ᠦᠬᠠᠶ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ | ᠣᠳᠣᠬᠢᠴᠢᠯᠠᠭᠰᠠᠨ ᠠᠵᠤ ᠤᠶᠢᠯᠡᠤᠡᠪᠤᠷᠢ ᠶᠢᠨ ᠰᠢᠨ᠎ᠡ ᠬᠤᠲᠠ ᠪᠣᠯᠤᠨ᠎ᠠ᠂ 1976 ᠣᠨ ᠳᠤ ᠬᠤᠲᠠ | ᠪᠠᠶᠢᠭᠤᠯᠤᠭᠳᠠᠵᠤ᠂ ᠶᠡᠷᠦᠩᠬᠡᠶ ᠲᠠᠯᠠᠪᠠᠢ ᠨᠢ 1754 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠠᠶᠢᠷᠤᠪ ᠤᠨ | ᠲᠣᠬᠤᠢ᠂ ᠤᠳᠠ᠂ ᠬᠠᠶᠢᠨᠠᠨ ᠵᠡᠷᠭᠡ 3 ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠢ ᠬᠠᠷᠢᠶᠠᠯᠠᠵᠤ᠂ 56 | ᠲᠦᠮᠡᠨ ᠬᠥᠮᠦᠨ ᠪᠠᠶᠢᠨ᠎ᠠ᠃ ᠦᠬᠠᠶ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ | ᠪᠠᠶᠢᠵᠤ᠂ ᠤᠯᠤᠰ ᠠᠴᠠ ᠴᠢᠬᠤᠯᠠ ᠬᠡᠤᠷᠡᠰᠦ ᠨᠡᠭᠦᠷᠡᠰᠦᠨ ᠤ ᠰᠠᠭᠤᠷᠢᠨ ᠭᠠᠵᠠᠷ ᠪᠠᠶᠢᠵᠤ᠂ ︽ᠬᠠᠷ᠎ᠠ ᠠᠯᠲᠠᠨ ᠤ | ᠲᠠᠩᠬᠢᠰ︾ ᠭᠡᠰᠡᠨᠨᠡᠷᠡ ᠠᠯᠳᠠᠷ ᠲᠠᠢ᠃ ᠬᠠᠳᠤᠨ ᠭᠤᠤᠯ ᠤᠨ ᠬᠠᠶᠢᠷᠤᠪ ᠤᠨ ᠲᠣᠬᠤᠢ ᠵᠢᠨᠤᠰᠤᠨ | ᠠᠰᠢᠭᠯᠠᠯᠲᠠ ᠵᠢᠨᠬᠦ᠋ᠢᠰᠤ ᠪᠠᠷᠢᠯᠭ᠎ᠠ ᠶᠢ ᠪᠠᠶᠢᠭᠤᠯᠤᠨ ᠪᠦᠲᠦᠭᠡᠵᠦ ᠠᠵᠢᠯᠯᠠᠭᠤᠯᠤᠭᠠᠳ᠂ ᠦᠵᠡᠰᠬᠦᠯᠡᠩᠲᠦ ᠰᠠᠶᠢᠬᠠᠨ | ᠦᠬᠠᠢ ᠨᠠᠭᠤᠷ ᠢ ᠪᠤᠢ ᠪᠣᠯᠭᠠᠵᠤ᠂ ᠦᠬᠠᠶ ᠶᠢᠨ ᠬᠥᠮᠦᠨ ᠤ ᠬᠠᠭᠠᠰ ᠢᠯᠡᠭᠦᠤ ᠵᠠᠭᠤᠨ ᠤ ᠠᠮᠤᠷ ᠲᠦᠪᠰᠢᠨ ᠤ | ᠵᠡᠭᠦᠳᠦ ᠶᠢ ᠲᠡᠷᠭᠡᠯᠰᠢᠭᠦᠯᠵᠦ᠂ ︽ᠬᠠᠳᠤᠨ ᠭᠤᠤᠯ ᠤᠨ ᠭᠡᠷᠡᠯᠲᠦ ᠰᠤᠪᠤᠳ︾ ᠢ ᠴᠣᠭᠴᠠᠯᠠᠭᠰᠠᠨ ᠪᠠᠶᠢᠨ᠎ᠠ᠃ | ᠦᠬᠠᠶ ᠪᠢᠷ ᠪᠡᠭᠡ ᠪᠠᠷ ᠠᠩᠬᠢᠯᠤᠮ᠎ᠠ ᠦᠨᠦᠷ ᠬᠠᠩᠬᠤᠯᠤᠨ᠂ ᠳᠤᠮᠳᠠᠳᠤ ᠤᠯᠤᠰ ᠤᠨ ᠤᠷᠠᠨ ᠪᠢᠴᠢᠯᠭᠡ ᠤᠨ | ᠨᠡᠶᠢᠭᠡᠮᠯᠢᠭ ᠤᠨ ᠭᠡᠰᠢᠭᠦᠨ 40 ᠬᠥᠮᠦᠨ᠂ ᠥᠪᠡᠷᠲᠡᠭᠡᠨ ᠵᠠᠰᠠᠬᠤ ᠣᠷᠣᠨ ᠤ ᠤᠷᠠᠨ ᠪᠢᠴᠢᠯᠭᠡ ᠤᠨ ᠨᠡᠶᠢᠭᠡᠮᠯᠢᠭ ᠤᠨ | ᠭᠡᠰᠢᠭᠦᠨ 145 ᠬᠥᠮᠦᠨ ᠪᠠᠶᠢᠵᠤ᠂ 10 ᠲᠦᠮᠡ ᠭᠠᠷᠤᠶ ᠬᠥᠮᠦᠨ ᠢ ᠳᠠᠰᠬᠠᠨ ᠪᠣᠯᠪᠠᠰᠤᠷᠠᠭᠤᠯᠵᠤ᠂ ᠪᠦᠬᠦ | ᠤᠯᠤᠰ ᠤᠨ ᠠᠩᠬᠠᠳᠠᠭᠴᠢ ︽ᠳᠤᠮᠳᠠᠳᠤ ᠤᠯᠤᠰ ᠤᠨ ᠤᠷᠠᠨ ᠪᠢᠴᠢᠯᠭᠡ ᠤᠨ ᠬᠤᠲᠠ︾ ᠪᠣᠯᠵᠤ᠂ ︽ᠳᠤᠮᠳᠠᠳᠤ | ᠤᠯᠤᠰ ᠤᠨ ᠬᠠᠲᠠᠭᠤ ᠪᠢᠷ ᠤᠨ ᠨᠠᠷᠠᠲᠤ ᠬᠤᠲᠠ︾ ᠶᠢᠨ ᠢᠷᠠᠭᠤ ᠠᠯᠳᠠᠷ ᠢ ᠬᠦᠷᠲᠡᠵᠦ᠂ ︽ᠤᠷᠠᠨ ᠪᠢᠴᠢᠯᠭᠡ ᠤᠨ | ᠬᠤᠲᠠ︾ ᠪᠣᠯᠪᠠ᠃ ᠦᠬᠠᠶ ᠶᠢᠨ ᠭᠠᠶᠢᠬᠠᠮᠰᠢᠭᠲᠤ ᠴᠢᠯᠠᠭᠤ ᠬᠤᠷᠠᠵᠤ᠂ ︽ᠲᠩᠷᠢ ᠶᠢᠨ ᠪᠢᠴᠢᠭ︾ ᠬᠡᠮᠡᠭᠳᠡᠭᠰᠡᠨ ︽ | ᠨᠡᠷᠡᠨ ᠰᠠᠬᠢᠭᠤᠯᠰᠤᠨ︾ ᠤ ᠬᠠᠳᠠᠨ ᠵᠢᠷᠤᠭ ᠲᠠᠢ ᠪᠠᠶᠢᠵᠤ᠂ ᠤᠷᠢᠳ ᠬᠤᠵᠢᠳ 9 ᠬᠤᠭᠤᠴᠠᠭᠠᠨ ᠤ ᠪᠦᠬᠦ ᠤᠯᠤᠰ | ᠵᠢᠴᠢ ᠣᠯᠠᠨ ᠤᠯᠤᠰ ᠤᠨ ᠴᠢᠯᠠᠭᠤᠨ ᠦᠵᠡᠰᠬᠦᠯᠡᠩ ᠢ ᠡᠷᠬᠢᠯᠡᠵᠦ᠂ ᠪᠦᠬᠦ ᠤᠯᠤᠰ ᠤᠨ ᠠᠩᠬᠠᠳᠠᠭᠴᠢ ︽ | ᠳᠤᠮᠳᠠᠳᠤ ᠤᠯᠤᠰ ᠤᠨ ᠴᠢᠯᠠᠭᠤᠨ ᠬᠤᠲᠠ︾ ᠶᠢᠨ ᠢᠷᠠᠭᠤ ᠠᠯᠳᠠᠷ ᠢ ᠬᠦᠷᠲᠡᠵᠦ᠂ ︽ᠴᠢᠯᠠᠭᠤ ᠰᠣᠨᠢᠷᠬᠠᠬᠤ | ᠬᠤᠲᠠ︾ ᠪᠣᠯᠪᠠ᠃ ᠦᠬᠠᠶ ᠶᠢᠨ ᠤᠰᠤ ᠬᠥᠷᠥᠰᠥ ᠭᠡᠷᠡᠯ ᠢᠯᠴᠢ ᠶᠢᠨ ᠡᠬᠢ ᠪᠠᠶᠠᠯᠢᠭ ᠣᠯᠠᠨ ᠠᠴᠠ ᠣᠨᠴᠠᠭᠠᠢ | ᠪᠠᠶᠢᠵᠤ᠂ ᠳᠡᠯᠡᠬᠡᠶ ᠶᠢᠨ ᠡᠯᠡᠰᠦᠨ ᠴᠦᠯ ᠤᠨ ᠦᠵᠦᠮ ᠤᠨ ᠠᠷᠢᠬᠢ ᠶᠢᠨ ᠶᠡᠭᠡ ᠤᠷᠤᠯᠳᠤᠭᠠᠨ ᠤ ᠥᠨᠢᠳᠡ ᠶᠢᠨ | ᠡᠷᠬᠢᠯᠡᠬᠦ ᠭᠠᠵᠠᠷ᠂ ᠳᠡᠯᠡᠬᠡᠶ ᠶᠢᠨ ᠡᠯᠡᠰᠦᠨ ᠴᠦᠯ ᠤᠨ ᠦᠵᠦᠮ ᠤᠨ ᠠᠷᠢᠬᠢ ᠶᠢᠨ ᠥᠨᠢᠳᠡ ᠶᠢᠨ ᠱᠠᠩᠨᠠᠯ | ᠰᠢᠯᠭᠠᠷᠠᠭᠤᠯᠬᠤ ᠭᠠᠵᠠᠷ᠂ ᠳᠡᠯᠡᠬᠡᠶ ᠶᠢᠨ ᠡᠯᠡᠰᠦᠨ ᠴᠦᠯ ᠤᠨ ᠦᠵᠦᠮ ᠤᠨᠠᠷᠢᠬᠢ ᠶᠢᠨ ᠲᠤᠩᠬᠠᠭ ᠤᠨ ᠬᠡᠷᠡᠮ ᠢ | ᠥᠨᠢᠳᠡ ᠬᠠᠳᠠᠭᠠᠯᠠᠬᠤ ᠭᠠᠵᠠᠷ ᠪᠠᠶᠢᠵᠤ᠂ ︽ᠦᠵᠦᠮ ᠤᠨ ᠨᠤᠲᠤᠭ︾ ᠪᠣᠯᠤᠨ᠎ᠠ᠃ ᠦᠬᠠᠶ ᠪᠣᠯᠤᠨ ᠤᠯᠠᠭᠠᠨᠪᠤᠬ᠎ᠠ᠂ | ᠺᠦᠪᠴᠢ ᠪᠣᠯᠤᠨ ᠲᠩᠷᠢ ᠡᠯᠡᠰᠦᠨ ᠴᠦᠯ ᠲᠠᠢᠬᠥ᠋ᠷᠰᠢ ᠵᠡᠷᠭᠡᠯᠡᠳᠡᠭᠡ ᠪᠠᠶᠢᠵᠤ᠂ ᠤᠰᠤᠨ ᠣᠷᠣᠨ ᠤ | ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 43 % ᠳᠤ ᠬᠦᠷᠴᠦ᠂ ᠪᠦᠬᠦ ᠤᠯᠤᠰ ᠤᠨ | ᠨᠣᠭᠤᠭᠠᠷᠠᠭᠤᠯᠤᠯᠲᠠ ᠶᠢᠨ ᠵᠢᠱᠢᠶᠡᠴᠢ ᠬᠤᠲᠠ᠂ ᠤᠯᠤᠰ ᠤᠨ ᠴᠡᠴᠡᠷᠯᠢᠭᠵᠢᠭᠦᠯᠦᠭᠰᠡᠨ ᠬᠤᠲᠠ ᠪᠣᠯᠤᠨ ᠪᠦᠬᠦ | ᠤᠯᠤᠰ ᠤᠨ ᠠᠩᠬᠠᠨ ᠤ ᠪᠦᠯᠦᠭ ᠤᠰᠤᠨ ᠤ ᠠᠮᠢ ᠠᠬᠤᠢ ᠶᠢᠨ ᠪᠣᠯᠪᠠᠰᠤᠨ ᠬᠤᠲᠠ ᠶᠢᠨ ᠢᠷᠠᠭᠤ ᠠᠯᠳᠠᠷ ᠢ | ᠬᠦᠷᠲᠡᠵᠦ᠂ ︽ᠡᠯᠡᠰᠦᠨ ᠴᠦᠯ ᠤᠨ ᠨᠣᠭᠤᠭᠠᠨ ᠪᠦᠷᠢᠳᠦ︾ ᠶᠢᠨ ᠢᠷᠠᠭᠤ ᠠᠯᠳᠠᠷ ᠢ ᠬᠦᠷᠲᠡᠪᠡ᠃ | | 43 ᠵᠢᠯ ᠤᠨ ᠲᠤᠷᠰᠢ᠂ ᠰᠢᠨ᠎ᠡ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠨᠡᠷᠡᠨ ᠤ ᠭᠡᠷᠡᠯ | ᠬᠤᠷ᠎ᠠ ᠶᠢᠨ ᠰᠢᠭᠦᠳᠡᠷᠢ ᠳᠤ ᠤᠮᠳᠠᠯᠠᠵᠤ᠂ ︽ᠵᠣᠷᠢᠭᠲᠠᠶ ᠪᠠᠷ ᠠᠤᠭ᠎ᠠ ᠶᠡᠭᠡ ᠬᠡᠭᠦᠳᠡᠭ ᠴᠡᠭᠡᠵᠢ ᠢᠶᠠᠷ ᠤᠷᠤᠭᠰᠢᠯᠠᠬᠤ︾ | ᠬᠤᠲᠠ ᠶᠢᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠦᠬᠠᠢ ᠨᠢᠭᠡ ᠵᠠᠮ ᠶᠠᠪᠤᠵᠤ ᠢᠷᠡᠭᠡᠳ᠂ ᠲᠡᠭᠷᠢ ᠭᠠᠵᠠᠷ ᠤᠨ | ᠲᠡᠤᠬᠡ ᠶᠢᠨ ᠬᠤᠪᠢᠷᠠᠯᠲᠠ ᠭᠠᠷᠴᠤ᠂ ᠭᠤᠶᠢᠲᠠ ᠰᠠᠶᠢᠬᠠᠨ ᠲᠡᠮᠡᠴᠡᠯ ᠤᠨ ᠦᠯᠢᠭᠡᠷ ᠢ ᠪᠢᠴᠢᠭᠯᠡᠵᠦ᠂ ᠲᠦᠢᠯ ᠢᠶᠠᠷ | ᠣᠮᠣᠭᠰᠢᠬᠤ ᠢᠷᠠᠭᠤ ᠠᠯᠳᠠᠷᠲᠤ ᠬᠦᠰᠡᠯ ᠵᠡᠭᠦᠳᠦ ᠶᠢ ᠲᠡᠷᠭᠡᠯᠰᠢᠭᠦᠯᠪᠡ᠃ ᠬᠤᠲᠠ ᠪᠠᠶᠢᠭᠤᠯᠤᠭᠰᠠᠨ ᠠᠴᠠ ᠨᠠᠰᠢ᠂ | ᠪᠦᠬᠦ ᠬᠤᠲᠠ ᠶᠢᠨ G D P ᠶᠢᠨ ᠶᠡᠷᠦᠩᠬᠡᠢ ᠬᠡᠮᠵᠢᠶ᠎ᠡ ᠵᠢᠯ ᠪᠦᠷᠢ ᠳᠤᠮᠳᠠᠴᠢ ᠪᠠᠷ 12%ᠨᠡᠮᠡᠭᠳᠡᠵᠦ᠂ 116 | ᠳᠠᠬᠢᠨ ᠨᠡᠮᠡᠭᠳᠡᠪᠡ︔ ᠬᠥᠮᠦᠨ ᠪᠦᠷᠢ ᠶᠢᠨ ᠳᠤᠮᠳᠠᠴᠢ G D P ᠵᠢᠯ ᠪᠦᠷᠢ ᠳᠤᠮᠳᠠᠴᠢ ᠪᠠᠷ 10.1 % ᠪᠠᠷ | ᠨᠡᠮᠡᠭᠳᠡᠵᠦ᠂ 51.3 ᠳᠠᠬᠢᠨ ᠨᠡᠮᠡᠭᠳᠡᠪᠡ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ | ᠦᠬᠠᠶ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠣᠱᠠᠯᠠᠭᠤᠯᠠᠨ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠢᠤᠡᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ᠂ ︽ᠲᠠᠪᠤ ᠵᠢᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠳᠤ | ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠪᠠ᠃ ︽ᠣᠷᠣᠨ ᠪᠦᠰᠡ ᠶᠢᠨ ᠰᠢᠨ᠎ᠡ ᠶᠢ ᠡᠭᠦᠳᠬᠦ ᠬᠡᠯᠪᠡᠷᠢ ᠶᠢᠨ | ᠬᠤᠲᠠ ᠶᠢ ᠪᠦᠲᠦᠭᠡᠨ ᠪᠠᠶᠢᠭᠤᠯᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ | ᠦᠨᠳᠦᠰᠦᠨ ᠱᠠᠭᠠᠷᠳᠠᠯᠭ᠎ᠠ ᠶᠢ ᠪᠠᠲᠤ ᠡᠵᠡᠮᠳᠡᠨ᠂ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠪᠠ | ᠣᠷᠣᠨ ᠪᠦᠰᠡ ᠶᠢᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠬᠡᠯᠪᠡᠷᠢ ᠪᠠᠨ | ᠬᠤᠪᠢᠷᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ᠂ ᠬᠤᠲᠠ ᠬᠥᠳᠡᠭᠡ ᠶᠢᠨ ᠠᠭᠤᠰᠤᠯᠴᠠᠯ ᠤᠨ | ᠬᠤᠰᠢᠭᠤᠴᠢ ᠣᠷᠣᠨ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠪᠡᠷᠬᠡ ᠰᠡᠳᠦᠪ ᠢ | ᠰᠢᠢᠤᠡᠪᠤᠷᠢᠯᠡᠬᠦ ᠣᠷᠣᠨ᠂ ᠪᠡᠯᠡ ᠣᠷᠣᠭᠤᠯᠤᠯᠲᠠ ᠠᠷᠠᠯᠵᠢᠶᠠᠨ ᠤ ᠲᠡᠷᠢᠭᠦᠨ ᠰᠣᠩᠭᠤᠯᠲᠠ ᠶᠢᠨ ᠣᠷᠣᠨ᠂ ᠰᠢᠯᠢᠳᠡᠭ | ᠵᠢᠭᠠᠨ ᠰᠤᠷᠭᠠᠯᠲᠠ ᠰᠢᠯᠢᠳᠡᠭ ᠡᠮᠴᠢᠯᠡᠭᠡᠨ ᠤ ᠲᠦᠭᠡᠮᠡᠯ ᠬᠠᠷᠠᠭᠠᠯᠵᠠᠯ ᠤᠨ ᠣᠷᠣᠨ︾ ᠤ ᠭᠠᠵᠠᠷ ᠣᠷᠣᠨ ᠤ | ᠬᠥᠭᠵᠢᠯᠲᠡ ᠶᠢᠨ ᠰᠡᠳᠬᠢᠮᠵᠢ ᠶᠢ ᠪᠦᠬᠦ ᠬᠦᠴᠦᠨ ᠢᠶᠠᠷ ᠪᠤᠢ ᠪᠣᠯᠭᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ | ᠡᠷᠡᠮᠡᠬᠡᠶᠢᠯᠡᠨ ᠤᠷᠤᠭᠰᠢᠯᠠᠵᠤ᠂ ᠦᠬᠠᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠡᠶ᠃ | ᠡᠳᠡᠭᠡᠷ ᠵᠢᠯ ᠤᠳ ᠲᠤ᠂ ᠨᠠᠮ ᠤᠨ ᠲᠥᠪ ᠬᠤᠷᠢᠶ᠎ᠠ ᠲᠠᠢ ᠨᠢᠭᠡ ᠰᠡᠳᠬᠢᠯ ᠨᠢᠭᠡ ᠴᠢᠭᠯᠡᠯ ᠲᠠᠢ ᠪᠠᠶᠢᠬᠤ ᠶᠢ | ᠢᠮᠠᠭᠲᠠ ᠭᠤᠶᠢᠪᠢᠰᠢ ᠦᠭᠡᠢ ᠪᠠᠷᠢᠮᠲᠠᠯᠠᠭᠰᠠᠭᠠᠷ ᠢᠷᠡᠵᠡᠢ᠃ ᠪᠤᠭᠤᠲᠤ ᠠᠴᠠ ᠯᠠᠨᠵᠧᠤ ᠬᠦᠷᠬᠦ ᠲᠡᠮᠦᠷ ᠵᠠᠮ᠂ | ᠪᠤᠭᠤᠲᠦ ᠲᠡᠮᠤᠷ ᠤᠨ ᠠᠵᠤ ᠤᠶᠢᠯᠡᠤᠡᠪᠤᠷᠢ ᠶᠢᠨ ᠰᠠᠭᠤᠷᠢᠨ ᠭᠠᠵᠠᠷ ᠵᠡᠷᠭᠡ ᠤᠯᠤᠰ ᠤᠨ ᠭᠤᠤᠯᠳᠠᠯᠭ᠎ᠠ ᠲᠠᠢ | ᠲᠥᠷᠥᠯ ᠵᠤᠶᠢᠯ ᠢ ᠬᠡᠷᠡᠭᠵᠢᠭᠦᠯᠬᠦ ᠶᠢ ᠳᠠᠭᠠᠯᠳᠤᠨ᠂ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢᠨ ᠳᠣᠤᠷ᠎ᠠ᠂ | ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠪᠦᠲᠦᠭᠡᠨ ᠪᠠᠶᠢᠭᠤᠯᠤᠭᠴᠢᠳ᠂ ᠤᠯᠤᠰ ᠲᠤ ᠬᠦᠴᠦᠨ ᠴᠢᠳᠠᠯ ᠢᠶᠠᠨ | ᠡᠷᠭᠦᠬᠦ ᠠᠤᠭ᠎ᠠ ᠰᠠᠨᠠᠭ᠎ᠠ ᠡᠷᠡᠯᠬᠡᠭ ᠵᠣᠷᠢᠭ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ | ᠪᠠᠶᠢᠭᠤᠯᠬᠤ ᠡᠷᠴᠢ ᠵᠣᠷᠢᠭ ᠨᠢ ︽ᠲᠦᠮᠡᠨ ᠬᠥᠮᠦᠨᠠᠭᠤᠯᠠᠨ ᠳᠤ ᠭᠠᠷᠴᠤ ᠨᠡᠭᠦᠷᠡᠰᠦ ᠪᠤᠯᠢᠶᠠᠬᠤ ᠶᠡᠭᠡ | ᠳᠠᠶᠢᠯᠠᠯᠳᠤᠭᠠᠨ︾ ᠢ ᠡᠬᠢᠯᠡᠭᠦᠯᠵᠦ᠂ ᠣᠳᠣᠬᠢᠴᠢᠯᠠᠭᠰᠠᠨ ᠠᠵᠤ ᠤᠶᠢᠯᠡᠤᠡᠪᠤᠷᠢ ᠶᠢᠨ ᠰᠢᠨ᠎ᠡ ᠬᠤᠲᠠ ᠤᠰᠤᠨ ᠳᠡᠭᠡᠷ᠎ᠡ | ᠰᠡᠬᠦ᠋ᠢᠨ ᠪᠣᠰᠴᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ | ᠬᠥᠭᠵᠢᠭᠰᠡᠨ ᠢᠷᠠᠭᠤ ᠭᠠᠶᠢᠬᠠᠮᠰᠢᠭᠲᠤ ᠲᠤᠤᠯᠢᠰ ᠢ ᠪᠢᠴᠢᠭᠯᠡᠵᠦ᠂ ᠮᠠᠨ ᠤ ᠤᠯᠤᠰ ᠤᠨ ᠨᠡᠶᠢᠭᠡᠮ ᠵᠢᠷᠤᠮᠲᠤ | ᠪᠠᠶᠢᠭᠤᠯᠤᠯ ᠤᠨ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠬᠦ ᠳᠠᠪᠠᠭᠤᠯᠢᠭ ᠴᠢᠨᠠᠷ ᠢ ᠢᠯᠡᠷᠡᠭᠦᠯᠦᠭᠰᠡᠨ | ᠪᠠᠶᠢᠨ᠎ᠠ᠃ ᠥᠨᠥᠳᠥᠷ ᠤᠨ ᠦᠬᠠᠶ ᠬᠤᠲᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠩ | ᠰᠡᠳᠬᠢᠯ ᠤᠨᠨᠠᠶᠢᠳᠠᠯᠠᠭᠠ ᠶᠢ ᠪᠠᠲᠤ ᠴᠡᠭᠡᠵᠢᠯᠡᠵᠦ᠂ ᠴᠠᠭ ᠢᠮᠠᠭᠲᠠ ᠭᠤᠤᠯᠯᠠᠭᠴᠢ ᠪᠠᠨ ᠳᠠᠭᠠᠵᠤ᠂ ᠨᠠᠩ ᠢᠯᠡᠭᠦᠤ | ᠪᠦᠯᠬᠦᠮᠳᠡᠨ ᠨᠢᠭᠡᠳᠴᠦ᠂ ᠦᠷᠭᠦᠯᠵᠢᠯᠡᠨ ᠡᠷᠡᠯᠬᠡᠭᠯᠡᠨ ᠤᠷᠤᠭᠰᠢᠯᠠᠵᠤ᠂ ᠣᠳᠣᠬᠢᠴᠢᠯᠠᠭᠰᠠᠨ ᠦᠬᠠᠶ ᠶᠢᠨ ᠰᠢᠨ᠎ᠡ | ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠦᠷᠭᠦᠯᠵᠢᠯᠡᠨ ᠪᠢᠴᠢᠭᠯᠡᠵᠦ ᠪᠠᠶᠢᠨ᠎ᠠ᠃ | ᠡᠳᠡᠭᠡᠷ ᠵᠢᠯ ᠤᠳ ᠲᠤ᠂ ᠬᠥᠭᠵᠢᠯᠲᠡ ᠶᠢᠨ ᠲᠡᠷᠢᠭᠦᠨ ᠴᠢᠬᠤᠯᠠ ᠠᠵᠢᠯ ᠢᠶᠠᠨ ᠢᠮᠠᠭᠲᠠ ᠰᠤᠯᠠᠷᠠᠭᠤᠯᠤᠯ | ᠥᠬᠡᠶ ᠠᠳᠬᠤᠭᠰᠠᠭᠠᠷ ᠢᠷᠡᠵᠡᠢ᠃ ᠪᠢᠳᠡ ᠣᠷᠣᠨ ᠪᠦᠰᠡ ᠶᠢᠨ ᠪᠣᠳᠠᠲᠤ ᠪᠠᠢᠳᠠᠯ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠶ ᠲᠤᠣᠱᠠᠯᠠᠭᠤᠯᠠᠨ᠂ ᠶᠡᠷᠦᠩᠬᠡᠶ ᠱᠦᠵᠢ ᠰᠢ ᠶᠢᠨ ᠫᠢᠩ ᠤᠨ | ︽ᠳᠥᠷᠪᠡᠨ ᠬᠦᠴᠦᠯᠡᠬᠦ︾᠂ ︽ᠲᠠᠪᠤ ᠶᠢ ᠤᠶᠠᠯᠳᠤᠭᠤᠯᠬᠤ︾᠂ ︽ᠭᠤᠷᠪᠠᠨ ᠯᠠᠪᠳᠠᠭᠤᠨ ᠪᠠᠲᠤᠲᠠᠶ ᠪᠠᠶᠢᠬᠤ︾ | ᠵᠡᠷᠭᠡ ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠡᠬᠢ ᠪᠠᠶᠠᠯᠢᠭ ᠤᠨ ᠬᠡᠯᠪᠡᠷᠢ ᠶᠢᠨ | ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠦᠨᠳᠦ ᠡᠭᠦᠷᠭᠡ ᠳᠤ ᠬᠦᠴᠦ ᠪᠠᠨ ᠲᠥᠪᠯᠡᠷᠡᠭᠦᠯᠵᠦ᠂ ︽ | ᠰᠢᠨᠵᠢᠯᠡᠬᠦ ᠤᠬᠠᠭᠠᠨ ᠮᠡᠷᠭᠡᠵᠢᠯ ᠢ ᠳᠡᠭᠡᠭᠰᠢᠯᠡᠭᠦᠯᠦᠨ ᠬᠤᠪᠢᠷᠠᠭᠤᠯᠬᠤ︾᠂ ︽ᠵᠠᠯᠭᠠᠯᠳᠤᠭᠤᠯᠬᠤ ᠥᠭᠡᠷᠡᠴᠢᠯᠡᠬᠦ ᠶᠢ | ᠬᠤᠪᠢᠷᠠᠭᠤᠯᠬᠤ︾᠂ ︽ᠨᠡᠮᠡᠭᠳᠡᠯ ᠤᠨ ᠬᠡᠮᠵᠢᠶ᠎ᠡ ᠣᠷᠣᠭᠤᠯᠬᠤ ᠶᠢ ᠰᠢᠯᠵᠢᠭᠦᠯᠬᠦ︾᠂ ︽ᠪᠦᠲᠦᠴᠡ ᠶᠢ | ᠰᠢᠯᠢᠳᠡᠭᠵᠢᠭᠦᠯᠦᠨ ᠬᠤᠪᠢᠷᠠᠭᠤᠯᠬᠤ︾᠂ ︽ᠳᠠᠬᠢᠨ ᠵᠣᠬᠢᠶᠠᠨ ᠪᠠᠶᠢᠭᠤᠯᠵᠤ ᠬᠦᠴᠦᠷᠬᠡᠭᠵᠢᠭᠦᠯᠦᠨ ᠬᠤᠪᠢᠷᠠᠭᠤᠯᠬᠤ︾ | ᠶᠢ ᠢᠳᠡᠪᠬᠢᠲᠡᠢ ᠲᠦᠯᠬᠢᠨ ᠠᠬᠢᠭᠤᠯᠵᠤ᠂ ᠡᠨᠧᠷᠭᠢ᠂ ᠬᠢᠮᠢ ᠶᠢᠨ ᠠᠵᠤ ᠤᠶᠢᠯᠡᠤᠡᠪᠤᠷᠢ᠂ ᠪᠠᠷᠢᠯᠭ᠎ᠠ ᠶᠢᠨ ᠮᠠᠲ᠋ᠧᠷᠢᠶᠠᠯ | ᠂ ᠣᠨᠴᠠᠯᠢᠭᠲᠤ ᠲᠡᠮᠦᠷᠯᠢᠭ ᠪᠣᠯᠪᠠᠰᠤᠷᠠᠭᠤᠯᠬᠤ ᠠᠵᠤ ᠤᠶᠢᠯᠡᠰ ᠢᠶᠠᠷ ᠤᠳᠤᠷᠢᠳᠤᠮᠵᠢ ᠪᠣᠯᠭᠠᠬᠤ ᠶᠢ ᠠᠩᠬ᠎ᠠ ᠠᠯᠬᠤᠮ | ᠪᠣᠢ ᠪᠣᠯᠭᠠᠨ᠎ᠠ᠃ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠤᠶᠢᠯᠡᠤᠡᠬᠦ ᠵᠡᠷᠭᠡ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠤᠶᠢᠯᠡᠰ ᠪᠣᠯᠤᠨ ᠣᠳᠣ ᠦᠶ᠎ᠡ ᠶᠢᠨ ᠤᠶᠢᠯᠡᠴᠢᠯᠡᠭᠡᠨ ᠤ ᠤᠶᠢᠯᠡᠰ᠂ | ᠣᠨᠴᠠᠯᠢᠭᠲᠤ ᠲᠠᠷᠢᠶᠠᠯᠠᠩ ᠤᠨ ᠣᠯᠠᠨ ᠡᠰᠢᠵᠢᠭᠰᠡᠨ ᠬᠥᠭᠵᠢᠯᠲᠡ᠂ ᠣᠯᠠᠨ ᠲᠦᠢᠯ ᠢᠶᠠᠷ ᠲᠤᠯᠭᠠᠭᠤᠷᠢᠯᠠᠭᠰᠠᠨᠠᠵᠤ | ᠠᠬᠤᠢ ᠶᠢᠨ ᠪᠠᠶᠢᠷᠢᠰᠢᠯ᠂ ᠭᠤᠷᠪᠠᠨ ᠠᠵᠤ ᠦᠢᠯᠡᠰ ᠤᠨ ᠪᠦᠲᠦᠴᠡ ᠶᠢ ᠬᠤᠲᠠ ᠪᠠᠶᠢᠭᠤᠯᠬᠤ ᠡᠬᠢᠨ ᠤ 3.3᠄ 79. | 6᠄ 17.1 ᠪᠠᠶᠢᠭᠰᠠᠨ ᠠᠴᠠ ᠪᠠᠨ 2018 ᠤᠨ ᠤ 1᠄ 61.9᠄ 37.1 ᠪᠣᠯᠵᠤ᠂ ᠮᠠᠨ ᠤ ᠬᠤᠲᠠ ᠡᠬᠢ | ᠪᠠᠶᠠᠯᠢᠭ ᠰᠢᠪᠬᠠᠷᠤᠭᠰᠠᠨ ᠬᠤᠲᠠ ᠶᠢᠨ ᠬᠡᠯᠪᠡᠷᠢ ᠪᠠᠨ ᠬᠤᠪᠢᠷᠠᠭᠤᠯᠤᠭᠰᠠᠨ ᠠᠮᠵᠢᠯᠲᠠ ᠪᠦᠲᠦᠮᠵᠢ ᠶᠢᠨ ᠬᠢᠨᠠᠨ | ᠰᠢᠯᠭᠠᠯᠲᠠ ᠳᠤ ᠬᠤᠶᠠᠷ ᠵᠢᠯ ᠳᠠᠷᠠᠭᠠᠯᠠᠨ ᠪᠥᠬᠦ ᠤᠯᠤᠰ ᠤᠨ ᠰᠢᠯᠢᠳᠡᠭ ᠭᠠᠵᠠᠷ ᠣᠷᠣᠨ ᠢᠶᠠᠷ ᠦᠨᠡᠯᠡᠭᠳᠡᠪᠡ᠃ ᠪᠦᠬᠦ | ᠣᠷᠣᠨ ᠪᠦᠰᠡ ᠶᠢᠨ ᠵᠤᠭᠠᠴᠠᠯ᠂ ᠳᠥᠷᠪᠡᠨ ᠤᠯᠠᠷᠢᠯ ᠤᠨ ᠵᠤᠭᠠᠴᠠᠯ ᠢ ᠬᠦᠴᠦᠯᠡᠨ ᠬᠥᠭᠵᠢᠭᠦᠯᠵᠦ᠂ ᠦᠬᠠᠶ | ᠨᠠᠭᠤᠷ ᠤᠨ ᠰᠡᠯᠡᠭᠦᠴᠡᠯ ᠠᠮᠠᠷᠠᠯᠲᠠ ᠶᠢᠨ ᠵᠤᠭᠠᠴᠠᠯ ᠤᠨ ᠣᠷᠣᠨ᠂ ᠶᠢᠨ ᠱᠠ ᠸᠠᠨ ᠵᠡᠷᠭᠡ 5 ᠦᠵᠡᠮᠵᠢ ᠶᠢᠨ ᠣᠷᠣᠨ | ᠤᠯᠤᠰ ᠤᠨ 4 A ᠲᠡᠰ ᠤᠨ ᠦᠵᠡᠮᠵᠢ ᠶᠢᠨ ᠣᠷᠣᠨ ᠢᠶᠠᠷ ᠵᠥᠪᠰᠢᠶᠡᠷᠡᠭᠳᠡᠵᠦ᠂ ᠯᠦᠩ ᠶᠢᠦ ᠸᠠᠨ ᠤᠯᠤᠰ ᠤᠨ | ᠨᠤᠭᠤ ᠭᠠᠵᠠᠷ ᠤᠨ ᠴᠡᠴᠡᠷᠯᠢᠭ ᠪᠣᠯᠵᠤ᠂ ︽ᠡᠯᠡᠰᠦᠨ ᠴᠥᠯ ᠳᠤ ᠢᠷᠡᠵᠦ ᠳᠠᠯᠠᠢ ᠦᠵᠡᠬᠦ︾ ᠵᠤᠭᠠᠴᠠᠯ ᠤᠨ ᠲᠥᠷᠥᠯ | ᠲᠡᠮᠳᠡᠭ ᠤᠨᠠᠯᠳᠠᠷᠰᠢᠯ ᠡᠳᠦᠷ ᠢᠷᠡᠬᠦᠶ᠎ᠡ ᠳᠡᠭᠡᠭᠰᠢᠯᠡᠪᠡ᠃ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠳᠤ | ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠬᠤᠲᠠ | ᠪᠠᠯᠭᠠᠰᠤᠵᠢᠯᠠᠯᠲᠠ ᠵᠢᠨᠬᠡᠮᠵᠢᠶᠠ ᠪᠦᠬᠦ ᠣᠷᠣᠨ ᠤ ᠲᠡᠷᠢᠭᠦᠨ ᠳᠤ ᠣᠷᠣᠵᠤ᠂ ᠲᠠᠷᠢᠶᠠᠯᠠᠬᠤ ᠣᠷᠣᠨ ᠤ ᠲᠡᠷᠭᠡ | ᠨᠡᠪᠲᠡᠷᠡᠬᠦ ᠨᠣᠷᠮ᠎ᠠ 92% ᠲᠤ ᠬᠦᠷᠴᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ᠂ | ᠲᠥᠪᠯᠡᠷᠡᠭᠦᠯᠦᠨ ᠤᠰᠤ ᠴᠠᠬᠢᠯᠭᠠᠨ ᠬᠠᠩᠭᠠᠬᠤ᠂ 4 G ᠲᠣᠤᠷ ᠰᠦᠯᠵᠢᠶ᠎ᠡ ᠨᠢ ᠬᠤᠲᠠ ᠬᠥᠳᠡᠭᠡ ᠶᠢᠨ ᠠᠳᠠᠯᠢ | ᠴᠢᠨᠠᠷ ᠠᠳᠠᠯᠢ ᠦᠨ᠎ᠡ ᠪᠠᠷ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠬᠤᠲᠠ ᠪᠠᠷ ᠬᠥᠳᠡᠭᠡ ᠶᠢ ᠳᠠᠶᠢᠴᠢᠯᠠᠬᠤ᠂ | ᠰᠢᠶᠠᠩ ᠢᠶᠠᠷ ᠬᠤᠲᠠ ᠶᠢ ᠠᠬᠢᠭᠤᠯᠬᠤ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠷᠢᠰᠢᠯ ᠶᠠᠭ | ᠪᠦᠷᠢᠯᠳᠦᠵᠦ᠂ ᠮᠠᠨ ᠤ ᠬᠤᠲᠠ ᠤᠯᠤᠰ ᠤᠨ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠬᠤᠲᠠᠪᠤᠯᠵᠤ᠂ | ︽ᠥᠷᠭᠡᠨ ᠪᠦᠰᠡᠲᠦ ᠳᠤᠮᠳᠠᠳᠤ ᠤᠯᠤᠰ︾ ᠤᠨ ᠵᠢᠱᠢᠶ᠎ᠡᠦᠵᠡᠭᠦᠯᠬᠦ ᠬᠤᠲᠠ᠂ ᠪᠦᠬᠦ ᠤᠯᠤᠰ ᠤᠨᠬᠠᠷᠰᠢ ᠰᠠᠭᠠᠳ | ᠥᠬᠡᠶ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠣᠯᠪᠠ᠃ ︿ᠲᠠᠯᠪᠢᠬᠤ ᠬᠠᠮᠢᠶᠠᠷᠬᠤ | ᠤᠶᠢᠯᠡᠴᠢᠯᠡᠬᠦ︾ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠤ ᠦᠨᠡᠯᠡᠯᠲᠡ ᠶᠢᠨ ᠶᠡᠷᠦᠩᠬᠡᠢ ᠵᠢᠭᠰᠠᠭᠠᠯᠲᠠ ᠪᠦᠬᠦ ᠣᠷᠣᠨ ᠤ ᠬᠡᠪᠴᠢᠶᠡᠨ ᠳᠤ | ᠬᠤᠶᠠᠳᠤᠭᠠᠷ ᠨᠡᠷᠡᠰ ᠳᠤ ᠵᠢᠭᠰᠠᠭᠠᠭᠳᠠᠪᠠ᠃ ᠭᠠᠳᠠᠭᠰᠢ ᠨᠡᠭᠡᠭᠡᠯᠲᠡ ᠬᠢᠬᠦ ᠳᠡᠰ ᠳᠠᠪᠬᠤᠷᠭ᠎ᠠ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ︽ᠨᠢᠭᠡ ᠪᠦᠰᠡ ᠨᠢᠭᠡ ᠵᠠᠮ︾ ᠳᠠᠭᠠᠤ ᠶᠢᠨ 23 ᠭᠠᠵᠠᠷ ᠣᠷᠣᠨ ᠲᠠᠢ ᠠᠷᠠᠯᠵᠢᠶᠠᠨ ᠤ | ᠶᠠᠪᠤᠯᠴᠠᠭ᠎ᠠ ᠪᠠᠶᠢᠭᠤᠯᠵᠤ᠂ ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠢ ᠨᠢᠭᠡ ᠴᠣᠭᠴᠠᠵᠢᠭᠤᠯᠤᠨ | ᠬᠥᠭᠵᠢᠭᠦᠯᠬᠦ ᠲᠥᠯᠥᠪᠵᠢᠭᠦᠯᠭᠡ ᠶᠢᠨ ᠲᠣᠪᠴᠢ︾ ᠶᠢ ᠲᠦᠷᠦᠭᠦᠯᠡᠨ ᠲᠣᠭᠲᠠᠭᠠᠵᠤ᠂ ᠪᠦᠬᠦ ᠲᠠᠯ᠎ᠠ ᠪᠠᠷ ᠨᠡᠭᠡᠭᠡᠯᠲᠡ | ᠬᠢᠬᠦ᠂ ᠣᠯᠠᠨ ᠬᠦᠷᠢᠶ᠎ᠡ ᠶᠢ ᠵᠣᠯᠭᠠᠯᠳᠤᠭᠤᠯᠬᠤ ᠰᠢᠨ᠎ᠡ ᠪᠠᠶᠢᠳᠠᠯ ᠢ ᠨᠡᠭᠡᠭᠡᠪᠡ᠃ ᠥᠨᠥᠳᠥᠷ ᠤᠨ ᠦᠬᠠᠶ ᠬᠤᠲᠠ ᠶᠠᠭ | ᠠᠵᠤ ᠠᠬᠤᠢ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠥᠭᠵᠢᠯᠲᠡ ᠶᠢᠨ ᠬᠥᠳᠡᠯᠭᠡᠬᠦ | ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠨᠡᠭᠡᠭᠡᠵᠦ | ᠪᠠᠶᠢᠨ᠎ᠠ᠃ | ᠡᠳᠡᠭᠡᠷᠵᠢᠯ ᠤᠳ ᠲᠤ᠂ ᠦᠬᠠᠢ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠪᠠᠨ ᠢᠮᠠᠭᠲᠠ | ᠴᠢᠩᠭᠠᠳᠬᠠᠭᠰᠠᠭᠠᠷ ᠢᠷᠡᠵᠡᠢ᠃ ᠪᠢᠳᠡ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ | ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠨᠠᠮ ᠤᠨ | ᠬᠤᠷᠢᠶ᠎ᠠ ᠶᠢᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠤᠡᠪᠤᠷᠢᠳᠦ ᠪᠣᠳᠣᠯᠭ᠎ᠠ ᠲᠣᠭᠲᠠᠭᠠᠬᠤ᠂ | ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠶᠢᠯᠡᠳᠦᠯ ᠢ ᠭᠦᠢᠴᠠᠤᠡ ᠪᠠᠳᠠᠷᠠᠭᠤᠯᠵᠤ᠂ ᠬᠤᠲᠠ ᠶᠢᠨ ᠳᠥᠷᠪᠡᠨ ᠪᠠᠭ ᠤᠨ | ᠵᠣᠬᠢᠴᠠᠯᠳᠤᠨ ᠬᠠᠮᠵᠢᠯᠴᠠᠬᠤ ᠶᠢ ᠨᠠᠩ ᠴᠢᠬᠤᠯᠠᠴᠢᠯᠠᠵᠤ᠂ ᠶᠡᠭᠡ ᠨᠢᠭᠡᠲᠤᠮᠡᠯ ᠹᠷᠤᠨᠲ ᠵᠢᠨᠠᠵᠢᠯ ᠤᠨ ᠪᠠᠶᠢᠷᠢᠰᠢᠯ ᠢ | ᠲᠠᠰᠤᠷᠠᠯᠲᠠ ᠦᠭᠡᠢ ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠶᠢᠯᠡᠰ ᠢ ᠦᠷᠭᠦᠯᠵᠢᠯᠡᠨ | ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ᠂ ᠪᠦᠯᠬᠦᠮᠳᠡᠨ ᠨᠢᠭᠡᠳᠴᠦ ᠠᠵᠢᠯ ᠤᠶᠢᠯᠡᠰ ᠬᠢᠬᠦ ᠰᠠᠶᠢᠨ | ᠰᠠᠶᠢᠬᠠᠨ ᠪᠠᠶᠢᠳᠠᠯ ᠢ ᠳᠠᠶᠢᠴᠢᠯᠠᠨ ᠪᠣᠶ ᠪᠣᠯᠭᠠᠪᠠ᠃ ᠮᠠᠨ ᠤ ᠬᠤᠲᠠ ᠶᠢᠨ ᠠᠩᠬᠠᠳᠠᠭᠴᠢ ᠪᠣᠳᠠᠲᠤ ᠪᠠᠶᠢᠳᠠᠯ ᠪᠠ | ᠣᠷᠣᠨ ᠨᠤᠲᠤᠭ ᠤᠨ ᠬᠠᠤᠯᠢ ᠲᠣᠭᠲᠠᠭᠠᠯ ︽ᠦᠬᠠᠶ ᠬᠤᠲᠠ ᠶᠢᠨ ᠬᠠᠶᠢᠷᠤᠪ ᠤᠨ ᠲᠣᠬᠤᠢ ᠶᠢᠨ ᠠᠮᠢ ᠠᠬᠤᠶ ᠶᠢ | ᠬᠠᠮᠠᠭᠠᠯᠠᠬᠤ ᠲᠣᠭᠤᠷᠢᠭ ᠢ ᠬᠠᠮᠠᠭᠠᠯᠠᠬᠤ ᠳᠦᠷᠢᠮ︾ ᠢ 2017 ᠤᠨ ᠤ 3 ᠰᠠᠷ᠎ᠠ ᠶᠢᠨ 1 ᠤ ᠡᠳᠦᠷ ᠨᠡᠶᠢᠲᠡᠯᠡᠨ | ᠬᠡᠷᠡᠭᠵᠢᠭᠦᠯᠵᠦ᠂ ᠠᠩᠬᠠᠳᠠᠭᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ︽ᠬᠤᠲᠠ ᠶᠢᠨ | ᠦᠵᠡᠮᠵᠢ ᠪᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠤᠡᠭᠡᠬᠦ ᠲᠣᠭᠲᠠᠭᠠᠯ︾ ᠢ 2018 ᠤᠨ ᠤ 12 | ᠰᠠᠷ᠎ᠠ ᠶᠢᠨ 1 ᠤ ᠡᠳᠦᠷ ᠨᠡᠶᠢᠲᠡᠯᠡᠨ ᠬᠡᠷᠡᠭᠵᠢᠭᠦᠯᠪᠡ᠃ ᠥᠨᠥᠳᠥᠷ ᠤᠨ ᠦᠬᠠᠶ ᠬᠤᠲᠠ ᠨᠡᠶᠢᠭᠡᠮ ᠵᠢᠷᠤᠮ ᠤᠨ | ᠠᠷᠠᠳᠴᠢᠯᠠᠭᠰᠠᠨ ᠤᠯᠤᠰ ᠲᠥᠷᠥ ᠶᠢ ᠦᠷᠭᠦᠯᠵᠢᠯᠡᠨ ᠬᠥᠭᠵᠢᠭᠦᠯᠵᠦ᠂ ᠬᠠᠮᠵᠢᠯᠴᠠᠨ ᠤᠷᠤᠭᠰᠢᠯᠠᠬᠤ ᠣᠶᠤᠨ | ᠤᠬᠠᠭᠠᠨ ᠬᠦᠴᠦᠨ ᠴᠢᠳᠠᠯ ᠢᠶᠠᠨ ᠲᠠᠰᠤᠷᠠᠯᠲᠠ ᠦᠭᠡᠢ ᠨᠢᠭᠲᠠᠷᠠᠭᠤᠯᠵᠤ᠂ ᠠᠮᠢᠳᠤ ᠴᠣᠪᠣᠭᠤᠯᠢᠭ᠂ ᠪᠦᠯᠬᠦᠮᠳᠡᠭᠰᠡᠨ | ᠤᠯᠤᠰ ᠲᠥᠷᠦ ᠶᠢᠨ ᠪᠠᠶᠢᠳᠠᠯ ᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ ᠪᠠᠶᠢᠨ᠎ᠠ᠃ | ᠡᠳᠡᠭᠡᠷ ᠵᠢᠯ ᠤᠳ ᠲᠤ᠂ ᠦᠵᠡᠯ ᠰᠠᠨᠠᠭᠠᠨ ᠤ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠢᠮᠠᠭᠲᠠ | ᠴᠢᠩᠭᠠᠤᠡᠬᠠᠪᠠ᠃ ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ | ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠰᠢᠨ᠎ᠡ ᠬᠥᠮᠦᠨ ᠢ | ᠬᠥᠮᠦᠵᠢᠭᠦᠯᠵᠦ᠂ ᠰᠣᠶᠣᠯ ᠢ ᠮᠠᠨᠳᠤᠭᠤᠯᠵᠤ᠂ ᠳᠦᠷᠢ ᠲᠥᠷᠬᠦ ᠶᠢ ᠢᠯᠡᠷᠡᠭᠦᠯᠬᠦ ᠶᠢ ᠪᠠᠷᠢᠮᠲᠠᠯᠠᠵᠤ᠂ ᠰᠢᠨ᠎ᠡ ᠴᠠᠭ | ᠦᠶ᠎ᠡ ᠳᠤ ᠡᠷᠡᠯᠬᠡᠭᠯᠡᠨ ᠤᠷᠤᠭᠰᠢᠯᠠᠬᠤ ᠢᠳᠡᠪᠬᠢ ᠬᠦᠴᠦᠨ ᠢ ᠥᠷᠭᠡᠨ ᠢᠶᠠᠷ ᠨᠢᠭᠲᠠᠷᠠᠭᠤᠯᠪᠠ᠃ ᠪᠦᠬᠦ ᠣᠷᠣᠨ ᠳᠤ | ᠡᠩ ᠲᠡᠷᠢᠭᠦᠨ ᠳᠤ ᠦᠵᠡᠯ ᠤᠬᠠᠮᠰᠠᠷ ᠤᠨ ᠬᠡᠯᠪᠡᠷᠢ ᠶᠢᠨ ᠰᠦᠯᠵᠢᠶᠡᠵᠢᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠠᠷᠢᠯᠢᠭᠵᠢᠭᠤᠯᠵᠤ᠂ ᠬᠡᠯᠪᠡᠷᠢᠵᠢᠭᠦᠯᠬᠦ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠢ ᠢᠳᠡᠪᠬᠢᠲᠡᠢ ᠪᠤᠶᠢᠵᠢᠭᠤᠯᠤᠨ | ᠦᠢᠯᠡᠳᠦᠯᠭᠡᠵᠢᠭᠦᠯᠵᠦ᠂ ᠦᠬᠠᠶ ᠶᠢᠨ ᠴᠠᠬᠢᠯᠭᠠᠨ ᠤ ᠦᠢᠯᠡᠰ ᠤᠨ ᠲᠣᠪᠴᠢᠶ᠎ᠠ ᠶᠢᠨ ᠴᠠᠬᠢᠯᠭᠠᠨ ᠬᠦᠷᠭᠡᠬᠦ | ᠬᠠᠮᠢᠶᠠᠷᠤᠯᠲᠠ ᠶᠢᠨ ᠭᠠᠵᠠᠷ ᠶᠢᠨ ᠵᠧᠩ ᠯᠦ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠪᠦᠬᠦ ᠤᠯᠤᠰ ᠤᠨ | ︽ᠬᠠᠮᠤᠭ ᠤᠨ ᠭᠤᠶᠤ ᠴᠡᠷᠢᠭ ᠤᠨ ᠠᠯᠪᠠᠨ ᠠᠴᠠ ᠪᠠᠭᠤᠭᠰᠠᠳ︾ ᠤᠨ ᠢᠷᠠᠭᠤ ᠠᠯᠳᠠᠷ ᠢ ᠬᠦᠷᠲᠡᠵᠦ᠂ ᠦᠬᠠᠶ ᠶᠢᠨ | ᠴᠠᠬᠢᠯᠭᠠᠨ ᠤ ᠦᠢᠯᠡᠰ ᠤᠨ ᠲᠣᠪᠴᠢᠶ᠎ᠠ ᠶᠢᠨ ᠴᠠᠬᠢᠯᠭᠠᠨ ᠬᠦᠷᠭᠡᠬᠦ ᠬᠠᠮᠢᠶᠠᠷᠤᠯᠲᠠ ᠶᠢᠨ ᠭᠠᠵᠠᠷ ᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ︽ᠤᠮᠠᠷᠠᠲᠤ ᠬᠢᠯᠢ ᠶᠢᠨ ᠵᠢᠱᠢᠶᠡᠴᠢ︾ ᠶᠢᠨ | ᠢᠷᠠᠭᠤ ᠠᠯᠳᠠᠷ ᠤᠨ ᠴᠣᠯᠠ ᠣᠯᠭᠤᠪᠠ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ | ᠠᠬᠢᠭᠤᠯᠵᠤ᠂ ᠬᠤᠲᠠ ᠶᠢᠨ ᠪᠣᠯᠪᠠᠰᠤᠨ ᠤ ᠬᠡᠮᠵᠢᠶ᠎ᠡ ᠪᠠ ᠬᠤᠲᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ | ᠲᠣᠭᠲᠠᠭᠤᠨ ᠢᠶᠠᠷ ᠳᠡᠭᠡᠭᠰᠢᠯᠡᠪᠡ᠃ ᠪᠥᠬᠦᠣᠷᠣᠨ ᠤ ᠠᠩᠬᠠᠳᠠᠭᠴᠢ ︽ᠲᠠᠯ᠎ᠠ ᠨᠤᠲᠤᠭ ᠤᠨ ᠶᠡᠷᠦᠩᠬᠡᠶᠢᠯᠡᠭᠰᠡᠨ | ᠤᠶᠢᠯᠡᠴᠢᠯᠡᠭᠡᠨ ᠤ ᠬᠥᠩᠭᠡᠨ ᠮᠣᠷᠢᠲᠤ ᠴᠡᠷᠢᠭ︾ ᠤᠨ ᠡᠩᠨᠡᠭᠡ ᠶᠢ ᠪᠠᠶᠢᠭᠤᠯᠵᠤ᠂ ᠠᠩᠬᠠᠳᠠᠭᠴᠢ ᠲᠣᠮᠣ | ᠬᠡᠯᠪᠡᠷᠢ ᠶᠢᠨ ᠳᠠᠭᠤᠤ ᠬᠥᠭᠵᠢᠮᠲᠦ ᠵᠦᠴᠦᠭᠡ ︽ᠦᠬᠠᠶ ᠠᠶᠢᠯ︾ ᠢ ᠤᠯᠤᠰ ᠤᠨ ᠰᠣᠶᠣᠯ ᠪᠠ ᠵᠢᠭᠤᠯᠴᠢᠯᠠᠯ ᠤᠨ | ᠶᠠᠮᠤᠨ ᠠᠴᠠ ︽ᠪᠥᠬᠦ ᠤᠯᠤᠰ ᠤᠨ ᠰᠢᠯᠢᠳᠡᠭ ᠪᠣᠳᠠᠲᠤ ᠠᠬᠤᠢ ᠶᠢᠨ ᠰᠡᠳᠦᠪᠲᠦ ᠲᠠᠶᠢᠰᠠᠨ ᠤ ᠤᠷᠠᠯᠢᠭ ᠤᠨ | ᠪᠦᠲᠦᠭᠡᠯ ᠤᠨ ᠦᠵᠡᠭᠦᠯᠦᠯᠭᠡ ᠶᠢᠨ ᠲᠣᠭᠯᠠᠯᠲᠠ ᠵᠢᠨᠵᠦ᠋ᠴᠦᠭᠡ︾ ᠭᠡᠵᠦ ᠲᠣᠭᠲᠠᠭᠠᠪᠠ᠃ ᠥᠨᠥᠳᠥᠷ ᠤᠨ ᠦᠬᠠᠶ | ᠬᠤᠲᠠ ᠶᠢᠨ ᠬᠢᠨ᠂ ᠡᠷᠴᠢ ᠵᠣᠷᠢᠭ ᠢᠶᠠᠨ ᠬᠥᠪᠴᠢᠯᠡᠨ᠂ ᠵᠥᠭᠡᠯᠡᠨ ᠪᠣᠳᠠᠲᠤ ᠬᠦᠴᠦᠨ ᠢᠶᠠᠨ ᠦᠷᠭᠦᠯᠵᠢᠯᠡᠨ | ᠳᠡᠭᠡᠭᠰᠢᠯᠡᠭᠦᠯᠵᠦ᠂ ᠨᠠᠩ ᠪᠠᠲᠤ ᠴᠢᠩᠭ᠎ᠠ ᠰᠣᠶᠣᠯ ᠤᠨ ᠢᠲᠡᠭᠡᠯ ᠢᠶᠠᠷ ᠢᠲᠡᠭᠡᠯ ᠵᠣᠷᠢᠭ ᠢᠶᠠᠨ ᠬᠥᠪᠴᠢᠯᠡᠵᠦ᠂ | ᠠᠷᠠᠳ ᠤᠨ ᠰᠡᠳᠬᠢᠯ ᠢ ᠨᠢᠭᠲᠠᠷᠠᠭᠤᠯᠵᠤ᠂ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠰᠡᠳᠬᠢᠯ ᠢᠶᠠᠨ | ᠨᠢᠭᠡᠳᠬᠡᠵᠦ ᠪᠠᠶᠢᠨ᠎ᠠ᠃ | ᠡᠳᠡᠭᠡᠷ ᠵᠢᠯ ᠤᠳ ᠲᠤ᠂ ᠢᠮᠠᠭᠲᠠ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠬᠥᠭᠵᠢᠯᠲᠡ ᠳᠤ | ᠬᠦᠴᠦ ᠪᠠᠨ ᠲᠥᠪᠯᠡᠷᠡᠭᠦᠯᠦᠭᠰᠡᠭᠡᠷ ᠢᠷᠡᠵᠡᠢ᠃ ᠪᠢᠳᠡ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠭᠦᠨᠵᠡᠭᠡᠶ ᠤᠶᠢᠯᠡᠳᠤᠯᠭᠡᠵᠢᠭᠦᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠷᠠᠳ ᠤᠨ | ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠪᠣᠯᠤᠨ ᠨᠡᠶᠢᠭᠡᠮ ᠤᠨ | ᠦᠢᠯᠡᠰ ᠤᠨ ᠵᠠᠷᠤᠯᠭ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠤ ᠡᠵᠡᠯᠡᠬᠦ ᠬᠤᠪᠢ ᠶᠢᠨ ᠵᠢᠩ | 8 ᠵᠢᠯ ᠳᠠᠷᠠᠭᠠᠯᠠᠨ 70 % ᠠᠴᠠ ᠳᠡᠭᠡᠭᠰᠢᠬᠢ ᠶᠢ ᠪᠠᠲᠤᠯᠠᠪᠠ᠃ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠥᠬᠦ ᠬᠤᠲᠠ ᠶᠢᠨ ᠳᠠᠩᠰᠠᠯᠠᠨ ᠺᠠᠷᠲᠯᠠᠭᠰᠠᠨ | ᠶᠠᠳᠠᠭᠤ ᠬᠦᠴᠢᠷᠳᠡᠯᠲᠡᠶ ᠡᠷᠦᠬᠡ ᠶᠢ 2018 ᠤᠨ ᠤ ᠡᠴᠦᠰ ᠲᠤ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠎ᠠ᠃ | ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠵᠦ᠂ ᠰᠤᠷᠬᠤ ᠨᠠᠰᠤᠨ ᠠᠴᠠ ᠡᠮᠦᠨᠡᠬᠢ ᠭᠤᠷᠪᠠᠨ | ᠵᠢᠯ ᠤᠨ ᠴᠡᠴᠡᠷᠯᠢᠭ ᠲᠤ ᠣᠷᠣᠭᠰᠠᠨ ᠪᠥᠬᠦ ᠨᠣᠷᠮ᠎ᠠ ᠨᠢ ᠪᠥᠬᠦ ᠤᠯᠤᠰ᠂ ᠪᠥᠬᠦ ᠣᠷᠣᠨ ᠤ ᠳᠤᠮᠳᠠᠴᠢ ᠬᠢᠷᠢ | ᠲᠦᠪᠰᠢᠨ ᠠᠴᠠ ᠥᠨᠳᠥᠷ ᠪᠠᠶᠢᠵᠤ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠵᠢᠷᠭᠤᠳᠤᠭᠠᠷ ᠳᠤᠮᠳᠠᠳᠤ | ᠰᠤᠷᠭᠠᠭᠤᠯᠢ᠂ ᠠᠷᠪᠠᠳᠤᠭᠠᠷ ᠳᠤᠮᠳᠠᠳᠤ ᠰᠤᠷᠭᠠᠭᠤᠯᠢ ᠨᠢ ᠯᠠᠨᠵᠧᠤ ᠶᠡᠭᠡ ᠰᠤᠷᠭᠠᠭᠤᠯᠢ ᠵᠡᠷᠭᠡ ᠲᠡᠭᠡᠳᠤ | ᠰᠤᠷᠭᠠᠭᠤᠯᠢ ᠶᠢᠨ ᠰᠢᠯᠢᠳᠡᠭ ᠰᠤᠷᠤᠭᠴᠢ ᠨᠠᠷ ᠶᠢᠨ ᠢᠷᠡᠯᠲᠡ ᠶᠢᠨ ᠭᠠᠵᠠᠷ ᠪᠣᠯᠵᠤ᠂ ᠦᠬᠠᠶ ᠶᠢᠨ ᠠᠵᠢᠯ | ᠮᠡᠷᠭᠡᠵᠢᠯ ᠤᠨ ᠳᠡᠭᠡᠰᠦ ᠰᠤᠷᠭᠠᠭᠤᠯᠢ ᠨᠢ ᠭᠤᠷᠪᠠᠳᠤᠭᠠᠷ ᠪᠦᠯᠦᠭ ᠤᠨ ᠤᠯᠤᠰ ᠤᠨ ᠲᠡᠰ ᠤᠨ ᠣᠳᠣ ᠦᠶ᠎ᠡ ᠶᠢᠨ | ᠱᠠᠪᠢ ᠡᠯᠰᠡᠬᠦ ᠳᠦᠷᠢᠮ ᠤᠨ ᠲᠤᠷᠰᠢᠯᠲᠠ ᠵᠢᠨᠲ᠋ᠡᠭᠡᠳᠤ ᠰᠤᠷᠭᠠᠭᠤᠯᠢ ᠪᠣᠯᠪᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ ᠡᠵᠡᠯᠡᠬᠦ ᠬᠠᠷᠢᠴᠠᠯ ᠢ 2015ᠤᠨ ᠤ ᠥᠭᠡᠷᠡᠴᠢᠯᠡᠯᠲᠡ ᠶᠢᠨ | 32.8 % ᠪᠠᠶᠢᠭᠰᠠᠨ ᠠᠴᠠ 25.8 % ᠪᠣᠯᠲᠠᠯ᠎ᠠ ᠪᠠᠭᠤᠷᠠᠭᠤᠯᠪᠠ᠃ ᠮᠠᠨ ᠤ ᠬᠤᠲᠠ ᠶᠢᠨ ᠬᠤᠲᠠ ᠶᠢᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠠᠷᠯᠠᠨ ᠰᠠᠶᠢᠰᠢᠶᠠᠵᠤ᠂ ᠬᠤᠲᠠ ᠶᠢᠨ ᠠᠷᠠᠳ ᠤᠨ ᠡᠮᠨᠡᠯᠭᠡ ᠶᠢᠨ | ᠬᠤᠷᠢᠶ᠎ᠠ ᠶᠢ ᠭᠤᠷᠪᠠᠨ ᠬᠥᠬᠡ ᠡᠮᠨᠡᠯᠭᠡ ᠶᠢᠨ ᠬᠤᠷᠢᠶ᠎ᠠ ᠪᠣᠯᠭᠠᠨ ᠳᠡᠪᠰᠢᠭᠦᠯᠵᠦ᠂ ᠤᠯᠤᠰ ᠤᠨ ᠡᠷᠡᠭᠦᠯ ᠬᠠᠮᠠᠭᠠᠯᠠᠯ | ᠪᠠ ᠲᠥᠯᠥᠪᠯᠡᠭᠡᠲᠦ ᠦᠷᠡᠵᠢᠯ ᠤᠨ ᠠᠵᠢᠯ ᠶᠢᠨ ᠬᠤᠷᠢᠶ᠎ᠠ ᠳᠤ ︽ᠪᠣᠯᠵᠣᠬᠤ ᠤᠶᠢᠯᠡᠴᠢᠯᠡᠭᠡ ᠶᠢ ᠲᠦᠯᠬᠢᠨ ᠠᠬᠢᠭᠤᠯᠬᠤ | ︾ ᠵᠢᠱᠢᠶ᠎ᠡ ᠦᠵᠡᠭᠦᠯᠬᠦ ᠡᠮᠨᠡᠯᠭᠡ ᠶᠢᠨ ᠬᠤᠷᠢᠶ᠎ᠠ ᠪᠣᠯᠭᠠᠬᠤ ᠪᠠᠷ ᠲᠣᠭᠲᠠᠭᠠᠪᠠ᠃ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠵᠡᠷᠭᠡ ᠨᠡᠶᠢᠭᠡᠮ ᠤᠨ | ᠪᠠᠲᠤᠯᠠᠭ᠎ᠠ ᠶᠢᠨ ᠪᠠᠷᠢᠮᠵᠢᠶ᠎ᠠ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠪᠦᠬᠦ ᠣᠷᠣᠨ ᠳᠤ ᠨᠡᠭᠦᠷᠡᠰᠦᠨ | ᠠᠭᠤᠷᠬᠠᠢ ᠪᠠ ᠦᠢᠯᠡᠳᠪᠦᠷᠢ ᠠᠭᠤᠷᠬᠠᠢ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ | ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠤᠷᠢᠳᠠᠪᠠᠷ ᠡᠬᠢᠯᠡᠭᠦᠯᠵᠦ᠂ ᠨᠡᠶᠢᠲᠡ 350 ᠭᠠᠷᠤᠢ ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ | ᠰᠢᠨᠡᠳᠬᠡᠬᠦ ᠡᠯ᠎ᠡ ᠲᠥᠷᠥᠯ ᠤᠨ ᠣᠷᠣᠨ ᠰᠠᠭᠤᠴᠠ ᠶᠢ 15 ᠲᠦᠮᠡᠨ ᠢᠵᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠪᠦᠬᠦ ᠬᠤᠲᠠ ᠶᠢᠨ ᠬᠠᠭᠠᠰ ᠠᠴᠠ ᠳᠡᠭᠡᠭᠰᠢᠬᠢ ᠣᠯᠠᠨ ᠲᠦᠮᠡᠨ ᠠᠮᠤᠷ ᠲᠠᠶᠢᠪᠤᠩ ᠣᠷᠣᠰᠢᠨ ᠰᠠᠭᠤᠬᠤ | ᠵᠡᠭᠦᠳᠦ ᠪᠠᠨ ᠲᠡᠷᠭᠡᠯᠰᠢᠭᠦᠯᠪᠡ᠃ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠲᠣᠪᠦ᠋ᠮ᠎ᠠ ᠰᠠᠶᠢᠲᠤᠷ ᠠᠳᠬᠤᠵᠤ᠂ ᠨᠡᠶᠢᠭᠡᠮ ᠤᠨ | ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠵᠤ᠂ ᠮᠠᠨ ᠤ ᠬᠤᠲᠠ ᠲᠥᠪ ᠤᠨ ᠶᠡᠷᠦᠩᠬᠡᠶᠢᠯᠡᠨ | ᠵᠠᠰᠠᠬᠤ ᠠᠯᠪᠠᠨ ᠭᠡᠷ ᠲᠤ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠣ᠋ ᠪᠠᠷ ᠬᠢᠨᠠᠨ ᠡᠵᠡᠮᠳᠡᠬᠦ ᠰᠦᠯᠵᠢᠶᠡᠨ ᠤ | ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ᠂ ᠪᠦᠬᠦ ᠤᠯᠤᠰ ᠤᠨ ᠠᠷᠠᠳ ᠤᠨ ᠡᠶᠡᠳᠡᠭᠦᠯᠦᠭᠴᠢ ᠶᠢᠨ ᠡᠩᠨᠡᠭᠡ ᠶᠢ | ᠵᠢᠷᠤᠮᠵᠢᠭᠤᠯᠤᠨ ᠪᠠᠶᠢᠭᠤᠯᠬᠤ ᠲᠤᠷᠰᠢᠯᠲᠠ ᠶᠢᠨ ᠬᠤᠲᠠ ᠪᠠᠷ ᠲᠣᠭᠲᠠᠭᠠᠭᠳᠠᠪᠠ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠰᠢ᠂ ᠪᠥᠬᠦ ᠬᠤᠲᠠ ᠶᠢᠨ ᠬᠤᠲᠠ ᠪᠠᠯᠭᠠᠰᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠳᠤᠮᠳᠠᠴᠢ ᠪᠠᠷ ᠲᠣᠰ ᠲᠣᠰ 8.8 % ᠪᠠ 6.8 % | ᠨᠡᠮᠡᠭᠳᠡᠵᠦ᠂ ᠡᠩᠭᠡᠷ ᠤᠨ ᠢᠯᠡᠳᠬᠡᠮᠵᠢ ᠲᠣᠰ ᠲᠣᠰ 27.8 %᠂ 28.9 % ᠪᠣᠯᠵᠤ ᠪᠠᠭᠤᠷᠠᠪᠠ᠃ | ᠥᠨᠥᠳᠥᠷ ᠤᠨ ᠦᠬᠠᠶ ᠬᠤᠲᠠ ᠳᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠶᠠᠪᠤᠬᠤ ᠳᠣᠳᠥᠮ | ᠰᠠᠶᠢᠵᠢᠷᠠᠵᠤ᠂ ᠭᠠᠷ ᠬᠤᠯᠪᠣᠨ ᠬᠠᠮᠲᠤᠪᠠᠷ ᠴᠢᠨᠡᠭᠡᠯᠢᠭ ᠨᠡᠶᠢᠭᠡᠮ ᠳᠤ ᠳᠡᠪᠰᠢᠨ ᠣᠷᠣᠵᠤ ᠪᠠᠶᠢᠭ᠎ᠠ ᠨᠢ ᠨᠠᠮ ᠤᠨ ᠲᠥᠪ | ᠬᠤᠷᠢᠶ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ | ᠡᠳᠡᠭᠡᠷ ᠵᠢᠯ ᠤᠳ ᠲᠤ᠂ ᠦᠬᠠᠶ ᠬᠤᠲᠠ ᠶᠢᠨ ᠬᠢᠨ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ | ᠰᠠᠬᠢᠭᠰᠠᠭᠠᠷ ᠢᠷᠡᠵᠡᠢ᠃ ᠪᠢᠳᠡ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠤ | ᠢᠯᠠᠯᠲᠠ ᠶᠢ ᠣᠯᠬᠤ ᠡᠨᠡᠬᠦ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ | ᠠᠳᠬᠤᠵᠤ᠂ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠵᠦ ᠬᠤᠯᠪᠣᠭᠠᠯᠠᠨ ᠵᠠᠰᠠᠬᠤ ᠶᠢ ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ | ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠵᠠᠰᠠᠬᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ᠂ | ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠶ ᠶᠢ 4 ᠪᠠᠶᠢᠭᠤᠯᠵᠤ᠂ ᠯᠦᠩ ᠴᠠᠩ ᠠᠵᠤ | ᠤᠶᠢᠯᠡᠤᠡᠪᠤᠷᠢ ᠠᠷᠠᠯᠵᠢᠶᠠᠨ ᠤ ᠲᠡᠮᠡᠭᠡᠨ ᠠᠭᠤᠯᠠ ᠨᠡᠭᠦᠷᠡᠰᠦᠨ ᠠᠭᠤᠷᠬᠠᠶ ᠶᠢ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠪᠣᠬᠢᠷᠲᠤᠯ ᠦᠭᠡᠢ ᠠᠭᠤᠷᠬᠠᠶ ᠪᠣᠯᠭᠠᠵᠤ᠂ ᠣᠯᠠᠨ ᠤᠯᠤᠰ ᠤᠨᠬᠤᠯᠪᠣᠭᠠᠲᠤ ᠪᠠᠶᠢᠭᠤᠯᠤᠯᠭ᠎ᠠ ᠶᠢᠨ | ᠨᠡᠭᠡᠭᠡᠨ ᠬᠥᠭᠵᠢᠭᠦᠯᠬᠦ ᠲᠥᠯᠥᠪᠯᠡᠭᠡ ᠶᠢᠨ ᠵᠠᠬᠢᠷᠭ᠎ᠠ ᠶᠢᠨ ᠣᠷᠴᠢᠨ ᠲᠣᠭᠤᠷᠢᠨ ᠢ ᠵᠠᠰᠠᠬᠤ ᠪᠠ ᠦᠷᠭᠦᠯᠵᠢᠯᠡᠬᠦ | ᠬᠥᠭᠵᠢᠯᠲᠡ ᠶᠢᠨ ᠲᠥᠷᠥᠯ ᠵᠤᠶᠢᠯ ᠳᠤ ᠣᠷᠣᠭᠤᠯᠪᠠ᠃ 2018 ᠣᠨ ᠳᠤ᠂ ᠭᠤᠤᠯ ᠬᠤᠲᠠ ᠲᠣᠭᠤᠷᠢᠭ ᠤᠨ | ᠣᠷᠴᠢᠨ ᠲᠣᠭᠤᠷᠢᠨ ᠤ ᠰᠢᠯᠢᠳᠡᠭ ᠰᠠᠶᠢᠨ ᠡᠳᠦᠷ ᠤᠨ ᠲᠤᠭ᠎ᠠ ᠶᠢ ᠲᠤᠩᠭᠠᠯᠠᠭ ᠡᠳᠦᠷ ᠲᠤ ᠬᠦᠷᠭᠡᠵᠦ᠂ | 2015 ᠤᠨ ᠤ ᠬᠢ ᠠᠴᠠ 23 ᠡᠳᠦᠷ ᠨᠡᠮᠡᠭᠳᠡᠭᠦᠯᠦᠨ᠎ᠡ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠮᠢ | ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ | ᠥᠨᠥᠳᠥᠷ ᠤᠨ ᠦᠬᠠᠶ ᠬᠤᠲᠠ ᠶᠠᠭ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠶ ᠤᠶᠢᠯᠡᠳᠤᠯᠭᠡᠵᠢᠭᠦᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠩᠷᠢ ᠴᠡᠯᠮᠡᠭ᠂ ᠭᠠᠵᠠᠷ ᠨᠣᠭᠤᠭᠠᠨ᠂ ᠤᠰᠤ ᠲᠤᠩᠭᠠᠯᠠᠭ | ᠦᠵᠡᠰᠬᠦᠯᠡᠩᠲᠦ ᠰᠠᠶᠢᠬᠠᠨ ᠰᠢᠨ᠎ᠡ ᠦᠬᠠᠶ ᠶᠢ ᠬᠦᠴᠦᠯᠡᠨ ᠪᠦᠲᠦᠭᠡᠨ ᠪᠠᠶᠢᠭᠤᠯᠵᠤ ᠪᠣᠶ᠃ | ᠡᠳᠡᠭᠡᠷ ᠵᠢᠯ ᠤᠳ ᠲᠤ ᠦᠬᠠᠶ ᠬᠤᠲᠠ ᠶᠢᠨ ᠬᠢᠨ ᠨᠠᠮ ᠤᠨ ᠪᠠᠶᠢᠭᠤᠯᠤᠯᠲᠠ ᠶᠢ ᠢᠮᠠᠭᠲᠠ ᠰᠠᠶᠢᠲᠤᠷ | ᠠᠳᠬᠤᠭᠰᠠᠭᠠᠷ ᠢᠷᠡᠵᠡᠢ᠃ ᠪᠢᠳᠡ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ | ᠡᠭᠦᠷᠢᠳᠡ ᠵᠠᠮ ᠳᠡᠭᠡᠷ᠎ᠡ ᠭᠡᠬᠦ ᠵᠤᠭᠰᠤᠰᠢ ᠦᠭᠡᠢ ᠪᠠᠷᠢᠮᠲᠠᠯᠠᠯ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠠᠵᠢᠯ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ | ᠲᠡᠷᠢᠭᠦᠨ ᠪᠠᠶᠢᠷᠢᠨ ᠳᠤ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠠ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ | ᠨᠠᠮ ᠤᠨ ᠭᠡᠰᠢᠭᠦᠨ ᠺᠠᠳ᠋ᠷᠴᠤᠳ ᠤᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃ ᠦᠵᠡᠯ ᠰᠠᠨᠠᠭᠠᠨ ᠤ ᠪᠠᠶᠢᠭᠤᠯᠤᠯᠲᠠ᠂ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ | ᠲᠦᠯᠬᠢᠨ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︽ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ︾ ᠶᠢᠨ | ᠲᠤᠷᠰᠢᠯᠭ᠎ᠠ ᠠᠷᠭ᠎ᠠ ᠬᠢᠳᠡᠯ ᠢ ᠲᠥᠪ ᠤᠨ ᠵᠣᠬᠢᠶᠠᠨ ᠪᠠᠶᠢᠭᠤᠯᠬᠤ ᠬᠡᠯᠲᠡᠰ ᠶᠢᠨ ᠤᠬᠠᠭᠤᠯᠤᠨᠲ᠋ᠡᠯᠭᠡᠷᠡᠭᠦᠯᠬᠦ ᠶᠢ | ᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠶᠢᠨ ᠪᠠᠶᠢᠷᠢ ᠬᠤᠶᠠᠷ | ᠬᠠᠷᠢᠭᠤᠴᠠᠯᠭ᠎ᠠ ᠲᠠᠢ︾ ᠱᠠᠲᠤ ᠬᠤᠪᠢᠶᠠᠨ ᠰᠤᠭᠤᠴᠢᠨ ᠪᠠᠶᠢᠴᠠᠭᠠᠵᠤ ᠲᠤᠰᠢᠶᠠᠯ ᠤᠨ ᠮᠡᠳᠡᠭᠦᠯᠦᠯᠲᠡ ᠬᠢᠬᠦ ᠠᠷᠭ᠎ᠠ ᠨᠢ | ︽ᠳᠤᠮᠳᠠᠳᠤ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨᠪᠠᠶᠢᠴᠠᠭᠠᠬᠤ ᠰᠣᠨᠢᠨ︾ ᠤ ᠤᠬᠠᠭᠤᠯᠤᠨ | ᠮᠡᠳᠡᠭᠡᠯᠡᠵᠦ᠂ ᠬᠦᠷᠢᠶᠡᠯᠡᠩ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ︽ᠬᠤᠶᠠᠷ ᠢ ᠲᠠᠲᠠᠵᠤ ᠬᠤᠶᠠᠷ ᠢ | ᠠᠭᠤᠰᠤᠯᠴᠠᠭᠤᠯᠬᠤ ᠭᠤᠷᠪᠠ ᠶᠢ ᠳᠡᠭᠡᠭᠰᠢᠯᠡᠭᠦᠯᠬᠦ︾ ᠠᠵᠢᠯ ᠶᠢᠨ ᠬᠠᠤᠯᠢ ᠶᠢ ᠥᠪᠡᠷᠲᠡᠭᠡᠨ ᠵᠠᠰᠠᠬᠤ ᠣᠷᠣᠨ ᠳᠤ | ᠳᠡᠯᠭᠡᠷᠡᠭᠦᠯᠵᠦ᠂ ᠪᠦᠬᠦ ᠬᠤᠲᠠ ᠶᠢᠨ ᠠᠵᠢᠯ ᠬᠢᠵᠦ ᠤᠶᠢᠯᠡᠰ ᠪᠣᠰᠬᠠᠬᠤ ᠠᠭᠤᠷ ᠠᠮᠢᠰᠬᠤᠯ ᠡᠳᠦᠷ ᠢᠷᠡᠬᠦᠶ᠎ᠡ | ᠥᠳᠬᠡᠷᠡᠵᠦ᠂ ᠲᠥᠪ ᠴᠢᠬᠡᠴᠢ ᠤᠯᠤᠰ ᠲᠥᠷᠦ ᠶᠢᠨ ᠠᠮᠢ ᠠᠬᠤᠶ ᠶᠠᠭ ᠪᠦᠷᠢᠯᠳᠦᠵᠦ ᠪᠠᠶᠢᠨ᠎ᠠ᠃ ᠥᠨᠥᠳᠥᠷ ᠤᠨ | ᠦᠬᠠᠢ ᠳᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠭ ᠰᠠᠨᠠᠭ᠎ᠠ ᠪᠠᠨ ᠨᠢᠭᠡᠳᠬᠡᠨ ᠡᠷᠡᠯᠬᠡᠭᠯᠡᠨ ᠲᠡᠮᠡᠴᠡᠵᠦ᠂ | ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠨ ᠳᠠᠬᠢᠨ ᠮᠣᠷᠳᠠᠵᠤ᠂ ᠥᠷᠨᠢᠨ ᠬᠥᠭᠵᠢᠭᠰᠡᠨ ᠰᠢᠨ᠎ᠡ | ᠠᠶᠠᠨ ᠳᠠᠭᠠᠨ ᠢᠳᠡᠷᠡᠭᠦᠨ ᠠᠯᠬᠤᠭ᠎ᠠ ᠪᠠᠷ ᠤᠷᠤᠭᠰᠢᠯᠠᠵᠤ ᠪᠠᠶᠢᠨ᠎ᠠ᠃ | ᠨᠠᠶᠢᠵᠠ ᠨᠠᠷ ᠠ᠂ ᠦᠬᠠᠶ ᠶᠢᠨ 43 ᠵᠢᠯ ᠤᠨ ᠭᠡᠷᠡᠯ ᠰᠠᠴᠤᠷᠠᠩᠭᠤᠶ ᠬᠥᠭᠵᠢᠯᠲᠡ ᠶᠢᠨ ᠶᠠᠪᠤᠴᠠ ᠨᠢ ᠰᠢᠨ᠎ᠡ | ᠳᠤᠮᠳᠠᠳᠤ ᠤᠯᠤᠰ ᠤᠨ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠲᠡᠤᠬᠡ ᠶᠢᠨ | ᠳᠠᠪᠠᠯᠲᠠ ᠶᠢ ᠭᠦᠢᠴᠠᠤᠡ ᠭᠡᠷᠡᠴᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠤᠯᠤᠰ ᠲᠥᠷᠦ ᠶᠢᠨ ᠳᠠᠪᠠᠭᠤᠯᠢᠭ ᠢ | ᠬᠦᠴᠦᠲᠡᠶ ᠢᠯᠡᠷᠡᠭᠦᠯᠪᠡ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠦᠬᠠᠶ | ᠬᠤᠲᠠ ᠶᠢᠨ ᠡᠯ᠎ᠡ ᠵᠤᠶᠢᠯ ᠤᠨ ᠠᠵᠢᠯ ᠦᠢᠯᠡᠰ ᠤᠨ ᠬᠥᠭᠵᠢᠯᠲᠡ ᠰᠢᠨ᠎ᠡ ᠨᠠᠩ ᠶᠡᠭᠡ ᠠᠮᠵᠢᠯᠲᠠ ᠣᠯᠵᠤ᠂ ᠡᠨᠡ ᠨᠢ | ᠶᠡᠷᠦᠩᠬᠡᠶ ᠱᠦᠵᠢ ᠰᠢ ᠶᠢᠨ ᠫᠢᠩ ᠡᠨᠡᠬᠦ ᠭᠤᠤᠯᠯᠠᠭᠴᠢ ᠵᠠᠯᠠᠭᠤᠷ ᠢ ᠠᠳᠬᠤᠵᠤ ᠵᠠᠮᠴᠢᠯᠠᠭᠰᠠᠨ᠂ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠠᠴᠠ ᠪᠣᠯᠤᠭᠰᠠᠨ᠂ ᠮᠦᠨᠴᠤ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ ᠤᠳᠤᠷᠢᠳᠤᠯᠭ᠎ᠠ ᠠᠴᠠ ᠪᠣᠯᠤᠭᠰᠠᠨ᠂ ᠮᠦᠨᠴᠤ ᠥᠷᠭᠡᠨ | ᠣᠯᠠᠨ ᠺᠠᠳ᠋ᠷ ᠣᠯᠠᠨ ᠲᠦᠮᠡᠨ ᠤ ᠰᠢᠷᠭᠠᠭᠤ ᠬᠠᠲᠠᠭᠤᠵᠢᠯᠲᠠᠶ ᠪᠣᠳᠠᠲᠠᠶ ᠠᠵᠢᠭᠯᠠᠭᠰᠠᠨ ᠠᠴᠠ ᠪᠣᠯᠤᠭᠰᠠᠨ ᠶᠤᠮ᠂ | ᠮᠦᠨᠴᠤᠨᠡᠢᠭᠡᠮ ᠤᠨ ᠡᠯ᠎ᠡ ᠡᠲᠡᠭᠡᠳ ᠤᠨ ᠬᠥᠮᠦᠰ ᠤᠨ ᠠᠩᠬᠠᠷᠤᠯ ᠳᠡᠮᠵᠢᠯᠭᠡ ᠠᠴᠠ ᠪᠣᠯᠤᠭᠰᠠᠨ ᠶᠤᠮ᠃ | ᠲᠦᠮᠡᠨ ᠭᠠᠵᠠᠷ ᠤᠨ ᠰᠠᠯᠬᠢ ᠳᠠᠪᠠᠯᠭᠠᠨ ᠢ ᠰᠥᠷᠦᠨ ᠤᠷᠤᠭᠰᠢᠯᠠᠵᠤ᠂ ᠬᠦᠨᠳᠦ ᠡᠭᠦᠷᠭᠡ ᠮᠢᠩᠭᠠᠨ | ᠪᠠᠷᠲᠠᠭ᠎ᠠ ᠶᠢᠨ ᠠᠶᠠᠨ ᠳᠤ ᠳᠠᠬᠢᠨ ᠮᠣᠷᠳᠠᠨ᠎ᠠ᠃ ᠲᠡᠤᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠦᠬᠠᠶ ᠶᠢᠨ | ᠡᠯ᠎ᠡ ᠦᠨᠳᠦᠰᠦᠲᠡᠨ ᠺᠠᠳ᠋ᠷ ᠣᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠠᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠤᠡᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ | ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠬᠦᠮᠳᠡᠨ ᠲᠡᠮᠡᠴᠡᠵᠦ᠂ ᠡᠯ᠎ᠡ ᠵᠤᠶᠢᠯ ᠤᠨ ᠠᠵᠢᠯ ᠢᠶᠠᠨ ᠰᠠᠶᠢᠲᠤᠷ ᠬᠢᠵᠦ᠂ ᠰᠢᠯᠢᠳᠡᠭ ᠠᠮᠵᠢᠯᠲᠠ ᠪᠠᠷ ᠢᠶᠠᠨ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ᠂ ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ | ᠲᠡᠷᠭᠡᠯᠰᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃ | | | |