ᠬᠠᠶᠢᠷᠤᠪ ᠤᠨ ᠲᠤᠬᠤᠢ ᠲᠤᠭᠤᠷᠢᠭ ᠰᠣᠶᠣᠯ ᠵᠤᠭᠠᠴᠠᠯ ᠪᠡᠶ᠎ᠡ ᠲᠠᠮᠢᠷ ᠤᠨ ᠵᠠᠬ᠎ᠠ ᠳᠡᠯᠭᠡᠭᠦᠷ ᠲᠤ ᠠᠮᠤᠷ ᠲᠦᠪᠰᠢᠨ ᠤ ᠴᠡᠭᠴᠡᠯᠡᠨ ᠵᠠᠰᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2019-09-26
     ᠪᠠᠶᠠᠷ ᠤᠨ ᠡᠳᠦᠷ ᠤᠨ ᠰᠠᠶᠢᠨ ᠰᠠᠶᠢᠬᠠᠨ ᠰᠣᠶᠣᠯ ᠤᠨ ᠣᠷᠴᠢᠨ ᠲᠣᠭᠤᠷᠢᠨ ᠢ  ᠪᠤᠢ ᠪᠣᠯᠭᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠢ ᠭᠦᠨᠵᠡᠭᠡᠶ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠪᠠ ᠠᠶᠤᠯ ᠦᠭᠡᠢ ᠤᠶᠢᠯᠡᠤᠡᠪᠤᠷᠢᠯᠡᠯ ᠤᠨ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠵᠢᠭᠤᠯᠴᠢᠯᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠨᠢ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠶᠢᠷᠤᠪ ᠤᠨ ᠲᠣᠬᠤᠢ ᠲᠤᠭᠤᠷᠢᠭ ᠤᠨ ᠬᠤᠪᠢᠶᠠᠷᠢ ᠲᠣᠪᠴᠢᠶ᠎ᠠ ᠲᠠᠢ ᠬᠤᠯᠪᠣᠭᠠᠯᠠᠨ ᠪᠥᠬᠦ ᠲᠤᠭᠤᠷᠢᠭ  ᠤᠨ ᠬᠢᠨᠠᠨ ᠬᠠᠮᠢᠶᠠᠷᠬᠤ ᠬᠡᠪᠴᠢᠶᠡᠨ ᠳᠠᠬᠢ ᠲᠠᠯᠠᠪᠤᠷ ᠭᠠᠵᠠᠷ ᠲᠤ ᠬᠠᠷ᠎ᠠ ᠪᠦᠯᠦᠭᠲᠡᠨ ᠬᠠᠷᠭᠢᠰ ᠬᠦᠴᠦᠨ᠂ ᠡᠷᠡᠭᠦᠯ ᠬᠠᠮᠠᠭᠠᠯᠠᠯ ᠤᠨ ᠰᠡᠷᠭᠡᠶᠢᠯᠡᠯᠲᠡ ᠪᠠ ᠠᠮᠤᠷ ᠲᠦᠪᠰᠢᠨ ᠤ ᠳᠠᠯᠳᠠ ᠬᠡᠮ ᠢ ᠪᠠᠶᠢᠴᠠᠭᠠᠵᠠᠢ᠃      ᠪᠠᠶᠢᠴᠠᠭᠠᠯᠲᠠ ᠶᠢᠨ ᠳᠤᠮᠳᠠ᠂ ᠣᠨᠴᠠ ᠵᠠᠷᠢᠮ ᠲᠠᠯᠠᠪᠤᠷ ᠲᠤ ᠲᠠᠮᠠᠬᠢ ᠲᠠᠲᠠᠬᠤ ᠶᠢ ᠴᠠᠭᠠᠵᠠᠯᠠᠬᠤ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ᠂ ᠠᠷᠢᠭᠤᠨ ᠴᠡᠪᠡᠷ ᠤᠨ ᠲᠠᠰᠤᠯᠭ᠎ᠠ ᠳᠤ ᠰᠣᠨᠢᠨ ᠦᠨᠦᠷ ᠭᠠᠷᠴᠤ᠂ ᠵᠠᠷ ᠮᠡᠳᠡᠭᠡᠨ ᠤ ᠲᠡᠮᠳᠡᠭ ᠨᠠᠭᠠᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠠᠵᠢᠯᠲᠠᠨ ᠣᠯᠵᠤ ᠮᠡᠳᠡᠭᠰᠡᠨ ᠪᠥᠭᠡᠳ ᠡᠵᠡᠩᠨᠡᠭᠴᠢ ᠶᠢ ᠵᠠᠷᠯᠢᠭᠳᠠᠨ ᠪᠣᠳᠠᠲᠠᠶ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠥᠭᠡᠷᠡᠴᠢᠯᠡᠭᠦᠯᠵᠦ᠂ ᠵᠢᠷᠤᠮᠵᠢᠯ ᠨᠢ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠪᠠᠰᠠ ᠳᠠᠬᠢᠨ ᠪᠠᠶᠢᠴᠠᠭᠠᠯᠲᠠ ᠬᠢᠯᠭᠡᠬᠦ ᠪᠣᠯᠤᠨ᠎ᠠ᠃      ᠲᠣᠰ ᠤᠳᠠᠭ᠎ᠠ ᠶᠢᠨ ᠪᠠᠶᠢᠴᠠᠭᠠᠨ ᠴᠡᠭᠴᠡᠯᠡᠬᠦ ᠠᠵᠢᠯᠯᠠᠭ᠎ᠠ ᠨᠢ ᠡᠯ᠎ᠡ ᠰᠣᠶᠣᠯ ᠵᠤᠭ᠎ᠠ ᠴᠡᠩᠭᠡᠯ ᠤᠨ ᠭᠠᠵᠠᠷ ᠤᠨ ᠠᠮᠤᠷ ᠲᠦᠪᠰᠢᠨ ᠤ ᠤᠬᠠᠮᠰᠠᠷ᠂ ᠡᠷᠡᠭᠦᠯ ᠬᠠᠮᠠᠭᠠᠯᠠᠯ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠮᠰᠠᠷ᠂ ᠠᠶᠤᠯᠭᠦᠶ ᠤᠶᠢᠯᠡᠤᠡᠪᠤᠷᠢᠯᠡᠯ ᠤᠨ ᠤᠬᠠᠮᠰᠠᠷ ᠢ ᠴᠢᠩᠭᠠᠳᠬᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠡᠷᠡᠭᠦᠯ ᠡᠮᠬᠢ ᠳᠢᠭᠯᠢᠮ ᠲᠠᠢ ᠬᠥᠭᠵᠢᠯᠲᠡ ᠶᠢ ᠪᠠᠲᠤᠯᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠬᠤ ᠪᠤᠯᠤᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号