︽ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ︾ | ᠱᠠᠭᠠᠷᠳᠠᠯᠭ᠎ᠠ ᠲᠠᠢ ᠤᠶᠠᠯᠳᠤᠭᠤᠯᠵᠤ᠂ 9 ᠰᠠᠷ᠎ᠠ ᠶᠢᠨ 23 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ︽ | ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠰᠠᠯᠠᠭᠠᠨ ᠤ ᠲᠡᠰ ᠤᠨ ᠺᠠᠳ᠋ᠷ ᠵᠢᠴᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠢᠱᠢᠶ᠎ᠡ | ᠦᠵᠡᠭᠦᠯᠬᠦ ᠪᠣᠯᠪᠠᠰᠤᠷᠠᠯ ᠤᠨ ᠠᠩᠭᠢ ᠵᠢᠩᠬᠢᠨᠢ ᠪᠠᠷ ᠡᠬᠢᠯᠡᠪᠡ᠃ | ᠠᠩᠭᠢ ᠡᠬᠢᠯᠡᠬᠦ ᠶᠣᠰᠣᠯᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠡᠷᠬᠢᠯᠡᠭᠴᠢ ᠰᠦᠩ ᠶᠤᠸᠠᠢ ︽ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠥᠲᠥᠯᠪᠦᠷᠢ︾ ᠶᠢᠨ | ᠲᠤᠬᠠᠶ ᠨᠠᠷᠢᠨ ᠲᠠᠶᠢᠯᠤᠮᠵᠢ ᠬᠢᠪᠡ᠃ | ᠲᠣᠰ ᠤᠳᠠᠭ᠎ᠠ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠰᠠᠯᠠᠭᠠᠨ ᠤ ᠲᠡᠰ ᠤᠨ ᠺᠠᠳ᠋ᠷ ᠵᠢᠴᠢ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠶᠢ ᠬᠤᠶᠠᠷ ᠬᠤᠭᠤᠴᠠᠭ᠎ᠠ | ᠬᠤᠪᠢᠶᠠᠵᠤ᠂ ᠨᠡᠶᠢᠲᠡ 6 ᠡᠳᠦᠷ ᠤᠨ ᠬᠤᠭᠤᠴᠠᠭ᠎ᠠ ᠲᠠᠢ᠂ 9 ᠰᠠᠷ᠎ᠠ ᠶᠢᠨ 28 ᠤ ᠡᠳᠦᠷ ᠳᠠᠭᠤᠰᠤᠨ᠎ᠠ᠃ | ᠪᠣᠯᠪᠠᠰᠤᠷᠠᠯ ᠨᠢ ᠲᠤᠰᠬᠠᠶ ᠰᠡᠳᠦᠪᠲᠦ ᠬᠠᠪᠰᠤᠷᠤᠨ ᠵᠢᠯᠣᠭᠤᠳᠤᠯᠭ᠎ᠠ᠂ ᠬᠤᠪᠢ ᠬᠥᠮᠦᠨ ᠤᠨ ᠰᠤᠷᠤᠯᠴᠠᠯᠭ᠎ᠠ᠂ | ᠲᠤᠭᠤᠶᠢᠯᠠᠩ ᠬᠤᠪᠢᠶᠠᠨ ᠶᠠᠷᠢᠯᠴᠠᠬᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠣᠨᠢᠷᠬᠠᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ︽ᠰᠢ ᠶᠢᠨ ᠫᠢᠩ ᠤᠨ ︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ﹀ ᠲᠤᠬᠠᠶ ᠴᠢᠬᠤᠯᠠ ᠥᠭᠦᠯᠡᠯᠲᠡ ᠶᠢᠨ ᠰᠣᠩᠭᠤᠮᠠᠯ︾᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠳᠦᠷᠢᠮ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾᠂ ᠶᠡᠷᠦᠩᠬᠡᠶ ᠱᠦᠵᠢ ᠰᠢ ᠶᠢᠨ ᠫᠢᠩ ᠤᠨ ︽ | ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠠᠵᠢᠯ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠪᠠ ᠲᠥᠷᠦ ᠶᠢᠨ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠵᠡᠷᠭᠡ 7 ᠳᠡᠪᠲᠡᠷ ᠪᠠ ᠣᠯᠠᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠪᠠ᠃ | | | | ᠡᠭᠦᠨ ᠤ ᠳᠤ ᠬᠠᠮᠲᠤ᠂ ᠪᠣᠯᠪᠠᠰᠤᠷᠠᠯ ᠤᠨ ᠠᠩᠭᠢ ᠭᠤᠤᠯ ᠰᠡᠳᠦᠪᠲᠦ ᠬᠥᠮᠦᠵᠢᠯ ᠤᠨ ᠦᠨᠳᠦᠰᠦᠨ ᠡᠭᠦᠷᠭᠡ᠂ | ︽ᠠᠷᠪᠠᠨ ᠬᠤᠶᠠᠷ ᠦᠰᠦᠭ︾ ᠤᠨ ᠶᠡᠷᠦᠩᠬᠡᠶ ᠱᠠᠭᠠᠷᠳᠠᠯᠭ᠎ᠠ ᠪᠣᠯᠤᠨ ︽ᠲᠠᠪᠤᠨ ᠦᠭᠡ︾ ᠶᠢᠨ ᠬᠠᠷᠠᠯᠲᠠ ᠶᠢᠨ | ᠲᠣᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ | ᠲᠤᠤᠱᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ︾᠂ ︽ᠨᠠᠮ ᠤᠨ ᠳᠦᠷᠢᠮ ᠢ ᠰᠤᠷᠤᠯᠴᠠᠵᠤ᠂ ᠨᠠᠮ ᠤᠨ | ᠳᠦᠷᠢᠮ ᠢ ᠵᠢᠷᠤᠮᠯᠠᠬᠤ ᠵᠢᠱᠢᠶᠡᠴᠢ ᠪᠣᠯᠬᠤ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠰᠠᠶᠢᠲᠤᠷ ᠬᠡᠷᠡᠭᠯᠡᠬᠦ︾ | ᠵᠡᠷᠭᠡ ᠵᠢᠷᠭᠤᠭᠠᠨ ᠲᠤᠰᠬᠠᠶ ᠰᠡᠳᠦᠪ ᠢᠶᠠᠷ ᠲᠤᠰᠬᠠᠶ ᠰᠡᠳᠦᠪᠲᠦ ᠠᠵᠢᠯᠯᠠᠭ᠎ᠠ ᠥᠷᠨᠢᠭᠦᠯᠵᠦ᠂ ᠬᠠᠶᠢᠷᠤᠪ ᠤᠨ ᠲᠣᠬᠤᠢ | ᠲᠣᠭᠤᠷᠢᠭ ᠤᠨ ᠰᠠᠯᠠᠭᠠᠨ ᠲᠡᠰ ᠤᠨ ᠤᠳᠤᠷᠢᠳᠬᠤ ᠺᠠᠳ᠋ᠷ ᠣᠷᠣᠯᠴᠠᠪᠠ᠃ | ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠬᠤᠪᠢ ᠬᠥᠮᠦᠨ ᠤ | ᠰᠤᠷᠤᠯᠴᠠᠯᠭ᠎ᠠ᠂ ᠲᠤᠰᠬᠠᠶ ᠰᠡᠳᠦᠪᠲᠦ ᠰᠤᠷᠤᠯᠴᠠᠯᠭ᠎ᠠ᠂ ᠬᠠᠪᠰᠤᠷᠤᠨ ᠵᠢᠯᠣᠭᠤᠳᠬᠤ ᠲᠠᠶᠢᠯᠤᠮᠵᠢ᠂ ᠲᠥᠪᠯᠡᠷᠡᠭᠦᠯᠦᠨ | ᠰᠤᠳᠤᠯᠤᠨ ᠶᠠᠷᠢᠯᠴᠠᠬᠤ᠂ ᠲᠤᠬᠠᠶ ᠶᠢᠨ ᠲᠠᠯᠠᠪᠠᠢ ᠶᠢᠨ ᠬᠥᠮᠦᠵᠢᠯ ᠤᠨ ᠬᠡᠯᠪᠡᠷᠢ ᠪᠠᠷ ᠰᠤᠷᠤᠯᠴᠠᠯᠭ᠎ᠠ ᠬᠥᠮᠦᠵᠢᠯ ᠢ | ᠢᠳᠡᠪᠬᠢᠲᠡᠢ ᠴᠢᠩᠭᠠᠳᠬᠠᠵᠠᠶ᠃ | ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠬᠤᠪᠢ ᠬᠥᠮᠦᠨ ᠤ | ᠰᠤᠷᠤᠯᠴᠠᠯᠭ᠎ᠠ ᠪᠠᠷ ᠭᠤᠤᠯᠯᠠᠵᠤ᠂ ︽ᠰᠢ ᠶᠢᠨ ᠫᠢᠩ ᠤᠨ ︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠲᠤᠬᠠᠶ ᠥᠭᠦᠯᠡᠯᠲᠡ ᠶᠢᠨ ᠲᠡᠭᠦᠪᠦᠷᠢ︾ ᠵᠡᠷᠭᠡ ᠨᠣᠮ ᠢ ᠲᠡᠷᠡ | ᠬᠡᠪ ᠢᠶᠠᠷ ᠨᠢ ᠤᠩᠰᠢᠪᠠ᠃ ᠰᠤᠷᠤᠯᠴᠠᠯᠭ᠎ᠠ ᠶᠢᠨ ᠬᠦᠴᠦᠷᠬᠡᠭ ᠤᠯᠤᠰ᠂ ᠦᠬᠠᠶ ᠶᠢᠨ ᠨᠠᠮ ᠤᠨ ᠪᠠᠶᠢᠭᠤᠯᠤᠯᠲᠠ ᠶᠢᠨ | ᠰᠦᠯᠵᠢᠶ᠎ᠡ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠰᠦᠯᠵᠢᠶ᠎ᠡ᠂ ᠠᠮᠢᠵᠢᠷᠠᠯ ᠤᠨ | ᠬᠦᠴᠦᠨ ᠪᠦᠬᠦᠢ ᠬᠠᠶᠢᠷᠤᠪ ᠤᠨ ᠲᠤᠭᠤᠷᠢᠭ ᠤᠨ ᠭᠠᠷ ᠤᠲᠠᠰᠤᠨ ᠤ A P P ᠵᠡᠷᠭᠡ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠲᠠᠪᠴᠠᠩ ᠤᠨ ᠬᠡᠯᠪᠡᠷᠢ ᠮᠠᠶ᠋ᠢᠭ ᠢ ᠪᠠᠶᠠᠯᠢᠭᠵᠢᠭᠤᠯᠪᠠ᠃ ᠲᠤᠭᠤᠷᠢᠭ ᠤᠨᠨᠠᠮ ᠤᠨ | ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠲᠤᠭᠤᠶᠢᠯᠠᠩ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠬᠠᠶ ᠴᠢᠬᠤᠯᠠ | ᠥᠭᠦᠯᠡᠯᠲᠡ ᠶᠢ ᠰᠤᠷᠤᠯᠴᠠᠨ ᠲᠤᠤᠱᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠯᠤᠰ | ᠲᠥᠷᠦ ᠵᠢᠨᠪᠠᠶᠢᠭᠤᠯᠤᠯᠲᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠬᠦᠰᠡᠯᠡᠩ ᠢᠲᠡᠭᠡᠯ ᠪᠢᠰᠢᠷᠡᠯ᠂ | ᠵᠣᠷᠢᠯᠲᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠵᠡᠷᠭᠡ ᠶᠢᠨ ᠲᠣᠭᠤᠷᠢᠨ ᠳᠤ | ᠲᠦᠷᠦᠭᠦᠯᠡᠨ ᠰᠤᠷᠤᠯᠴᠠᠵᠤ᠂ ᠲᠥᠪᠯᠡᠷᠡᠭᠦᠯᠦᠨ ᠰᠤᠷᠤᠯᠴᠠᠬᠤ ᠶᠢ ᠴᠢᠩᠭᠠᠳᠬᠠᠪᠠ᠃ | ᠲᠡᠷᠡᠴᠢᠯᠡᠨ ︽ᠬᠤᠤᠰ ᠠᠮᠠᠷᠠᠯᠲᠠ ᠶᠢᠨ ᠡᠳᠦᠷ ᠤᠨ ᠲᠠᠶᠢᠯᠤᠮᠵᠢ︾ ᠶᠢ ᠠᠰᠢᠭᠯᠠ᠂ ᠲᠤᠰᠬᠠᠶ ᠮᠡᠷᠭᠡᠵᠢᠯᠲᠡᠨ | ᠡᠷᠳᠡᠮᠲᠡᠨ ᠢ ᠤᠷᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ | ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠶ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠤᠤᠯᠳᠠᠯᠭ᠎ᠠ ᠲᠠᠢ ᠵᠣᠬᠢᠶᠠᠨᠪᠠᠶᠢᠭᠤᠯᠵᠤ ᠰᠤᠷᠤᠯᠴᠠᠪᠠ᠃ ᠳᠡᠷᠭᠡᠳᠡᠬᠢ | ᠨᠡᠶᠢᠲᠡᠯᠢᠭ ᠵᠢᠱᠢᠶ᠎ᠡ ᠪᠠᠷ ᠨᠠᠮ ᠤᠨ ᠭᠡᠰᠢᠭᠦᠨ ᠺᠠᠳ᠋ᠷ ᠢ ᠬᠠᠪᠰᠤᠷᠤᠨ ᠰᠤᠷᠤᠯᠴᠠᠯᠭ᠎ᠠ ᠲᠠᠨᠢᠯᠲᠠ ᠶᠢ ᠨᠢ | ᠭᠦᠨᠵᠡᠭᠡᠶᠢᠷᠡᠭᠦᠯᠵᠦ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠎ᠡ᠃ ᠬᠠᠶᠢᠷᠤᠪ ᠤᠨ | ᠲᠣᠬᠤᠢ ᠲᠣᠭᠤᠷᠢᠭ ᠪᠠᠰᠠ ᠡᠯ᠎ᠡ ᠱᠠᠲᠤᠨ ᠤ ᠤᠳᠤᠷᠢᠳᠬᠤ ᠪᠠᠭ ᠢ ᠰᠠᠷ᠎ᠠ ᠪᠦᠷᠢ ᠠᠳᠠᠭ ᠲᠠᠭᠠᠨ 1 ᠭᠤᠤᠯ ᠰᠡᠳᠦᠪ | ᠲᠣᠬᠢᠷᠠᠭᠤᠯᠵᠤ᠂ ᠭᠤᠤᠯ ᠰᠡᠳᠦᠪᠲᠦ ᠬᠥᠮᠦᠵᠢᠯ ᠰᠤᠷᠤᠯᠴᠠᠯᠭ᠎ᠠ ᠶᠢᠨ ᠲᠤᠰᠬᠠᠶ ᠰᠡᠳᠦᠪ ᠤᠨ ᠲᠣᠭᠤᠷᠢᠨ ᠳᠤ | ᠲᠥᠪᠯᠡᠷᠡᠭᠦᠯᠦᠨ᠂ ᠣᠯᠤᠯᠲᠠ ᠲᠥᠷᠥᠭᠳᠡᠯ ᠢᠶᠠᠨ ᠰᠣᠯᠢᠯᠴᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ | ᠭᠦᠨᠵᠡᠭᠡᠶᠢᠷᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠬᠠᠶᠢᠷᠤᠪ ᠤᠨ ᠲᠣᠬᠤᠢ ᠲᠣᠭᠤᠷᠢᠭ ᠲᠤ ᠪᠠᠰᠠ ︽ᠲᠠᠪᠤᠨ ᠨᠢᠭᠡ︾ ᠶᠢᠨ ᠠᠵᠢᠯᠯᠠᠭ᠎ᠠ ᠶᠢ ᠭᠤᠤᠯᠳᠠᠯᠭ᠎ᠠ ᠲᠠᠢ | ᠥᠷᠨᠢᠭᠦᠯᠪᠡ᠃ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠲᠥᠷᠥᠯ ᠤᠨ ᠬᠤᠪᠢᠰᠬᠠᠯ ᠤᠨ ᠬᠥᠮᠦᠵᠢᠯ ᠤᠨ | ᠰᠠᠭᠤᠷᠢᠨ ᠭᠠᠵᠠᠷ ᠲᠤ ᠲᠦᠰᠢᠭᠯᠡᠨ ᠨᠢᠭᠡ ᠤᠳᠠᠭ᠎ᠠ ᠶᠢᠨ ᠬᠤᠪᠢᠰᠬᠠᠯ ᠤᠨ ᠤᠯᠠᠮᠵᠢᠯᠠᠯ ᠤᠨ ᠬᠥᠮᠦᠵᠢᠯ ᠥᠷᠨᠢᠭᠦᠯᠵᠦ᠂ | ᠡᠯ᠎ᠡ ᠬᠦᠷᠢᠶᠡᠨ ᠤ ᠬᠦᠴᠢᠷ ᠢ ᠲᠤᠭᠤᠯᠤᠨ ᠪᠡᠷᠬᠡ ᠶᠢ ᠳᠠᠪᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠠᠰᠢᠭᠯᠠ | ᠨᠢᠭᠡ ᠤᠳᠠᠭ᠎ᠠ ᠶᠢᠨ ᠬᠥᠮᠦᠵᠢᠯ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠢ ᠵᠣᠬᠢᠶᠠᠨᠪᠠᠶᠢᠭᠤᠯᠵᠤ ᠠᠳᠠᠭ ᠲᠠᠭᠠᠨ | ᠨᠢᠭᠡ ᠤᠳᠠᠭ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠤᠮᠠᠷᠠᠲᠤ ᠬᠢᠯᠢ ᠶᠢᠨ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠪᠣᠳᠠᠲᠤ ᠳᠦᠷᠰᠦ | ᠰᠢᠩᠭᠡᠭᠡᠯᠲᠡ ᠶᠢ ᠦᠵᠡᠵᠦ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠨᠢᠭᠡ ᠤᠳᠠᠭ᠎ᠠ ᠶᠢᠨ | ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠥᠷᠨᠢᠭᠦᠯᠵᠦ᠂ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠵᠤ ᠨᠢᠭᠡ | ᠤᠳᠠᠭ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠺᠢᠨᠣ᠋ ︽ᠤᠭ | ᠰᠠᠨᠠᠭᠠᠨ ᠤ ᠲᠤᠷᠤᠶᠢᠲᠠᠯ︾ ᠢ ᠲᠥᠪᠯᠡᠷᠡᠭᠦᠯᠦᠨ ᠰᠣᠨᠢᠷᠬᠠᠪᠠ᠃ ᠡᠯᠪᠡᠭ ᠪᠠᠶᠠᠯᠢᠭ ᠰᠤᠷᠤᠯᠴᠠᠬᠤ ᠬᠡᠯᠪᠡᠷᠢ ᠪᠠᠷ | ᠰᠤᠷᠤᠯᠴᠠᠯᠭ᠎ᠠ ᠶᠢᠨ ᠬᠠᠨᠳᠤᠯᠭᠠᠲᠤ ᠴᠢᠨᠠᠷ᠂ ᠪᠣᠳᠠᠲᠤ ᠬᠦᠴᠦᠨ ᠪᠠ ᠨᠥᠯᠥᠭᠡᠯᠡᠬᠦ ᠬᠦᠴᠦᠨ ᠢ ᠦᠨᠡᠨ ᠬᠦ | ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠤᠶᠢᠯᠡᠳᠤᠯᠭᠡ ᠶᠢᠨ ᠬᠥᠳᠡᠯᠭᠡᠭᠴᠢ ᠬᠦᠴᠦᠨ ᠪᠣᠯᠭᠠᠨ | ᠬᠤᠪᠢᠷᠠᠭᠤᠯᠬᠤ ᠪᠠᠷ ᠴᠢᠷᠮᠠᠶᠢᠨ᠎ᠠ᠃ | |