ᠠᠷᠢᠭᠤᠨ ᠴᠡᠪᠡᠷ᠂ ᠳᠡᠷᠢ ᠲᠡᠭᠰᠢ ᠳᠦᠷᠢ ᠲᠥᠷᠬᠦ ᠪᠠᠷ ᠤᠯᠤᠰ ᠤᠨ ᠪᠠᠶᠠᠷ ᠤᠨ 70 ᠵᠢᠯ ᠤᠨ ᠣᠢ ᠶᠢ | ᠤᠭᠲᠤᠬᠤ ᠶᠢᠨ ᠲᠥᠯᠥᠭᠡ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠪᠠᠷ ᠠᠵᠠ ᠲᠣᠬᠢᠶᠠᠯ ᠪᠣᠯᠭᠠᠵᠤ᠂ 9 ᠰᠠᠷ᠎ᠠ ᠶᠢᠨ 18 ᠤ ᠦᠳᠡ ᠶᠢᠨ ᠡᠮᠦᠨ᠎ᠡ᠂ ᠨᠡᠶᠢᠭᠡᠮ | ᠲᠣᠭᠤᠷᠢᠭ ᠤᠨ ᠬᠢᠨ ᠨᠠᠮ ᠤᠨ ᠭᠡᠰᠢᠭᠦᠨ ᠤ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠤᠨ | ᠠᠵᠢᠯᠲᠠᠳ ᠲᠠᠢ ᠬᠠᠮᠲᠤᠪᠠᠷ ︽ᠤᠯᠤᠰ ᠤᠨ ᠪᠠᠶᠠᠷ ᠤᠨ 70 ᠵᠢᠯ ᠤᠨ ᠣᠢ ᠶᠢ ᠪᠠᠶᠠᠷᠯᠠᠨ ᠤᠭᠲᠤᠵᠤ᠂ ᠰᠠᠶᠢᠨ | ᠳᠤᠷ᠎ᠠ ᠠᠴᠠ ᠪᠠᠨ ᠦᠵᠡᠰᠬᠦᠯᠡᠩᠲᠦ ᠰᠠᠶᠢᠬᠠᠨ ᠱᠢ ᠼᠧᠩ ᠶᠢ ᠬᠠᠮᠲᠤ ᠪᠠᠷ ᠪᠦᠲᠦᠭᠡᠨ ᠪᠠᠶᠢᠭᠤᠯᠬᠤ︾ ᠴᠡᠪᠡᠷᠯᠡᠨ | ᠠᠷᠢᠯᠭᠠᠬᠤ ᠠᠵᠢᠯᠯᠠᠭ᠎ᠠ ᠶᠢ ᠥᠷᠨᠢᠭᠦᠯᠪᠡ᠃ | ᠲᠣᠰ ᠡᠳᠦᠷ ᠤᠨᠥᠷᠯᠥᠭᠡ ᠡᠷᠲᠡ ᠰᠠᠶᠢᠨ ᠳᠤᠷ᠎ᠠ ᠶᠢᠨ ᠦᠢᠯᠡᠴᠢᠯᠡᠭᠴᠢᠳ ᠨᠡᠶᠢᠭᠡᠮ ᠲᠣᠭᠤᠷᠢᠭ ᠲᠤ | ᠬᠦᠷᠴᠦ ᠢᠷᠡᠪᠡ᠂ ᠲᠡᠳᠡᠨ ᠤ ᠠᠵᠢᠯ ᠶᠢᠨ ᠬᠤᠪᠢᠶᠠᠷᠢᠯᠠᠯ ᠨᠢ ᠡᠮᠬᠢ ᠳᠠᠷᠠᠭ᠎ᠠ ᠲᠠᠢ ᠪᠠᠶᠢᠵᠤ᠂ ᠬᠥᠮᠥᠨ ᠨᠢᠭᠡᠪᠦᠷᠢ | ᠴᠥᠮ ᠠᠷᠢᠭᠤᠨ ᠴᠡᠪᠡᠷ ᠤᠨ ᠪᠠᠭᠠᠵᠢ ᠶᠢ ᠠᠤᠡᠬᠤᠵᠤ ᠭᠤᠣᠯᠳᠠᠯᠭ᠎ᠠ ᠲᠠᠢ ᠪᠠᠷ ᠲᠣᠭᠤᠷᠢᠭ ᠳᠣᠲᠣᠷᠠᠬᠢ ᠭᠤᠣᠯ | ᠪᠣᠯᠬᠤ ᠳᠡᠳ᠋ ᠵᠠᠮ ᠢ ᠴᠡᠪᠡᠷᠯᠡᠵᠦ᠂ ᠬᠤᠭ ᠨᠣᠪᠰᠢ ᠶᠢᠨ ᠳᠦᠩᠰᠡᠨ ᠳᠡᠭᠡᠷᠡᠬᠢ ᠬᠤᠭ ᠨᠣᠪᠰᠢ ᠪᠣᠯᠤᠨ ᠬᠤᠭ | ᠨᠣᠪᠰᠢ ᠶᠢ ᠲᠥᠪᠯᠡᠷᠡᠭᠦᠯᠦᠨ ᠴᠡᠪᠡᠷᠯᠡᠵᠦ᠂ ᠣᠯᠠᠨ ᠢᠶᠠᠷ ᠢᠶᠠᠨ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠶᠠᠳᠠᠷᠠᠯ | ᠵᠦᠳᠡᠷᠡᠯ ᠠᠴᠠ ᠠᠶᠤᠬᠤ ᠦᠭᠡᠢ᠂ ᠣᠯᠠᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ ᠪᠦᠬᠦ ᠨᠡᠶᠢᠭᠡᠮ ᠲᠣᠭᠤᠷᠢᠭ ᠤᠨ | ᠠᠷᠢᠭᠤᠨ ᠴᠡᠪᠡᠷ ᠢ ᠰᠣᠯᠢᠵᠤ ᠠᠪᠴᠢᠷᠠᠭᠰᠠᠨ ᠪᠠᠢᠨ᠎ᠠ᠃ | ᠲᠣᠰ ᠤᠳᠠᠭᠠᠨ ᠤ ᠣᠷᠴᠢᠨ ᠲᠣᠭᠤᠷᠢᠨ ᠤ ᠶᠡᠭᠡ ᠴᠡᠪᠡᠷᠯᠡᠯᠲᠡ ᠪᠠᠷ ᠳᠠᠮᠵᠢᠨ᠂ ᠨᠡᠶᠢᠭᠡᠮ ᠲᠣᠭᠤᠷᠢᠭ ᠤᠨ | ᠠᠷᠢᠭᠤᠨ ᠴᠡᠪᠡᠷ ᠤᠨ ᠥᠨᠴᠥᠭ ᠪᠤᠯᠤᠩ ᠢ ᠠᠷᠢᠯᠭᠠᠵᠤ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ | ᠬᠠᠷᠢᠶ᠎ᠠ ᠣᠷᠣᠨ ᠤ ᠣᠷᠴᠢᠨ ᠲᠣᠭᠤᠷᠢᠨ ᠢ ᠨᠠᠩ ᠴᠡᠪᠡᠷ᠂ ᠠᠷᠢᠭᠤᠨ ᠴᠡᠪᠡᠷ᠂ ᠡᠮᠬᠢ ᠳᠢᠭᠯᠢᠮ ᠲᠠᠢ ᠪᠣᠯᠭᠠᠵᠤ᠂ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠦᠵᠡᠰᠬᠦᠯᠡᠩᠲᠦ ᠰᠠᠶᠢᠬᠠᠨ ᠬᠤᠲᠠ ᠶᠢᠨ | ᠵᠢᠷᠤᠭ ᠢ ᠨᠡᠮᠡᠷᠢᠯᠡᠭᠰᠡᠨ ᠪᠠᠶᠢᠨ᠎ᠠ᠃ | | | | | | | | | | | | |