︽ᠠᠷᠠᠳ ᠤᠨ ᠳᠠᠭᠤᠨ ᠢ ᠥᠷᠭᠡᠨ ᠢᠶᠠᠷ ᠰᠣᠨᠣᠰᠴᠤ᠂ ᠡᠭᠦᠳᠡ ᠪᠠᠨ ᠨᠡᠭᠡᠭᠡᠵᠦ ᠢᠳᠬᠠᠯ ᠠᠪᠬᠤ︾᠎ ᠶᠢ ᠥᠷᠨᠢᠭᠦᠯᠬᠦ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2019/9/20
     ᠪᠥᠬᠦ ᠲᠤᠭᠤᠷᠢᠭ  ᠤᠨ ︽ᠠᠷᠠᠳ ᠤᠨ ᠳᠠᠭᠤᠨ ᠢ ᠥᠷᠭᠡᠨ ᠢᠶᠠᠷ ᠰᠣᠨᠣᠰᠴᠤ᠂ ᠡᠭᠦᠳᠡ ᠪᠠᠨ ᠨᠡᠭᠡᠭᠡᠨ ᠢᠳᠬᠠᠯ ᠢ ᠰᠣᠨᠣᠰᠬᠤ︾ ᠭᠤᠤᠯ ᠰᠡᠳᠦᠪᠲᠦ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠥᠭᠡᠷᠡᠴᠢᠯᠡᠬᠦ︾᠎ ᠶᠢ ᠢᠮᠠᠭᠲᠠ ᠲᠤᠣᠱᠠᠯᠠᠭᠤᠯᠵᠤ᠂ ︽ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠤᠡᠪᠤᠷᠢᠯᠡᠬᠦ︾᠎ ᠶᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠬᠢᠨ 9 ᠰᠠᠷ᠎ᠠ ᠶᠢᠨ 17᠎ ᠤ ᠡᠳᠦᠷ ︵ᠭᠠᠷᠠᠭ ᠤᠨ ᠨᠢᠭᠡᠨ︶᠎ ᠠᠴᠠ ᠡᠬᠢᠯᠡᠨ᠂ 11 ᠰᠠᠷ᠎ᠠ ᠶᠢᠨ 30᠎ ᠤ ᠡᠳᠦᠷ ︵ᠭᠠᠷᠠᠭ ᠤᠨ ᠵᠢᠷᠭᠤᠭᠠᠨ︶ ᠪᠣᠯᠲᠠᠯ᠎ᠠ᠂ ᠬᠠᠶᠢᠷᠤᠪ ᠤᠨ ᠲᠣᠬᠤᠢ ᠲᠣᠭᠤᠷᠢᠭ ᠤᠨ ᠬᠡᠪᠴᠢᠶᠡᠨ ᠳᠤ ︽ᠠᠷᠠᠳ ᠤᠨ ᠳᠠᠭᠤᠨ ᠢ ᠥᠷᠭᠡᠨ ᠢᠶᠠᠷ ᠰᠣᠨᠣᠰᠴᠤ᠂ ᠡᠭᠦᠳᠡ ᠪᠠᠨ ᠨᠡᠭᠡᠭᠡᠵᠦ ᠢᠳᠬᠠᠯ ᠰᠠᠨᠠᠭᠤᠯᠭ᠎ᠠ ᠶᠢ ᠬᠦᠯᠢᠶᠡᠨ ᠠᠪᠬᠤ︾ ᠠᠵᠢᠯ ᠢ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠰᠠᠨᠠᠯ ᠰᠠᠨᠠᠭᠤᠯᠭ᠎ᠠ ᠶᠢ ᠭᠦᠢᠴᠠᠤᠡ ᠰᠣᠨᠣᠰᠬᠤ ᠪᠠᠷ ᠲᠣᠭᠲᠠᠪᠠ᠃ ᠬᠦᠯᠢᠶᠡᠨ ᠠᠪᠴᠤ ᠰᠢᠢᠤᠡᠪᠤᠷᠢᠯᠡᠬᠦ ᠠᠰᠠᠭᠤᠳᠠᠯ ᠪᠠ ᠰᠠᠨᠠᠯ᠂ ᠰᠠᠨᠠᠭᠤᠯᠭ᠎ᠠ ᠶᠢ ᠲᠣᠭᠲᠠᠭᠠᠯ ᠶᠣᠰᠣᠭᠠᠷ ᠬᠢᠨᠠᠮᠠᠭᠠᠶ ᠰᠤᠳᠤᠯᠤᠨ ᠰᠢᠢᠤᠡᠪᠤᠷᠢᠯᠡᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠰᠢᠪᠠᠳᠠᠨ‌‍ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠎ᠠ᠃ ᠳᠣᠤᠷᠠᠬᠢ 15 ᠲᠠᠯ᠎ᠠ ᠪᠠᠷ ᠭᠤᠤᠯᠳᠠᠯᠭ᠎ᠠ ᠲᠠᠢ ᠠᠰᠠᠭᠤᠳᠠᠯ ᠲᠤᠰᠬᠠᠬᠤ ᠪᠠ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠶ᠃      2. ᠣᠨᠣᠯ ᠤᠨ ᠰᠤᠷᠤᠯᠴᠠᠯᠭ᠎ᠠ ᠶᠢ ᠬᠦᠨᠳᠦᠳᠬᠡᠬᠦ ᠦᠭᠡᠢ᠂ ᠰᠣᠨᠢᠷᠬᠠᠯ ᠦᠭᠡᠢ ᠠᠰᠠᠭᠤᠳᠠᠯ ᠢ ᠴᠡᠭᠴᠡᠯᠡᠨ ᠵᠠᠰᠠᠬᠤ᠃      4. ᠠᠵᠢᠯ ᠬᠢᠵᠦ ᠤᠶᠢᠯᠡᠰ ᠪᠣᠰᠬᠠᠬᠤ ᠴᠤᠭ ᠵᠢᠪᠬᠤᠭ᠎ᠠ ᠬᠦᠷᠦᠯᠴᠡᠬᠦ ᠦᠭᠡᠢ᠂ ᠣᠯᠵᠤ ᠠᠯᠳᠠᠬᠤ ᠪᠠᠨ ᠪᠣᠳᠣᠵᠤ᠂ ︽ᠬᠠᠷᠢᠭᠤᠴᠠᠯᠭ᠎ᠠ ᠪᠠᠨ ᠬᠠᠶᠠᠵᠤ︾᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠪᠠᠶᠢᠬᠤ ᠠᠰᠠᠭᠤᠳᠠᠯ ᠢ ᠴᠡᠭᠴᠡᠯᠡᠨ ᠵᠠᠰᠠᠨ᠎ᠠ᠃      7. ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠤᠳᠤᠷᠢᠳᠬᠤ ᠺᠠᠳ᠋ᠷᠴᠤᠳ ᠤᠨ ᠬᠤᠯᠪᠣᠰᠤ᠂ ᠦᠷ᠎ᠡ ᠬᠡᠤᠬᠡᠳ ᠵᠢᠴᠢ ᠲᠡᠳᠡᠨ ᠤ ᠬᠤᠯᠪᠣᠰᠤ ᠶᠢᠨ ᠲᠣᠭᠲᠠᠭᠠᠯ ᠠᠴᠠ ᠵᠥᠷᠢᠴᠡᠨ ᠬᠤᠳᠠᠯᠳᠤᠭ᠎ᠠ ᠮᠠᠶᠢᠮᠠᠶ ᠬᠢᠵᠦ ᠠᠵᠤ ᠠᠬᠤᠶᠢᠯᠠᠯ ᠡᠷᠬᠢᠯᠡᠬᠦ ᠠᠰᠠᠭᠤᠳᠠᠯ ᠢ ᠴᠡᠭᠴᠡᠯᠡᠨ ᠵᠠᠰᠠᠨ᠎ᠠ᠃      10. ᠱᠠᠯᠢᠭ ᠵᠠᠪᠬᠠᠶ ᠵᠤᠶᠢᠯ᠂ ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ ᠪᠠ ᠬᠠᠷ᠎ᠠ ᠬᠠᠷᠭᠢᠰ ᠬᠦᠴᠦᠨ ᠢ ᠳᠤᠷ᠎ᠠ ᠪᠠᠷ ᠨᠢ ᠲᠠᠯᠪᠢᠬᠤ᠂ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠬᠤ᠂ ᠴᠢᠨᠠᠭᠰᠢᠯᠠᠪᠠᠯ ︽ᠬᠠᠮᠠᠭᠠᠯᠠᠭᠴᠢ︾ ᠪᠣᠯᠬᠤ ᠠᠰᠠᠭᠤᠳᠠᠯ ᠢ ᠴᠡᠭᠴᠡᠯᠡᠨ ᠵᠠᠰᠠᠨ᠎ᠠ᠃      13. ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠳᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ᠃      15. ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠨ᠎ᠠ᠃      ᠲᠤᠰᠬᠠᠶ ᠤᠲᠠᠰᠤ᠄ 0473 — 2059668 ︵ᠬᠦᠯᠢᠶᠡᠨ ᠠᠪᠬᠤ ᠴᠠᠭ ᠨᠢ ᠠᠵᠢᠯᠯᠠᠬᠤ ᠡᠳᠦᠷ ᠤᠨ ᠭᠠᠷᠠᠭ  ᠤᠨ ᠨᠢᠭᠡᠨ  ᠠᠴᠠ ᠭᠠᠷᠠᠭ  ᠤᠨ ᠲᠠᠪᠤᠨ  ᠤ ᠦᠳᠡ ᠶᠢᠨ ᠡᠮᠦᠨᠡᠬᠢ 8᠄ 30 — 12᠄ 00᠂ ᠦᠳᠡ ᠶᠢᠨ  ᠬᠤᠶᠢᠨᠠᠬᠢ 15᠄ 00 — 18᠄ 00︶᠃      ᠵᠠᠬᠢᠳᠠᠯ ᠢᠷᠡᠭᠦᠯᠦᠭᠰᠡᠨ ᠬᠠᠶ᠋ᠢᠭ᠄ ᠬᠠᠶᠢᠷᠤᠪ ᠤᠨ ᠲᠣᠬᠤᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 201 ᠥᠷᠥᠭᠡ᠂ ᠰᠢᠤᠳᠠᠨ ᠳ᠋ᠤᠭᠠᠷ᠄ 016000      ᠦᠭᠡ ᠦᠯᠡᠳᠡᠭᠡᠬᠦ ᠲᠤᠰᠬᠠᠶ ᠪᠤᠯᠤᠩ᠄      ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠰᠦᠯᠵᠢᠶ᠎ᠡ᠄ ( www .hbwdj . gov.cn︶      ︽ᠡᠭᠦᠳᠡ ᠪᠠᠨ ᠨᠡᠭᠡᠭᠡᠵᠦ ᠢᠳᠬᠠᠯ ᠠᠪᠬᠤ︾ ᠲᠤᠰᠬᠠᠶ ᠰᠡᠳᠦᠪᠲᠦ ᠦᠭᠡ ᠦᠯᠡᠳᠡᠭᠡᠬᠦ ᠰᠠᠮᠪᠠᠷ᠎ᠠ ᠳᠡᠭᠡᠷ᠎ᠡ ᠦᠭᠡ ᠦᠯᠡᠳᠡᠭᠡ   ᠣᠨᠴᠠᠭᠠᠢᠯᠠᠨ ᠵᠠᠷᠯᠠᠪᠠ               ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠪᠡ︾ ᠭᠤᠤᠯ ᠰᠡᠳᠦᠪᠲᠦ ᠰᠤᠷᠭᠠᠨ ᠬᠥᠮᠦᠵᠢᠯ ᠤᠨ ᠤᠳᠤᠷᠢᠳᠬᠤ ᠳᠤᠭᠤᠢᠯᠠᠩ ᠤᠨ ᠠᠯᠪᠠᠨ ᠭᠡᠷ                           2019 ᠤᠨ ᠤ 9 ᠰᠠᠷ᠎ᠠ ᠶᠢᠨ 18᠎ ᠤ ᠡᠳᠦᠷ
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号