ᠦᠬᠠᠢ ᠬᠤᠲᠠ ᠶᠢᠨ ᠠᠩᠬᠠᠳᠤᠭᠠᠷ ᠬᠤᠭᠤᠴᠠᠭᠠᠨ ᠤ ︽ᠪᠤᠯᠬᠦᠮᠳᠡᠯ︾ ᠬᠤᠨᠳᠠᠭᠠᠳᠤ ᠰᠠᠭᠰᠤᠨ ᠪᠦᠮᠪᠦᠭᠡ ᠎ ᠶᠢᠨ ᠤᠷᠤᠯᠳᠤᠭᠠᠨ ᠠᠮᠵᠢᠯᠲᠠ ᠲᠠᠢ ᠦᠨᠳᠤᠷᠯᠡᠵᠠᠢ
ᠨᠡᠶᠢᠲᠡᠯᠡᠭᠰᠡᠨ ᠴᠠᠭ᠄
2019-09-26
     ᠪᠦᠭᠦᠳᠡ ᠨᠠᠶᠢᠷᠠᠮᠳᠠᠬᠤ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ  ᠶᠢ ᠪᠠᠶᠠᠷᠯᠠᠨ ᠪᠡᠯᠡᠭᠡᠯᠡᠵᠤ᠂ ᠦᠨᠳᠤᠰᠤᠳᠠᠨ ᠤ ᠪᠦᠯᠬᠦᠮᠳᠡᠯ ᠤᠨ ᠰᠠᠷ᠎ᠠ ᠶᠢᠨ ᠠᠵᠢᠯᠯᠠᠭᠠᠨ ᠢ ᠤᠬᠠᠭᠤᠯᠤᠨ ᠲᠦᠬᠡᠮᠡᠯᠵᠢᠯᠡᠭᠦᠯᠵᠤ᠂ ᠪᠦᠬᠦ ᠠᠷᠠᠤᠡ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠢ ᠴᠤᠣᠷᠢᠶᠠᠳᠤᠨ ᠳᠠᠭᠠᠬᠤ ᠵᠤᠷᠢᠯᠭ᠎ᠠ ᠪᠦᠬᠦᠢ ︽ᠨᠤᠲᠤᠭ ᠎ ᠤᠨ ᠡᠭᠦᠯᠡᠰ︾ ᠸᠢᠴᠠᠲ ᠲᠠᠪᠴᠠᠩ ᠠᠴᠠ ᠡᠷᠬᠢᠯᠡᠭᠰᠡᠨ ᠦᠬᠠᠢ ᠬᠤᠲᠠ ᠶᠢᠨ ᠠᠩᠬᠠᠳᠤᠭᠠᠷ ᠬᠤᠭᠤᠴᠠᠭᠠᠨ ᠤ ︽ᠪᠤᠯᠬᠦᠮᠳᠡᠯ︾ ᠬᠤᠨᠳᠠᠭᠠᠳᠤ ᠰᠠᠭᠰᠤᠨ ᠪᠦᠮᠪᠦᠭᠡ ᠶᠢᠨ ᠤᠷᠤᠯᠳᠤᠭᠠᠨ ᠤᠶᠢᠷ᠎ᠠ ᠶᠢᠨ ᠡᠳᠤᠷ ᠦᠬᠠᠢ ᠶᠢᠨ ᠵᠢᠷᠭᠤᠳᠤᠭᠠᠷ ᠲᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠤᠷ ᠲᠤ ᠠᠮᠵᠢᠯᠲᠠ ᠲᠠᠢ ᠦᠨᠳᠤᠷᠯᠠᠵᠠᠢ  ᠃
       ᠦᠬᠠᠢ ᠬᠤᠲᠠ ᠶᠢᠨ ᠡᠯ᠎ᠡ ᠪᠠᠶᠢᠭᠤᠯᠭ᠎ᠠ ᠨᠢᠭᠡᠴᠢ᠂ ᠨᠡᠶᠢᠭᠡᠮ ᠤᠨ ᠪᠦᠯᠬᠦᠮ ᠤᠨ 50 ᠭᠠᠷᠤᠢ ᠰᠠᠭᠰᠤᠨ
ᠪᠦᠮᠪᠦᠭᠡ ᠶᠢᠨ ᠲᠤᠷ᠎ᠠ ᠪᠠᠭ᠋ᠠᠲᠠᠤᠡ ᠤᠷᠤᠯᠳᠤᠭᠠᠨ ᠳᠤ ᠤᠷᠤᠯᠴᠠᠵᠤ᠂ ᠲᠠᠮᠢᠷᠴᠢᠤᠡ ᠲᠦᠪ ᠭᠤᠣᠯᠴᠢ᠂ ᠲᠤᠰᠬᠠᠢ ᠮᠡᠷᠭᠡᠵᠢᠯᠰᠢᠭᠰᠡᠨ ᠬᠢᠨᠠᠭᠴᠢ ᠶᠢᠨ ᠬᠢᠨᠠᠯᠲᠠ ᠲᠤᠣᠷ᠎ᠠ᠂ ᠦᠪᠡᠷ ᠦᠪᠡᠷᠰᠡᠤᠡ ᠤᠨ ᠢᠶᠠᠨ ᠤᠷ᠎ᠠ ᠳᠡᠮ ᠢᠶᠠᠨ ᠭᠠᠶᠢᠬᠠᠭᠤᠯᠵᠤ ᠦᠵᠡᠭᠴᠢᠤᠡ ᠲᠦᠮᠡᠨ ᠤ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃ ᠬᠤᠷᠴᠠ ᠰᠢᠷᠤᠭᠦᠨ ᠦᠷᠢᠰᠤᠯᠳᠤᠭᠡᠨ ᠤ ᠡᠴᠤᠰ ᠲᠤ᠂ ᠦᠬᠠᠢ ᠶᠢᠨ ᠮᠤᠩᠭᠤᠯ ᠦᠨᠳᠤᠰᠤᠲᠡᠨ ᠤ ᠲᠤᠮᠳᠠᠳᠤ ᠰᠤᠷᠭᠠᠭᠤᠯᠢ ᠶᠢᠨ ᠰᠠᠭᠰᠤᠨ ᠪᠦᠮᠪᠦᠭᠡ ᠵᠢᠨ‌ᠠᠩᠬᠢ ᠨᠢ ᠤᠷᠤᠯᠳᠤᠭᠠᠨ ᠤ ᠲᠡᠷᠢᠭᠦᠨ ᠪᠠᠶᠢᠷᠢᠨ ᠳᠤ ᠲᠤᠳᠤᠷᠠᠵᠠᠢ  ᠃
      ᠲᠤᠰ ᠤᠳᠠᠭᠠᠨ ᠤ ᠤᠷᠤᠯᠳᠤᠭᠠᠨ ᠨᠢ ᠦᠬᠠᠢ ᠬᠤᠲᠠ ᠶᠢᠨ ᠡᠯ᠎ᠡ ᠦᠨᠳᠤᠰᠤᠳᠡᠨ ᠤ ᠬᠤᠭᠤᠷᠤᠨᠲᠤᠬᠢ ᠪᠦᠯᠬᠦᠮᠳᠡᠯ ᠢ ᠨᠢᠭᠲᠠᠷᠠᠭᠤᠯᠵᠤ᠂ ᠨᠤᠲᠤᠭ ᠤᠨ ᠵᠠᠯᠠᠭᠤᠰ ᠤᠨ ᠬᠡᠶᠢᠮᠤᠷᠢ ᠴᠤᠭ ᠵᠢᠪᠬᠤᠭ᠎ᠠ ᠶᠢ ᠰᠡᠷᠭᠦᠬᠡᠨ᠂ ᠪᠦᠬᠦ ᠠᠷᠠᠤᠡ ᠤᠨ ᠪᠡᠶ᠎ᠡ ᠴᠢᠬᠢᠷᠠᠭᠵᠢᠭᠤᠯᠬᠤ ᠤᠶᠢᠯᠡᠰ ᠤᠨ ᠦᠷᠨᠢᠨ ᠬᠦᠭᠵᠢᠬᠦ ᠳᠤ ᠲᠦᠯᠬᠢᠴᠠ ᠤᠶᠢᠯᠡᠳᠤᠯ ᠦᠵᠡᠭᠦᠯᠤᠭ᠍ᠰᠡᠨ ᠪᠠᠶᠢᠨ᠎ᠠ᠃      ᠲᠤᠰ ᠤᠷᠤᠯᠳᠤᠭᠠᠨ ᠢ ᠢᠪᠡᠭᠡᠨ ᠲᠡᠣᠡᠭᠦᠵᠤ᠂ ᠬᠠᠯᠠᠭᠤᠨ ᠳᠡᠮᠵᠢᠯᠭᠡ‌ᠦᠵᠡᠭᠦᠯᠤᠭ᠍ᠰᠡᠨ ᠪᠠᠶᠢᠭᠤᠯᠭ᠎ᠠ ᠨᠢᠭᠡᠴᠢ ᠪᠠ ᠬᠤᠪᠢ ᠬᠦᠮᠤᠨ᠄ ᠦᠬᠠᠢ ᠬᠤᠲᠠ ᠶᠢᠨ ᠦᠨᠳᠤᠰᠤᠳᠠᠨ ᠤ ᠬᠡᠷᠡᠭ ᠡᠷᠬᠢᠯᠡᠬᠦ ᠵᠦᠪᠯᠡᠯ᠂ ᠪᠠᠶᠠᠷ ᠤᠨ ᠡᠮᠨᠡᠯᠭᠡ ᠶᠢᠨ ᠬᠤᠷᠢᠶ᠎ᠠ᠂ ᠸᠠᠩ ᠬᠠᠨ ᠹᠧᠩ ᠬᠦᠭᠵᠢᠮ ᠤᠨ ᠳᠡᠯᠭᠡᠭᠦᠷ᠂ ︽ᠨᠤᠲᠤᠭ ᠤᠨ ᠡᠭᠦᠯᠡᠰ︾ ᠸᠢᠴᠠᠲ ᠲᠠᠪᠴᠠᠩ᠃ ᠠᠳᠡ ᠲᠠ ᠨᠠᠷ ᠵᠢᠨ‌ᠠᠵᠢᠯ ᠤᠶᠢᠯᠡᠰ ᠤᠨ ᠦᠨᠳᠦᠷ ᠠᠮᠵᠢᠯᠲᠠ᠂ ᠠᠶᠢᠯ ᠬᠤᠲᠠᠯᠭᠠᠷ  ᠢᠶᠠᠷ ᠢᠶᠠᠨ ᠵᠤᠯ ᠵᠢᠷᠭᠠᠯ ᠲᠠᠢ ᠪᠠᠶᠢᠬᠤ ᠎ ᠶᠢ ᠬᠦᠰᠡᠨ ᠵᠦᠩᠨᠡᠶ᠎ᠡ︕            
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号