵᠢᠭᠦᠯᠦᠨ | ᠪᠠᠭᠰᠢ ᠨᠠᠷ ᠢ ᠬᠥᠮᠦᠰ ᠤᠨ ᠪᠠᠭ᠋ᠠᠷᠬᠠᠯ ᠢ ᠲᠠᠲᠠᠬᠤ ᠠᠵᠢᠯ ᠪᠣᠯᠭᠠᠬᠤ ᠬᠡᠷᠡᠭᠲᠡᠶ | ᠰᠤᠷᠭᠠᠨ ᠬᠥᠮᠦᠵᠢᠯ ᠤᠨ ᠤᠶᠢᠯᠡᠰ ᠢ ᠬᠥᠭᠵᠢᠭᠦᠯᠬᠦ ᠪᠣᠯ ᠪᠠᠭᠰᠢ ᠶᠢᠨ ᠢᠷᠠᠭᠤ ᠠᠯᠳᠠᠷᠲᠤ ᠡᠭᠦᠷᠭᠡ ᠮᠥᠨ᠂ | ᠡᠭᠦᠨ ᠢ ᠴᠦ ᠤᠯᠤᠰ ᠡᠴᠠᠲ᠊ ᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠶ᠃ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠮᠠᠰᠢ ᠣᠯᠠᠨ ᠲᠥᠷᠦ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠲᠣᠭᠲᠠᠭᠠᠨ ᠨᠡᠶᠢᠲᠡᠯᠡᠵᠦ᠂ ᠪᠠᠭᠰᠢ ᠶᠢᠨ ᠬᠠᠮᠲᠤᠯᠢᠭ ᠤᠨ ᠬᠠᠯᠠᠮᠵᠢᠯᠠᠯ ᠢ ᠪᠣᠳᠠᠲᠠᠶ ᠳᠤ | ᠨᠠᠶᠢᠳᠠᠪᠤᠷᠢᠵᠢᠭᠤᠯᠪᠠ᠃ | 2018 ᠣᠨ ᠳᠤ ᠲᠥᠪ ᠬᠤᠷᠢᠶ᠎ᠠ ᠠᠴᠠ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠳᠤ ᠲᠤᠰᠬᠠᠶᠢᠯᠠᠨ | ᠬᠠᠨᠳᠤᠭᠤᠯᠤᠭᠰᠠᠨ ᠵᠠᠭᠠᠭ ᠲᠡᠮᠳᠡᠭ ᠮᠠᠶ᠋ᠢᠭ ᠤᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ︽ᠰᠢᠨ᠎ᠡ ᠴᠠᠭ | ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ | ᠰᠠᠨᠠᠯ︾ ᠢ ᠨᠡᠶᠢᠲᠡᠯᠡᠵᠦ᠂ ᠡᠯ᠎ᠡ ᠭᠠᠵᠠᠷ ᠤᠨ ᠬᠢᠨ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠳᠠᠭᠠᠵᠤ᠂ | ᠣᠳᠣᠬᠠᠨ ᠤ ᠰᠢᠢᠤᠡᠪᠤᠷᠢᠯᠡᠬᠦ ᠴᠢᠬᠤᠯᠠᠲᠠᠶ ᠲᠣᠪᠦ᠋ᠮᠠᠠᠰᠠᠭᠤᠳᠠᠯ ᠢ ᠬᠡᠷᠬᠢᠨ ᠰᠢᠢᠤᠡᠪᠤᠷᠢᠯᠡᠬᠦ᠂ ᠥᠨᠳᠥᠷ ᠬᠡᠪ ᠴᠢᠨᠠᠷ | ᠪᠦᠬᠦᠢ ᠪᠠᠭᠰᠢ ᠶᠢᠨ ᠡᠩᠨᠡᠭᠡ ᠶᠢ ᠬᠥᠮᠦᠵᠢᠭᠦᠯᠬᠦ ᠵᠡᠷᠭᠡ ᠳᠤ ᠴᠢᠭᠯᠡᠭᠦᠯᠦᠨᠵᠢᠷᠤᠭ ᠲᠥᠯᠥᠪᠯᠡᠭᠡ ᠪᠠ ᠲᠣᠳᠣᠷᠬᠠᠶ | ᠱᠠᠭᠠᠷᠳᠠᠯᠭ᠎ᠠ ᠭᠠᠷᠭᠠᠵᠠᠶ᠃ ᠪᠠᠭᠰᠢ ᠶᠢᠨ ᠮᠣᠷᠠᠯ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ | ᠪᠦᠲᠦᠴᠡ ᠨᠢ ᠵᠦᠶ ᠵᠣᠬᠢᠰᠲᠠᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠥᠨᠳᠥᠷ ᠬᠡᠪ ᠴᠢᠨᠠᠷ ᠪᠦᠬᠦᠢ | ᠲᠤᠰᠬᠠᠶᠢᠵᠢᠭᠰᠠᠨ ᠰᠢᠨ᠎ᠡ ᠶᠢ ᠡᠭᠦᠳᠬᠦ ᠮᠠᠶ᠋ᠢᠭ ᠤᠨ ᠪᠠᠭᠰᠢ ᠶᠢᠨ ᠡᠩᠨᠡᠭᠡ ᠶᠢ ᠠᠯᠬᠤᠮ ᠠᠯᠬᠤᠮ ᠢᠶᠠᠷ ᠪᠠᠶᠢᠭᠤᠯᠵᠤ | ᠪᠠᠶᠢᠨ᠎ᠠ᠃ | ᠰᠠᠶᠢᠨ ᠪᠠᠭᠰᠢ ᠪᠣᠯ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠨᠢᠭᠡ ᠦᠨᠳᠦᠰᠦᠲᠡᠨ ᠲᠠᠰᠤᠷᠠᠯᠲᠠ | ᠦᠭᠡᠢ ᠰᠠᠶᠢᠨ ᠪᠠᠭᠰᠢ ᠲᠠᠢ᠂ ᠡᠨᠡ ᠪᠣᠯ ᠦᠨᠳᠦᠰᠦᠲᠡᠨ ᠤ ᠬᠥᠭᠵᠢᠯᠲᠡ ᠶᠢᠨ ᠦᠨᠳᠦᠰᠦᠨ ᠲᠦᠰᠢᠭ᠂ | ᠢᠷᠡᠭᠡᠳᠦᠶ ᠶᠢᠨ ᠲᠦᠰᠢᠭ ᠮᠥᠨ᠃ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠭᠰᠢ ᠶᠢᠨ ᠡᠩᠨᠡᠭᠡ ᠶᠢ ᠪᠠᠶᠢᠭᠤᠯᠵᠤ᠂ | ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠳᠤ ᠡᠬᠢ ᠡᠭᠦᠰᠦᠯ ᠲᠠᠢ ᠣᠶᠤᠨ ᠤ ᠳᠡᠮᠵᠢᠯᠭᠡ ᠬᠠᠩᠭᠠᠨ᠎ᠠ᠃ | ᠪᠠᠭᠰᠢ ᠶᠢᠨ ᠠᠴᠢ ᠶᠢ ᠮᠠᠷᠲᠠᠭᠳᠠᠰᠢ ᠦᠭᠡᠢ᠃ ᠬᠠᠯᠠᠮᠵᠢ᠂ ᠡᠷᠬᠢᠮ ᠳᠡᠭᠡᠳᠦ ᠶᠣᠰᠣ ᠰᠤᠷᠲᠠᠬᠤᠨ ᠢ | ᠡᠷᠬᠢᠮᠯᠡᠳᠡᠭ ᠦᠨᠳᠦᠰᠦᠲᠡᠨ ᠪᠣᠯ ᠶᠡᠷᠦ ᠨᠢ ᠡᠷᠬᠢᠮ ᠳᠡᠭᠡᠳᠦ ᠪᠠᠶᠢᠷᠢ ᠪᠠᠨ ᠪᠠᠭᠰᠢ ᠳᠠᠭᠠᠨ ᠦᠯᠡᠳᠡᠭᠡᠵᠦ ᠥᠭᠳᠡᠭ᠃ | ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠪᠠᠯ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠶᠠᠨ ᠵᠠᠮ ᠨᠠᠩ ᠶᠡᠭᠡ ᠬᠦᠰᠡᠯ ᠡᠷᠡᠮᠡᠯᠵᠡᠯ ᠲᠠᠢ ᠪᠣᠯᠬᠤ ᠶᠤᠮ᠃ |