ᠦᠬᠠᠶ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠳ᠋ᠦᠩᠨᠡᠯᠲᠡ
ᠨᠡᠶᠢᠲᠡᠯᠡᠭᠰᠡᠨ ᠴᠠᠭ᠄
2019-09-20
     ᠰᠦᠯᠵᠢᠶᠡᠨ ᠤ ᠠᠮᠤᠷ ᠲᠦᠪᠰᠢᠨ ᠢ ᠠᠬᠢᠭᠤᠯᠬᠤ ᠶᠢᠨ ᠲᠥᠯᠥᠭᠡ᠂ ᠪᠣᠬᠢᠷᠲᠤᠯ ᠦᠭᠡᠢ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ ᠶᠢ ᠪᠠᠶᠢᠭᠤᠯᠵᠤ᠂ ᠰᠦᠯᠵᠢᠶᠡᠨ ᠤ ᠠᠮᠤᠷ ᠲᠦᠪᠰᠢᠨ ᠳᠤ ᠬᠥᠮᠦᠨ ᠪᠦᠬᠦᠨ ᠣᠷᠣᠯᠴᠠᠵᠤ᠂ ᠬᠥᠮᠦᠨ ᠪᠦᠬᠦᠨ ᠣᠷᠣᠯᠴᠠᠭᠰᠠᠨ‌‍ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ 9 ᠰᠠᠷ᠎ᠠ ᠶᠢᠨ 16 ᠤ ᠡᠳᠦᠷ᠂ ᠦᠬᠠᠶ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ︽ᠰᠦᠯᠵᠢᠶᠡᠨ ᠤ ᠠᠮᠤᠷ ᠲᠦᠪᠰᠢᠨ ᠠᠷᠠᠤᠡ  ᠤᠨ ᠲᠦᠯᠤᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ︾ ᠭᠡᠬᠦ ᠭᠤᠤᠯ ᠰᠡᠳᠦᠪᠲᠦ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠨᠢᠭᠡ᠂ ︽ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠢ ᠥᠷᠨᠢᠭᠦᠯᠦᠨ᠎ᠡ      ᠲᠤᠭ ᠮᠠᠨᠳᠤᠭᠤᠯᠬᠤ ᠶᠣᠰᠣᠯᠠᠯ ᠪᠠ ᠤᠯᠤᠰ  ᠤᠨ ᠲᠤᠭ ᠳᠣᠤᠷᠠᠬᠢ ᠶᠠᠷᠢᠶ᠎ᠠ ᠶᠢ ᠠᠰᠢᠭᠯᠠ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ︽ᠪᠣᠯᠪᠠᠰᠤᠨ ᠢᠶᠠᠷ ᠰᠦᠯᠵᠢᠶᠡᠨ ᠳᠤ ᠭᠠᠷᠬᠤ ᠠᠵᠢᠯᠯᠠᠭ᠎ᠠ︾ ᠶᠢᠨ ᠰᠠᠨᠠᠭᠠᠴᠢᠯᠠᠭ᠎ᠠ ᠶᠢᠨ ᠪᠢᠴᠢᠭ ᠢ ᠳᠤᠷᠠᠳᠤᠨ ᠭᠠᠷᠭᠠᠵᠤ᠂ ᠪᠦᠬᠦ ᠰᠤᠷᠤᠭᠴᠢᠳ ᠢ ︽ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠦᠯᠵᠢᠶᠡᠨ ᠤ ᠪᠣᠯᠪᠠᠰᠤᠨ ᠤ ᠨᠡᠶᠢᠲᠡ ᠶᠢᠨ ᠭᠡᠷ᠎ᠡ︾ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠣᠳᠣ ᠠᠴᠠ ᠡᠬᠢᠯᠡᠨ ᠪᠡᠶ᠎ᠡ ᠪᠠᠨ ᠬᠦᠨᠳᠦᠳᠬᠡᠵᠦ᠂ ᠪᠡᠶ᠎ᠡ ᠪᠠᠨ ᠪᠠᠷᠢᠵᠤ᠂ ᠪᠣᠯᠪᠠᠰᠤᠨ ᠰᠦᠯᠵᠢᠶᠡᠨ ᠳᠤ ᠭᠠᠷᠴᠤ᠂ ᠪᠣᠯᠪᠠᠰᠤᠨ ᠬᠥᠮᠦᠨ ᠪᠣᠯᠬᠤ ᠶᠢ ᠤᠷᠢᠶᠠᠯᠠᠪᠠ᠃
     ᠬᠤᠶᠠᠷ᠂ ᠰᠦᠯᠵᠢᠶᠡᠨ ᠤ ᠠᠮᠤᠷ ᠲᠦᠪᠰᠢᠨ ᠤ ᠭᠤᠤᠯ ᠰᠡᠳᠦᠪᠲᠦ ᠠᠩᠭᠢ ᠶᠢᠨ ᠬᠤᠷᠠᠯ ᠢ ᠬᠤᠷᠠᠯᠳᠤᠭᠤᠯᠪᠠ      ᠰᠤᠷᠤᠭᠴᠢᠳ ᠢ ᠵᠣᠬᠢᠶᠠᠨ ᠪᠠᠶᠢᠭᠤᠯᠤᠨ ᠰᠦᠯᠵᠢᠶᠡᠨ ᠤ ᠠᠮᠤᠷ ᠲᠦᠪᠰᠢᠨ ᠤ ᠬᠥᠮᠦᠵᠢᠯ ᠤᠨ ᠬᠠᠷᠠᠭᠠᠨ ᠳᠠᠪᠲᠠᠮᠵᠢ ᠶᠢ ᠦᠵᠡᠭᠦᠯᠵᠦ᠂ ᠰᠤᠷᠤᠭᠴᠢ ᠨᠥᠬᠦᠳ ᠲᠤ ᠰᠦᠯᠵᠢᠶ᠎ᠡ ᠪᠣᠯ ᠨᠢᠭᠡᠨ ᠬᠤᠤᠰ ᠢᠷᠲᠦ ᠰᠡᠯᠡᠮ᠎ᠡ ᠮᠥᠨ ᠭᠡᠳᠡᠭ ᠢ ᠭᠦᠢᠴᠠᠤᠡ ᠲᠠᠨᠢᠭᠤᠯᠵᠤ᠂ ᠰᠦᠯᠵᠢᠶᠡᠨ ᠤ ᠡᠬᠢ ᠪᠠᠶᠠᠯᠢᠭ ᠢ ᠰᠠᠶᠢᠲᠤᠷ ᠠᠰᠢᠭᠯᠠ ᠥᠪᠡᠷ ᠤᠨ ᠠᠮᠢᠳᠤᠷᠠᠯ ᠪᠠ ᠰᠤᠷᠤᠯᠴᠠᠯᠭ᠎ᠠ ᠳᠠᠭᠠᠨ ᠳᠥᠭᠦᠮ ᠦᠵᠡᠭᠦᠯᠬᠦ ᠶᠢᠨ ᠬᠠᠮᠲᠤ ᠪᠠᠰᠠ ᠰᠦᠯᠵᠢᠶᠡᠨ ᠳᠡᠭᠡᠷᠡᠬᠢ ᠰᠠᠭᠠᠳ ᠲᠣᠳᠬᠠᠷ ᠢ ᠳᠠᠭᠠᠭᠠᠵᠤ ᠳᠠᠢᠯᠠᠬᠤ ᠬᠡᠷᠡᠭᠲᠡᠶ᠂ ᠵᠠᠷᠢᠮ ᠡᠷᠡᠭᠦᠯ ᠪᠤᠰᠤ ᠰᠦᠯᠵᠢᠶᠡᠨ ᠤ ᠥᠷᠲᠡᠭᠡ  ᠵᠢ‌ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠰᠦᠯᠵᠢᠶ᠎ᠡ ᠶᠢ ᠠᠰᠢᠭᠯᠠ ᠡᠷᠡᠭᠦᠯ ᠪᠤᠰᠤ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ᠦᠭᠡᠢ᠂ ᠰᠦᠯᠵᠢᠶᠡᠨ ᠤ ᠠᠮᠤᠷ ᠲᠦᠪᠰᠢᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠤᠯᠤᠰ ᠤᠨ ᠰᠦᠯᠵᠢᠶᠡᠨ ᠤ ᠠᠮᠤᠷ ᠲᠦᠪᠰᠢᠨ ᠢ ᠢᠳᠡᠪᠬᠢᠲᠡᠢ ᠬᠠᠮᠠᠭᠠᠯᠠᠬᠤ ᠬᠡᠷᠡᠭᠲᠡᠶ᠃
     ᠭᠤᠷᠪᠠ᠂ ᠣᠯᠠᠨ ᠵᠤᠶᠢᠯ  ᠤᠨ ᠠᠷᠭ᠎ᠠ ᠬᠡᠮᠵᠢᠶ᠎ᠡ ᠠᠪᠴᠤ ᠰᠦᠯᠵᠢᠶᠡᠨ ᠤ ᠠᠮᠤᠷ ᠲᠦᠪᠰᠢᠨ ᠤ ᠬᠥᠮᠦᠵᠢᠯ ᠢ ᠠᠬᠢᠭᠤᠯᠤᠨ᠎ᠠ      ᠰᠦᠯᠵᠢᠶᠡᠨ ᠤ ᠠᠮᠤᠷ ᠲᠦᠪᠰᠢᠨ ᠤ ᠬᠥᠮᠦᠵᠢᠯ ᠤᠨ ᠬᠢᠴᠢᠶᠡᠯ ᠢ ᠰᠠᠶᠢᠲᠤᠷ ᠣᠷᠣᠵᠤ᠂ ᠭᠤᠤᠯ ᠰᠡᠳᠦᠪᠲᠦ ᠰᠠᠮᠪᠠᠷ᠎ᠠ ᠶᠢᠨ ᠰᠣᠨᠢᠨ ᠤ ᠰᠢᠯᠭᠠᠷᠠᠭᠤᠯᠤᠯᠲᠠ ᠶᠢ ᠵᠣᠬᠢᠶᠠᠨ ᠪᠠᠶᠢᠭᠤᠯᠵᠤ᠂ ᠭᠡᠷ ᠤᠨ ᠠᠬᠠᠮᠠᠳ ᠲᠤ ᠥᠭᠭᠦᠭᠰᠡᠨ ᠨᠢᠭᠡ ᠬᠤᠪᠢ ᠵᠠᠬᠢᠳᠠᠯ ᠢ ᠲᠠᠷᠬᠠᠭᠠᠵᠤ᠂ ᠡᠯᠧᠺᠲᠷᠣᠨ ᠳᠡᠯᠭᠡᠴᠡ᠂ ᠰᠤᠷᠭᠠᠭᠤᠯᠢ ᠶᠢᠨ ᠬᠦᠷᠢᠶᠡᠨ ᠤ ᠷᠠᠳᠢᠣ᠋ ᠨᠡᠪᠲᠡᠷᠡᠭᠦᠯᠭᠡ ᠵᠡᠷᠭᠡ ᠣᠯᠠᠨ ᠵᠤᠶᠢᠯ ᠤᠨ ᠠᠷᠭ᠎ᠠ ᠵᠠᠮ ᠢᠶᠠᠷ ᠰᠤᠷᠤᠭᠴᠢᠳ ᠲᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠪᠠ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢ ᠲᠦᠭᠡᠮᠡᠯᠵᠢᠭᠦᠯᠵᠦ᠂ ᠰᠤᠷᠤᠭᠴᠢᠳ ᠢ ᠬᠠᠪᠰᠤᠷᠤᠨ ᠵᠥᠪ ᠣᠨᠣᠪᠴᠢᠲᠠᠶ ᠰᠦᠯᠵᠢᠶᠡᠨ ᠳᠤ ᠭᠠᠷᠬᠤ ᠦᠵᠡᠯᠲᠡ ᠢ  ᠪᠣᠶ ᠪᠣᠯᠭᠠᠵᠤ᠂ ᠰᠤᠷᠤᠭᠴᠢᠳ ᠲᠤ ᠠᠮᠤᠷ ᠲᠦᠪᠰᠢᠨ᠂ ᠪᠣᠯᠪᠠᠰᠤᠨ᠂ ᠡᠷᠡᠭᠦᠯ ᠰᠦᠯᠵᠢᠶᠡᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
     ᠲᠤᠷᠰᠢᠯᠲᠠ ᠶᠢᠨ ᠪᠠᠭ᠎ᠠ ᠰᠤᠷᠭᠠᠭᠤᠯᠢ ᠴᠤ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠢᠶᠠᠷ ᠠᠵᠠ ᠲᠣᠬᠢᠶᠠᠯ ᠪᠣᠯᠭᠠᠵᠤ᠂ ᠬᠠᠮᠢᠶ᠎ᠠ ᠪᠦᠬᠦᠢ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠣᠬᠢᠷᠲᠤᠯ ᠥᠬᠡᠶ ᠰᠦᠯᠵᠢᠶ᠎ᠡ ᠶᠢ ᠪᠠᠶᠢᠭᠤᠯᠵᠤ᠂ ᠰᠠᠶᠢᠨ ᠰᠠᠶᠢᠬᠠᠨ ᠰᠦᠯᠵᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ ᠲᠠᠰᠤᠷᠠᠯᠲᠠ ᠥᠬᠡᠶ ᠴᠢᠷᠮᠠᠶᠢᠨ᠎ᠠ᠃                                                             ᠦᠬᠠᠶ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ                               2019 ᠤᠨ ᠤ 9 ᠰᠠᠷ᠎ᠠ ᠶᠢᠨ 19 ᠤ ᠡᠳᠦᠷ
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号