9 ᠰᠠᠷ᠎ᠠ ᠶᠢᠨ 21 ᠤ ᠡᠳᠦᠷ᠂ ᠴᠡᠭᠡᠯ ᠠᠭᠤᠯᠠ ᠪᠠᠯᠭᠠᠰᠤᠨ ᠤ ᠬᠤᠶᠠᠳᠤᠭᠠᠷ ᠬᠤᠭᠤᠴᠠᠭᠠᠨ ᠤ | ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠸᠠᠩ ᠶᠤᠸᠠᠨ ᠳ᠋ᠢ ᠲᠣᠰᠬᠤᠨ ᠳᠤ ᠡᠬᠢᠯᠡᠪᠡ᠃ ᠲᠣᠰ | ᠤᠳᠠᠭᠠᠨ ᠤ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠶᠢ ᠴᠡᠭᠡᠯ ᠠᠭᠤᠯᠠ ᠪᠠᠯᠭᠠᠰᠤ ᠭᠤᠤᠯᠯᠠᠨ ᠡᠷᠬᠢᠯᠡᠵᠦ᠂ | ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ | ᠪᠠᠩᠬᠢ ᠦᠬᠠᠶ ᠬᠤᠲᠠ ᠤ ᠬᠤᠪᠢᠶᠠᠷᠢ ᠪᠠᠩᠬᠢ ᠬᠠᠮᠲᠤᠷᠠᠨ ᠡᠷᠬᠢᠯᠡᠪᠡ᠃ | ᠠᠵᠢᠯᠯᠠᠭ᠎ᠠ ᠨᠢ ︽ᠡᠯᠪᠡᠭ ᠬᠤᠷᠢᠶᠠᠯᠲᠠ ᠣᠯᠤᠭᠰᠠᠨ ᠪᠠᠶᠠᠷ︾ ᠭᠡᠬᠦ ᠪᠥᠵᠢᠭ ᠤᠨ ᠲᠤᠮᠳᠠ ᠡᠬᠢᠯᠡᠵᠦ᠂ | ᠭᠤᠶᠢᠳᠠ ᠰᠠᠶᠢᠬᠠᠨ ᠪᠥᠵᠢᠭ᠂ ᠳᠠᠭᠤᠤ ᠬᠥᠭᠵᠢᠮ᠂ ᠮᠣᠷᠢᠨ ᠬᠤᠭᠤᠷ ᠤᠨ ᠲᠣᠭᠯᠠᠯᠲᠠ ᠵᠡᠷᠭᠡ ᠲᠣᠭᠯᠠᠯᠲᠠ ᠲᠠᠶᠢᠰᠠᠨ | ᠳᠤ ᠲᠣᠭᠯᠠᠵᠤ᠂ ᠣᠯᠠᠩᠬᠢ ᠲᠣᠭᠯᠠᠯᠲᠠ ᠨᠢ ᠪᠦᠷ ᠠᠷᠠᠳ ᠣᠯᠠᠨ ᠥᠪᠡᠷ ᠢᠶᠠᠷ ᠨᠠᠶᠢᠷᠠᠭᠤᠯᠵᠤ ᠥᠪᠡᠷ ᠢᠶᠠᠷ | ᠵᠢᠯᠣᠭᠤᠳᠴᠤ ᠥᠪᠡᠷ ᠢᠶᠠᠷ ᠲᠣᠭᠯᠠᠭᠰᠠᠨ ᠶᠤᠮ᠃ ᠡᠭᠦᠨ ᠳᠤ᠂ ︽ᠰᠠᠭᠠᠭ ᠤᠨ ᠴᠡᠴᠡᠭ︾᠂ ︽ᠪᠠᠶᠠᠷ | ᠪᠠᠶᠠᠰᠬᠤᠯᠠᠩᠲᠤ ᠳᠤᠮᠳᠠᠳᠤ ᠤᠯᠤᠰ ᠤᠨ ᠵᠢᠯ︾ ᠵᠡᠷᠭᠡ ᠲᠣᠭᠯᠠᠯᠲᠠ ᠨᠢ ᠮᠠᠰᠢ ᠣᠨᠴᠠᠯᠢᠭ ᠲᠠᠢ ᠪᠠᠶᠢᠵᠤ᠂ | ᠲᠠᠷᠢᠶᠠᠯᠠᠬᠤ ᠣᠷᠣᠨ ᠤ ᠰᠠᠭᠤᠭᠠᠯᠢᠠᠷᠠᠳ ᠤᠨ ᠪᠤᠶᠠᠨ ᠬᠡᠰᠢᠭ ᠢ ᠳᠠᠭᠠᠳᠬᠠᠵᠤ ᠲᠠᠷᠢᠶ᠎ᠠ ᠲᠠᠷᠢᠭᠰᠠᠨ ᠠᠴᠠ ᠡᠯᠪᠡᠭ | ᠬᠤᠷᠢᠶᠠᠯᠲᠠ ᠣᠯᠬᠤ ᠪᠤᠯᠲᠠᠯ᠎ᠠ ᠬᠢ ᠶᠢ ᠢᠯᠡᠷᠡᠭᠦᠯᠤᠭ᠍ᠰᠡᠨ ᠪᠠᠶᠢᠨ᠎ᠠ᠂ ᠲᠤᠬᠠᠶ ᠶᠢᠨ ᠲᠠᠯᠠᠪᠠᠢ ᠶᠢᠨ ᠦᠵᠡᠭᠴᠢᠳ ᠲᠤ | ᠡᠯᠪᠡᠭ ᠪᠠᠶᠠᠯᠢᠭ ᠰᠣᠶᠣᠯ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ ᠠᠵᠢᠯᠯᠠᠭ᠎ᠠ ᠨᠢ ᠪᠠᠰᠠ ᠦᠬᠠᠶ ᠶᠢᠨ | ᠣᠨᠴᠠᠯᠢᠭᠲᠤ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠭᠠᠵᠠᠷ ᠤᠨ ᠨᠡᠷᠡᠲᠦ ᠲᠡᠮᠳᠡᠭᠲᠦ | ︽ᠪᠤᠶᠠᠨ ᠦᠬᠠᠶ︾ ᠶᠢᠨ ᠫᠠᠶᠢᠰᠠ ᠶᠢ ᠰᠡᠬᠦᠪᠡ᠃ | ᠡᠭᠦᠨ ᠤ ᠳᠤ ᠬᠠᠮᠲᠤ᠂ ᠡᠯᠪᠡᠭ ᠬᠤᠷᠢᠶᠠᠯᠲᠠ ᠶᠢᠨ ᠪᠠᠶᠠᠷ ᠲᠤ ᠪᠠᠰᠠ ᠲᠠᠷᠢᠶᠠᠯᠠᠩ ᠤᠨ ᠪᠦᠲᠦᠭᠡᠭᠳᠡᠬᠦᠨ ᠤ | ᠳᠡᠯᠭᠡᠨ ᠪᠣᠷᠣᠯᠠᠭᠤᠯᠬᠤ ᠴᠤᠭᠯᠠᠭᠠᠨ ᠢ ᠪᠠᠶᠢᠭᠤᠯᠵᠤ᠂ ᠨᠡᠶᠢᠲᠡ 50 ᠳᠡᠯᠭᠡᠭᠦᠷ ᠭᠠᠷᠭᠠᠵᠠᠶ᠂ ᠡᠯ᠎ᠡ ᠲᠣᠰᠬᠤᠨ᠂ | ᠨᠡᠶᠢᠭᠡᠮ ᠲᠣᠭᠤᠷᠢᠭ ᠠᠴᠠ ᠢᠷᠡᠭᠰᠡᠨ ᠬᠥᠳᠡᠭᠡ ᠲᠣᠰᠬᠤᠨ ᠤ ᠭᠠᠭ᠋ᠠᠶ ᠶᠢᠨ ᠮᠢᠬ᠎ᠠ᠂ ᠳᠠᠬᠢᠶ᠎ᠠ᠂ ᠰᠢᠬᠢᠷᠯᠢᠭ ᠡᠷᠳᠡᠨᠢ | ᠰᠢᠰᠢ ᠵᠡᠷᠭᠡ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠪᠠ ᠨᠤᠲᠤᠭ ᠤᠨ ᠢᠳᠡᠭᠡᠨ ᠨᠢ ᠥᠷᠭᠡᠨ | ᠣᠯᠠᠨ ᠬᠤᠲᠠ ᠶᠢᠨ ᠠᠷᠠᠳ ᠤᠨ ᠬᠦᠷᠢᠶᠡᠯᠡᠯ ᠢ ᠣᠯᠤᠭᠰᠠᠨ ᠪᠠᠶᠢᠨ᠎ᠠ᠃ |