ᠥᠪᠡᠷᠲᠡᠭᠡᠨ ᠵᠠᠰᠠᠬᠤ ᠣᠷᠣᠨ ᠤ ᠤᠯᠤᠰ ᠲᠦᠷᠤ ᠬᠠᠣᠯᠢ ᠴᠠᠭᠠᠵᠠ ᠶᠢᠨ ᠬᠤᠷᠢᠶ᠎ᠠ ᠪᠠ ᠰᠤᠷᠭᠠᠨ ᠬᠥᠮᠦᠵᠢᠯ ᠤᠨ ᠲᠢᠩᠬᠢᠮ ᠬᠠᠶᠢᠷᠤᠪ ᠤᠨ ᠲᠣᠬᠤᠢ ᠲᠣᠭᠤᠷᠢᠭ ᠲᠤ ᠢᠷᠡᠵᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ᠰᠦᠷᠳᠡᠭᠦᠯᠦᠯ ᠢ ᠡᠰᠡᠷᠭᠦᠴᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2019-09-20
     9 ᠳ᠋ᠦᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠤ ᠬᠠᠣᠯᠢ ᠴᠠᠭᠠᠵᠠ‌‍ᠶᠢᠨ ᠬᠤᠷᠢᠶᠠᠨ ᠤ ᠲᠣᠭᠤᠷᠢᠨ ᠪᠠᠶᠢᠴᠠᠭᠠᠭᠴᠢ ᠬᠤᠤ ᠢᠦᠶ ᠮᠢᠩ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠮᠤᠷ ᠲᠦᠪᠰᠢᠨ ᠤ ᠭᠠᠵᠠᠷ ᠤᠨ ᠳᠠᠷᠤᠭ᠎ᠠ ᠵᠠᠩ ᠪᠥᠸᠧ ᠨᠡᠷ ᠮᠠᠨ ᠤ ᠲᠤᠭᠤᠷᠢᠭ ᠳᠤ ᠢᠷᠡᠵᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯᠤᠨ ᠰᠦᠷᠳᠡᠭᠦᠯᠦᠯ ᠢ ᠡᠰᠡᠷᠭᠦᠴᠡᠬᠦ ᠠᠵᠢᠯ ᠢ ᠪᠠᠶᠢᠴᠠᠭᠠᠪᠠ᠃ ᠲᠡᠷᠡ ᠤᠷᠢᠳ ᠬᠤᠵᠢᠳ ᠲᠢᠩᠬᠢᠮ ᠬᠠᠶᠢᠷᠤᠪ ᠤᠨ ᠲᠣᠬᠤᠢ ᠲᠣᠭᠤᠷᠢᠭ ᠤᠨ ᠨᠠᠢᠮᠠᠳᠤᠭᠠᠷ ᠪᠠᠭ᠎ᠠ ᠰᠤᠷᠭᠠᠭᠤᠯᠢ ᠪᠠ ᠬᠠᠶᠢᠷᠤᠪ ᠤᠨ ᠲᠣᠬᠤᠢ ᠲᠣᠭᠤᠷᠢᠭ ᠤᠨ ᠨᠢᠭᠡᠳᠤᠭᠡᠷ ᠴᠡᠴᠡᠷᠯᠢᠭ ᠬᠢᠨᠠᠨ ᠵᠢᠯᠣᠭᠤᠳᠴᠤ ᠪᠠᠶᠢᠴᠠᠭᠠᠪᠠ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠮᠢᠩ ᠢᠦ᠂ ᠬᠤᠲᠠ ᠶᠢᠨ ᠤᠯᠤᠰ ᠲᠦᠷᠤ ᠬᠠᠣᠯᠢ ᠴᠠᠭᠠᠵᠠ‌‍ᠶᠢᠨ ᠬᠤᠷᠢᠶᠠᠨ ᠤ ᠳᠡᠳ᠋ ᠱᠦᠵᠢ ᠵᠠᠩ ᠵᠢᠶᠠᠨ ᠬᠤᠸᠠ᠂ ᠬᠤᠲᠠ ᠶᠢᠨ ᠰᠤᠷᠭᠠᠨ ᠬᠥᠮᠦᠵᠢᠯ ᠤᠨ ᠳᠡᠳ᠋ ᠳᠠᠷᠤᠭ᠎ᠠ ᠴᠢᠶᠣᠤ ᠶᠤᠸᠠᠢ ᠴᠢᠩ᠂ ᠲᠣᠭᠤᠷᠢᠭ ‍ᠤᠨ‌ᠤᠯᠤᠰ ᠲᠦᠷᠤ ᠬᠠᠣᠯᠢ ᠴᠠᠭᠠᠵᠠ‌‍ᠶᠢᠨ ᠬᠤᠷᠢᠶᠠᠨ ᠤ ᠱᠦᠵᠢ ᠯᠢᠦ ᠬᠦ᠋ ᠵᠡᠷᠭᠡ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠪᠠ᠃       ᠬᠢᠨᠠᠨ ᠵᠢᠯᠣᠭᠤᠳᠬᠤ ᠲᠤᠭᠤᠶᠢᠯᠠᠩ ᠡᠭᠦᠳᠡᠨ ᠭᠡᠷ ᠤᠨ ᠨᠢᠭᠡ ᠳᠠᠷᠤᠪᠴᠢᠲᠤ ᠲᠦᠭᠰᠢᠭᠦᠷᠢ ᠮᠡᠳᠡᠭᠡᠯᠡᠬᠦ ᠰᠢᠰᠲ᠋ᠧᠮ᠂ ᠬᠢᠨᠠᠨ ᠡᠵᠡᠮᠳᠡᠬᠦ᠂ ᠠᠮᠤᠷ ᠢ ᠬᠠᠮᠠᠭᠠᠯᠠᠭᠴᠢ ᠶᠢᠨ ᠰᠡᠷᠭᠡᠶᠢᠯᠡᠨ ᠬᠠᠮᠠᠭᠠᠯᠠᠬᠤ ᠬᠤᠪᠴᠠᠰᠤ ᠬᠤᠨᠠᠷ ᠵᠢᠴᠢ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠵᠢᠴᠢ ᠬᠡᠷᠡᠭᠯᠡᠭᠰᠡᠨ ᠪᠠᠶᠢᠳᠠᠯ ᠢ ᠪᠠᠶᠢᠴᠠᠭᠠᠨ ᠦᠵᠡᠵᠦ᠂ ᠡᠯ᠎ᠡ ᠰᠤᠷᠭᠠᠭᠤᠯᠢ ᠶᠢᠨ ᠤᠳᠤᠷᠢᠳᠤᠯᠭ᠎ᠠ ᠶᠢᠨ ᠵᠢᠵᠢᠭᠦᠷᠯᠡᠬᠦ ᠳᠦᠷᠢᠮ ᠤᠨ ᠨᠠᠶᠢᠳᠠᠪᠤᠷᠢᠵᠢᠭᠤᠯᠤᠯᠲᠠ ᠵᠢᠴᠢ ᠰᠤᠷᠤᠭᠴᠢᠳ ᠤᠨ ᠬᠢᠴᠢᠶᠠᠯ ᠤᠷᠤᠬᠤ᠂ ᠬᠢᠴᠢᠶᠠᠯ ᠠᠴᠠ ᠪᠠᠨ ᠪᠠᠭᠤᠬᠤ ᠦᠶ᠎ᠡ ᠶᠢᠨ ᠵᠢᠵᠢᠭᠦᠷ ᠤᠨ ᠠᠵᠢᠯ ᠢ ᠣᠶᠢᠯᠠᠭᠠᠵᠤ᠂ ᠭᠠᠯ ᠤᠨᠲᠠᠷᠠᠭᠠᠬᠤ ᠪᠠ ᠢᠳᠡᠭᠡᠨ ᠤ ᠠᠮᠤᠷ ᠲᠦᠪᠰᠢᠨ ᠤ ᠳᠦᠷᠢᠮ ᠤᠨ ᠨᠠᠶᠢᠳᠠᠪᠤᠷᠢᠵᠢᠭᠤᠯᠤᠯᠲᠠ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠤᠨ ᠠᠰᠠᠭᠤᠳᠠᠯ ᠤᠨ ᠡᠬᠡ ᠳᠠᠩᠰᠠ ᠶᠢᠨ ᠪᠠᠶᠢᠭᠤᠯᠤᠯᠲᠠ ᠵᠢᠴᠢ ᠴᠡᠭᠴᠡᠯᠡᠨ ᠵᠠᠰᠠᠭᠰᠠᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠰᠤᠷᠭᠠᠭᠤᠯᠢ ᠶᠢᠨ ᠤᠰᠤ ᠬᠡᠷᠡᠭᠯᠡᠬᠦ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠬᠢᠨᠠᠨ ᠵᠢᠯᠣᠭᠤᠳᠬᠤ ᠲᠤᠭᠤᠶᠢᠯᠠᠩ ᠤᠨ ᠬᠢᠨ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠠᠮᠤᠷ ᠲᠦᠪᠰᠢᠨ ᠤ ᠠᠵᠢᠯ ᠶᠢᠨ ᠣᠯᠤᠭᠰᠠᠨ ᠠᠮᠵᠢᠯᠲᠠ ᠶᠢ ᠭᠦᠢᠴᠠᠤᠡ ᠨᠤᠲᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠶᠢᠨ ᠰᠡᠷᠭᠡᠶᠢᠯᠡᠯᠲᠡ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ᠂ ᠡᠯ᠎ᠡ ᠵᠤᠶᠢᠯ ᠤᠨ ᠠᠮᠤᠷ ᠲᠦᠪᠰᠢᠨ ᠤ ᠠᠵᠢᠯ ᠶᠢᠨ ᠳᠦᠷᠢᠮ ᠲᠣᠭᠲᠠᠭᠠᠯ ᠢ ᠰᠠᠶᠢᠲᠤᠷ ᠨᠠᠶᠢᠳᠠᠪᠤᠷᠢᠵᠢᠭᠤᠯᠬᠤ᠂ ᠬᠡᠮ ᠰᠣᠭᠤᠭ ᠢ ᠰᠠᠶᠢᠲᠤᠷ ᠪᠠᠶᠢᠴᠠᠭᠠᠵᠤ᠂ ᠰᠤᠷᠭᠠᠭᠤᠯᠢ ᠶᠢᠨ ᠬᠦᠷᠢᠶ᠎ᠡ ᠶᠢ ᠨᠠᠩ ᠠᠮᠤᠷ ᠲᠦᠪᠰᠢᠨ ᠪᠣᠯᠭᠠᠵᠤ᠂ ᠭᠡᠷ ᠤᠨ ᠠᠬᠠᠮᠠᠳ ᠢ ᠨᠠᠩ ᠰᠠᠨᠠᠭ᠎ᠠ ᠠᠮᠤᠷ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
ᠬᠢᠨᠠᠨ ᠵᠢᠯᠣᠭᠤᠳᠬᠤ ᠳᠤᠭᠤᠶᠢᠯᠠᠩ ᠬᠠᠶᠢᠷᠤᠪ ᠤᠨ ᠲᠣᠬᠤᠢ ᠲᠣᠭᠤᠷᠢᠭ ᠤᠨ ᠨᠢᠭᠡᠳᠤᠭᠡᠷ ᠴᠡᠴᠡᠷᠯᠢᠭ ᠤᠨ ᠲᠤᠬᠠᠶ ᠶᠢᠨ
ᠭᠠᠵᠠᠷ ᠲᠤᠨᠢ ᠪᠠᠶᠢᠴᠠᠭᠠᠨ ᠦᠵᠡᠪᠡ
     ᠬᠢᠨᠠᠨ ᠵᠢᠯᠣᠭᠤᠳᠬᠤ ᠳᠤᠭᠤᠶᠢᠯᠠᠩ ᠬᠠᠶᠢᠷᠤᠪ ᠤᠨ ᠲᠣᠬᠤᠢ ᠲᠣᠭᠤᠷᠢᠭ ᠤᠨ ᠨᠠᠢᠮᠠᠳᠤᠭᠠᠷ ᠪᠠᠭ᠎ᠠ ᠰᠤᠷᠭᠠᠭᠤᠯᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号