ᠬᠠᠶᠢᠷᠤᠪ ᠤᠨ ᠲᠣᠬᠤᠢ ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠠᠵᠢᠯ ᠶᠢᠨ ᠲᠤᠬᠠᠶ ᠶᠡᠷᠦᠩᠬᠡᠶ ᠲᠣᠭᠠᠴᠢᠯ
ᠨᠡᠶᠢᠲᠡᠯᠡᠭᠰᠡᠨ ᠴᠠᠭ᠄
2019-09-27
     ᠲᠤᠸᠠᠨ ᠵᠢᠶᠧ ᠰᠢᠨ᠎ᠡ ᠲᠣᠰᠬᠤᠨ ᠤ ᠨᠠᠮ ᠤᠨ ᠡᠭᠦᠷ ᠲᠦᠷᠦᠭᠦᠯᠡᠨ ᠦᠬᠠᠶ ᠬᠤᠲᠠ ᠶᠢᠨ ᠲᠦᠩ  ᠹᠦ᠋ ᠲᠠᠷᠢᠶᠠᠯᠠᠩ ᠤᠨ ᠲᠤᠰᠬᠠᠶ ᠬᠤᠷᠰᠢᠶ᠎ᠠ ᠶᠢ ᠪᠠᠶᠢᠭᠤᠯᠵᠤ᠂ ᠵᠢᠮᠢᠰ ᠨᠣᠭᠤᠭ᠎ᠠ ᠲᠠᠷᠢᠬᠤ ᠪᠠᠷ ᠰᠠᠭᠤᠷᠢ ᠪᠣᠯᠭᠠᠵᠤ᠂︽ᠪᠣᠬᠢᠷᠲᠤᠯ ᠦᠭᠡᠢ ᠲᠡᠭᠦᠬᠦ︾ᠵᠡᠭᠡᠯᠢ ᠶᠢ ᠪᠠᠶᠢᠭᠤᠯᠵᠤ᠂ ᠪᠠᠶᠠᠨᠤᠰᠤ ᠲᠣᠰᠬᠤᠨ ᠤ ᠨᠠᠮ ᠤᠨ ᠡᠭᠦᠷ ᠲᠦᠷᠦᠭᠦᠯᠡᠨ ᠦᠬᠠᠶ ᠬᠤᠲᠠ ᠶᠢᠨ ᠢᠦᠶ ᠮᠢᠨ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠶ ᠬᠤᠷᠰᠢᠶ᠎ᠠ ᠶᠢ ᠪᠠᠶᠢᠭᠤᠯᠵᠤ᠂ ︽ᠰᠢᠶᠠᠩ ᠯᠢ ᠯᠢᠨ ᠵᠢᠤᠢ︾ ᠣᠢ ᠶᠢᠨ ᠬᠤᠷᠮᠣᠶ ᠶᠢᠨ ᠠᠵᠤ ᠠᠬᠤᠢ ᠶᠢᠨ ᠤᠨᠴᠠᠯᠢᠬᠳᠤ ᠲᠡᠵᠢᠭᠡᠨ ᠦᠷᠡᠵᠢᠭᠦᠯᠬᠦ ᠶᠢ ᠬᠡᠷᠡᠭᠵᠢᠭᠦᠯᠪᠡ ᠁ ᠠᠯᠢ ᠣᠯᠠᠨ ᠬᠤᠷᠰᠢᠶ᠎ᠠ ᠵᠠᠯᠭᠠᠭ᠎ᠠ ᠪᠠᠷ ᠪᠠᠶᠢᠭᠤᠯᠤᠭᠳᠠᠭᠰᠠᠨ ᠨᠢ ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠠᠭᠤᠯᠠᠨ ᠪᠠᠯᠭᠠᠰᠤ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠠᠰᠠ ᠨᠢᠭᠡᠨ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃ ︽ᠴᠠᠭᠠᠨ ᠰᠠᠷ᠎ᠠ ᠶᠢᠨ ᠪᠠᠷᠠᠭ᠎ᠠ ᠶᠢᠨ ᠪᠠᠶᠠᠷ︾᠂︽ᠺᠠᠢ ᠾᠧ ᠵᠢᠭᠠᠰᠤᠨ ᠤ ᠪᠠᠶᠠᠷ︾ ᠵᠡᠷᠭᠡ ᠠᠷᠠᠳ ᠤᠨ ᠵᠠᠩ ᠦᠢᠯᠡ ᠪᠠᠶᠠᠷ ᠳᠤᠷᠠᠰᠬᠠᠯ ᠤᠨ ᠠᠵᠢᠯᠯᠠᠭ᠎ᠠ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠵᠤ ᠪᠠᠶᠠᠵᠢᠨ ᠴᠢᠨᠡᠭᠡᠯᠢᠭᠵᠢᠭᠰᠡᠨ ᠲᠡᠷᠢᠭᠦᠨ ᠤ ᠦᠢᠯᠡ ᠠᠵᠢᠯᠯᠠᠭ᠎ᠠ ᠵᠢᠴᠢ︽ᠶᠠᠳᠠᠭᠤ ᠠᠴᠠ ᠠᠩᠭᠢᠵᠢᠷᠠᠭᠤᠯᠬᠤ ᠣᠳᠣᠨ︾ ᠵᠡᠷᠭᠡ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠵᠡᠷᠭᠡ ᠨᠢ ᠬᠥᠳᠡᠭᠡ ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠪᠡ᠃ ᠵᠣᠷᠯᠣᠩ ᠤᠨ ᠬᠤᠪᠢᠰᠬᠠᠯ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠤᠨ ᠬᠠᠮᠢᠶᠠᠷᠬᠤ᠂ ᠳᠤᠷ᠎ᠠ ᠪᠠᠷ ᠣᠪᠣᠭᠠᠯᠠᠵᠤ ᠲᠠᠯᠪᠢᠬᠤ ᠵᠢᠴᠢ ᠬᠤᠪᠢ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ ᠪᠠᠶᠢᠭᠤᠯᠬᠤ ᠶᠢ ᠲᠤᠰᠬᠠᠢᠯᠠᠨ ᠴᠡᠭᠴᠡᠯᠡᠨ ᠵᠠᠰᠠᠬᠤ ᠵᠡᠷᠭᠡ ᠠᠵᠢᠯ ᠨᠢ ᠲᠣᠰᠬᠤᠨ ᠤ ᠳᠦᠷᠰᠦ ᠪᠠᠶᠢᠳᠠᠯ ᠢ ᠶᠡᠬᠡᠪᠡᠷ ᠳᠡᠭᠡᠭᠰᠢᠯᠡᠭᠦᠯᠵᠦ᠂ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠦᠴᠦᠨ ᠨᠡᠮᠡᠷᠢᠯᠡᠪᠡ᠃ ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠤᠭᠤᠷᠢᠭ ᠎ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠢᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ ᠢᠳᠡᠪᠬᠢᠲᠡᠢ ᠠᠬᠢᠭᠤᠯᠵᠤ᠂ ᠦᠷ᠎ᠡ ᠪᠦᠲᠦᠮᠵᠢ ᠣᠯᠵᠠᠶ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠣᠱᠠᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠬᠠᠶᠢᠷᠤᠪ ᠤᠨ ᠲᠣᠬᠤᠢ ᠲᠣᠭᠤᠷᠢᠭ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠶᠡᠷᠦᠩᠬᠡᠶ ᠭᠠᠷᠲᠠᠨ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠤᠶᠢᠯᠡᠳᠤᠯᠭᠡᠵᠢᠭᠦᠯᠵᠤ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ᠂ ᠤᠶᠢᠯᠡᠤᠡᠪᠤᠷᠢᠯᠡᠯ  ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠪᠠᠶᠢᠭᠤᠯᠵᠤ᠂ ᠪᠦᠬᠦ ᠲᠤᠭᠤᠷᠢᠭ ᠤᠨ ᠬᠤᠲᠠ ᠬᠥᠳᠡᠭᠡ ᠶᠢ ᠠᠭᠤᠰᠤᠯᠴᠠᠭᠤᠯᠤᠨ‌‍ᠬᠥ᠋ᠭᠵᠢᠭᠦᠯᠬᠦ ᠶᠢ ᠠᠬᠢᠭᠤᠯᠵᠤ᠂ ᠲᠠᠷᠢᠶᠠᠯᠠᠬᠤ ᠣᠷᠣᠨ ᠤ ︽ᠭᠤᠷᠪᠠᠨ ᠣᠳᠣᠬᠢᠴᠢᠯᠠᠯᠲᠠ︾᠎ ᠶᠢᠨ ᠬᠡᠮᠵᠢᠶ᠎ᠡ ᠶᠢ ᠡᠳᠦᠷ ᠢᠷᠡᠬᠦᠶ᠎ᠡ‌ᠨᠡᠮᠡᠭᠳᠡᠭᠦᠯᠵᠦ᠂ ᠪᠦᠬᠦ ᠬᠤᠲᠠ ᠶᠢᠨ ᠬᠤᠲᠠ ᠬᠥᠳᠡᠭᠡ ᠶᠢ ᠠᠭᠤᠰᠤᠯᠴᠠᠭᠤᠯᠤᠭᠰᠠᠨ ᠤᠷᠢᠳᠠᠪᠠᠷ ᠬᠦᠭᠵᠢᠭᠰᠡᠨ ᠤᠷᠤᠨ ᠢ ᠪᠦᠲᠦᠭᠡᠨ ᠪᠠᠶᠢᠭᠤᠯᠤᠨ᠎ᠠ᠃      ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠣᠬᠢᠷᠲᠤᠯ ᠦᠭᠡᠢ ᠬᠥᠭᠵᠢᠯᠲᠡ      ᠬᠠᠶᠢᠷᠤᠪ ᠤᠨ ᠲᠣᠬᠤᠢ ᠲᠣᠭᠤᠷᠢᠭ ᠨᠢ ᠲᠠᠷᠢᠶᠠᠯᠠᠩ ᠲᠠᠷᠢᠶᠠᠯᠠᠬᠤ ᠣᠷᠣᠨ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠂︽ᠠᠵᠤ ᠤᠶᠢᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠤᠨ ᠤᠶᠢᠯᠡᠤᠡᠪᠤᠷᠢᠯᠡᠯ ᠤᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠲᠠᠷᠢᠶᠠᠯᠠᠩ ᠤᠨ ᠰᠢᠨ᠎ᠡ ᠠᠵᠤ ᠤᠶᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠤᠨ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠪᠣᠯᠤᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮᠵᠢ᠂ ᠤᠶᠢᠯᠡᠤᠡᠪᠤᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠴᠣᠭᠴᠠᠯᠠᠨ ᠪᠠᠶᠢᠭᠤᠯᠤᠨ᠎ᠠ᠃      ᠰᠤᠷᠪᠤᠯᠵᠢᠯᠠᠭᠴᠢ ᠴᠡᠭᠡᠯ ᠠᠭᠤᠯᠠ ᠪᠠᠯᠭᠠᠰᠤᠨ ᠤ ᠠᠭᠤᠯᠠᠨ ᠣᠢ ᠴᠡᠴᠡᠭ ᠤᠨ ᠲᠠᠷᠢᠮᠠᠯ ᠤᠨ ᠰᠠᠭᠤᠷᠢᠨ ᠠᠴᠠ᠂ ᠠᠵᠢᠯᠴᠢᠳ ᠤᠨ ᠪᠤᠶᠢᠵᠢᠭᠤᠯᠵᠤ ᠭᠠᠷᠭᠠᠭᠰᠠᠨ ᠡᠯ᠎ᠡ ᠲᠥᠷᠥᠯ ᠤᠨ ᠴᠡᠴᠡᠭ ᠡᠪᠡᠰᠦ ᠮᠣᠳᠣᠨ ᠤ ᠲᠥᠷᠥᠯ ᠵᠤᠶᠢᠯ ᠡᠯᠪᠡᠭ ᠪᠠᠶᠠᠯᠢᠭ᠂ ᠥᠩᠭᠡ ᠢᠯᠭᠠᠷᠠᠨ ᠪᠤᠯᠢᠶᠠᠯᠳᠤᠵᠤ ᠪᠠᠶᠢᠬᠤ  ᠶᠢ ᠦᠵᠡᠵᠤ᠂ ᠬᠥᠮᠦᠨ ᠤ ᠪᠡᠶ᠎ᠡ ᠳᠤ ᠲᠠᠭᠠᠯᠠᠮᠵᠢᠲᠠᠶ ᠰᠠᠨᠠᠭᠳᠠᠭᠤᠯᠤᠨ᠎ᠠ᠃ ᠲᠣᠮᠣ ᠰᠠᠷᠠᠪᠴᠢᠨ ᠤ ᠭᠠᠳᠠᠨ᠎ᠠ᠂ ᠬᠠᠮᠢᠶᠠᠷᠤᠯᠲᠠ ᠶᠢᠨ ᠠᠵᠢᠯᠲᠠᠨ ᠪᠠᠰᠠ ᠨᠢᠭᠡ ᠵᠢᠵᠢᠭ ᠮᠣᠷᠢᠨ ᠲᠠᠯᠠᠪᠠᠢ ᠪᠠᠶᠢᠭᠤᠯᠵᠤ᠂ ᠵᠣᠴᠢᠳ ᠢ ᠰᠡᠯᠡᠭᠦᠴᠡᠨ ᠵᠤᠭᠠᠴᠠᠭᠤᠯᠵᠤ᠂ ᠬᠡᠤᠬᠡᠳ ᠤᠳ ᠨᠠᠩᠭᠤᠸᠠ ᠲᠡᠷᠭᠡᠨ ᠳᠤ ᠰᠠᠭᠤᠵᠤ᠂ ᠬᠡᠤᠬᠡᠳ ᠤᠨ ᠳᠣᠮᠤᠭ ᠤᠨ ᠶᠢᠷᠲᠢᠨᠴᠦ ᠰᠢᠭ ᠪᠣᠯᠪᠠ᠃ ᠠᠳᠡᠬᠢ ᠭᠤᠤᠯᠯᠠᠨ ᠬᠠᠮᠢᠶᠠᠷᠤᠭᠴᠢ ᠰᠦᠩ‌ᠬᠤᠩ ᠶᠢᠩ ᠰᠤᠷᠪᠤᠯᠵᠢᠯᠠᠭᠴᠢ ᠳᠤ᠂《ᠠᠳᠡ ᠲᠣᠰᠬᠤᠨ ᠤ ᠠᠷᠠᠳ ᠢ ᠬᠥᠯᠥᠰᠥᠯᠡᠨ ᠬᠤᠸᠠᠷ ᠴᠡᠴᠡᠭ ᠲᠠᠷᠢᠬᠤ ᠠᠵᠢᠯ ᠬᠢᠯᠭᠡᠵᠦ᠂ ᠪᠠᠰᠠ ᠦᠵᠦᠮ᠂ ᠵᠢᠮᠢᠰᠭᠡᠨ᠎ᠡ᠂ ᠥᠷᠭᠡᠰᠦᠲᠦ ᠬᠡᠮᠬᠡ᠂ ᠲᠥᠪᠡᠳ ᠬᠠᠰᠢ ᠵᠡᠷᠭᠡ ᠢᠳᠡᠰᠢᠨ ᠨᠣᠭᠤᠭ᠎ᠠ ᠭᠤᠸᠠ ᠵᠢᠮᠢᠰ ᠲᠠᠷᠢᠵᠤ᠂ ᠲᠣᠭᠤᠰ᠂ ᠣᠳᠣᠶ ᠮᠣᠷᠢ ᠵᠡᠷᠭᠡ ᠠᠮᠢᠲᠠᠨ ᠢ ᠲᠡᠵᠢᠭᠡᠨ ᠦᠷᠡᠵᠢᠭᠦᠯᠦᠭᠰᠡᠨ ᠪᠠᠶᠢᠨ᠎ᠠ ᠭᠡᠵᠦ ᠬᠡᠯᠡᠪᠡ᠃ ᠪᠢᠳᠡ ᠴᠡᠴᠡᠭ ᠤᠨ ᠲᠠᠷᠢᠮᠠᠯ ᠢ ᠪᠥᠭᠡᠮ ᠢᠶᠠᠷ ᠪᠣᠷᠣᠯᠠᠭᠤᠯᠬᠤ᠂ ᠲᠡᠭᠦᠬᠦ ᠪᠠ ᠰᠡᠯᠡᠭᠦᠴᠡᠯ ᠵᠢᠭᠤᠯᠴᠢᠯᠠᠬᠤ ᠶᠢ ᠤᠶᠠᠯᠳᠤᠭᠤᠯᠵᠤ᠂ ᠬᠤᠲᠠ ᠶᠢᠨ ᠠᠷᠠᠳ ᠲᠤ ᠡᠶᠢᠮᠦ ᠨᠢᠭᠡᠨ ᠰᠠᠶᠢᠬᠠᠨ ᠭᠠᠵᠠᠷ ᠬᠠᠩᠭᠠᠵᠤ᠂ ᠲᠣᠰᠬᠤᠨ ᠤ ᠲᠠᠷᠢᠶᠠᠯᠠᠩ‌ᠠᠵᠤ ᠠᠬᠤᠢ ᠶᠢᠨ ᠨᠡᠮᠡᠭᠳᠡᠯ ᠢ ᠠᠬᠢᠭᠤᠯᠤᠭᠰᠠᠨ ᠢᠶᠠᠷ ᠪᠠᠷᠠᠬᠤ ᠥᠬᠡᠶ᠂ ᠲᠣᠰᠬᠤᠨ ᠤ ᠠᠷᠠᠳ ᠲᠤ ᠴᠤ ᠵᠣᠬᠢᠬᠤ ᠡᠳ᠋ ᠪᠠᠶᠠᠯᠢᠭ ᠡᠭᠦᠳᠴᠦ ᠥᠭᠴᠡᠶ᠃》ᠭᠡᠵᠤ ᠬᠡᠯᠡᠵᠠᠢ᠃      ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠨᠢ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠶᠡᠬᠡᠪᠡᠷ ᠠᠬᠢᠭᠤᠯᠵᠤ᠂ ᠤᠯᠤᠰ ᠠᠴᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠤᠶᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠬᠤᠰᠢᠭᠤ ᠰᠢᠶᠠᠨ ᠢᠶᠠᠷ ᠠᠵᠠ ᠲᠣᠬᠢᠶᠠᠯ ᠪᠣᠯᠭᠠᠵᠤ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠤ ᠶᠢ ᠳᠠᠮᠵᠢᠨ ᠬᠥᠲᠥᠯᠥᠨ ᠵᠢᠯᠣᠭᠤᠳᠴᠤ᠂ ᠡᠳ᠋ᠰᠢᠭᠦᠯᠬᠦ ᠤᠶᠢᠯᠡᠰ᠂ ᠤᠶᠢᠯᠡᠤᠡᠪᠤᠷᠢᠯᠡᠯ ᠤᠶᠢᠯᠡᠴᠢᠯᠡᠭᠡᠨ ᠤ ᠤᠶᠢᠯᠡᠰ᠂ ᠵᠤᠭᠠᠴᠠᠯ ᠤᠨ ᠤᠶᠢᠯᠡᠰ ᠯᠦᠭᠡ ᠬᠠᠷᠢᠯᠴᠠᠨ ᠨᠢᠭᠡᠳᠦᠯᠲᠡᠶ ᠳᠤ ᠲᠥᠯᠥᠪᠵᠢᠭᠦᠯᠦᠨ ᠬᠦᠭᠵᠢᠭᠦᠯᠬᠦ ᠳᠡᠭᠡᠳᠦ ᠳᠣᠣᠷᠠᠳᠤ ᠤᠷᠤᠰᠬᠠᠯ ᠤᠨ ᠨᠢᠭᠲᠠ ᠬᠠᠮᠵᠢᠯᠴᠠᠭᠰᠠᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠦᠵᠦᠮ᠂ ᠢᠳᠡᠰᠢᠨ ᠨᠣᠭᠤᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠭᠪᠤᠷ ᠢ ᠲᠦᠷᠭᠡᠳᠬᠡᠨ ᠠᠬᠢᠭᠤᠯᠪᠠ᠃      ᠡᠭᠦᠨ ᠠᠴᠠ ᠭᠠᠳᠠᠨ᠎ᠠ᠂ ᠬᠠᠶᠢᠷᠤᠪ ᠤᠨ ᠲᠣᠬᠤᠢ ᠲᠣᠭᠤᠷᠢᠭ ᠪᠠᠰᠠ ᠬᠠᠶᠢᠷᠤᠪ ᠤᠨ ᠲᠣᠬᠤᠢ ᠶᠢᠨ ᠬᠤᠶᠢᠳᠤ ᠬᠡᠰᠡᠭ ᠤᠨ ᠠᠮᠢ ᠠᠬᠤᠢ ᠶᠢᠨ ᠲᠠᠷᠢᠶᠠᠯᠠᠩ ᠤᠨ ᠵᠤᠭᠠᠴᠠᠨ ᠲᠣᠭᠤᠷᠢᠬᠤ ᠰᠠᠭᠤᠷᠢᠨ ᠭᠠᠵᠠᠷ ᠪᠣᠯᠤᠨ ᠬᠠᠳᠤᠨ ᠭᠤᠤᠯ ᠳᠠᠭᠠᠤ ᠶᠢᠨ ᠠᠮᠢ ᠠᠬᠤᠢ ᠶᠢᠨ ᠪᠣᠯᠪᠠᠰᠤᠨ ᠵᠤᠭᠠᠴᠠᠯ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠪᠡ᠃ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠶᠢ ᠵᠣᠷᠢᠭᠵᠢᠭᠤᠯᠵᠤ᠂ ᠲᠠᠷᠠᠬᠠᠶ ᠪᠤᠲᠠᠷᠬᠠᠶ ᠲᠠᠷᠢᠶᠠᠨ ᠭᠠᠵᠠᠷ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠮᠠᠯ ᠤᠨ ᠲᠣᠯᠣᠭᠠᠶᠢᠯᠠᠭᠴᠢ ᠠᠵᠤ ᠠᠬᠤᠶᠢᠯᠠᠯ ᠪᠠ ᠲᠠᠷᠢᠮᠠᠯ ᠤᠨ ᠲᠣᠮᠣ ᠡᠷᠦᠬᠡ ᠲᠡᠰᠢ ᠠᠯᠬᠤᠮ ᠠᠯᠬᠤᠮ ᠢᠶᠠᠷ ᠲᠥᠪᠯᠡᠷᠡᠭᠦᠯᠦᠨ᠎ᠡ︔ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠦᠨᠵᠡᠭᠡᠶ ᠪᠣᠯᠪᠠᠰᠤᠷᠠᠭᠤᠯᠤᠯᠲᠠ ᠶᠢᠨ ᠬᠥᠭᠵᠢᠯᠲᠡ ᠶᠢ ᠳᠠᠮᠵᠢᠵᠤ᠂ ᠲᠠᠷᠢᠶᠠᠯᠠᠩ ᠤᠨ ᠪᠦᠲᠦᠭᠡᠭᠳᠡᠬᠦᠨ ᠤ ᠣᠯᠠᠨ ᠱᠠᠲᠤᠨ ᠤ ᠰᠢᠷᠢᠰ ᠪᠣᠯᠪᠠᠰᠤᠷᠠᠭᠤᠯᠤᠯᠲᠠ ᠶᠢᠨ ᠲᠦᠷᠭᠡᠪᠴᠢᠯᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ︵ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠥᠬᠡᠶ‌ᠢᠳᠡᠭᠡᠨ ᠤᠮᠳᠠᠭᠠᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠪᠡᠯᠭᠡ ᠲᠡᠮᠳᠡᠭ︶᠎ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠶᠡᠬᠡᠪᠡᠷ ᠠᠬᠢᠭᠤᠯᠤᠨ᠎ᠠ︔ ᠲᠠᠷᠢᠶᠠᠯᠠᠩ ᠤᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠬᠦᠢᠯᠭᠡᠭᠡ᠂ ᠭᠠᠷᠤᠯᠲᠠ ᠶᠢᠨ ᠣᠷᠣᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠲᠤᠰᠠᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠠᠮᠵᠢᠨ᠎ᠠ᠃     ᠪᠦᠬᠦ ᠲᠠᠯ᠎ᠠ ᠪᠠᠷ ᠬᠥᠭᠵᠢᠭᠦᠯᠵᠦ ᠨᠢᠭᠡᠳᠦᠯᠲᠡᠢ ᠳᠤ ᠲᠥᠯᠥᠪᠵᠢᠭᠦᠯᠦᠨ᠎ᠡ᠃     ᠬᠠᠶᠢᠷᠤᠪ ᠤᠨ ᠲᠣᠬᠤᠢ ᠲᠣᠭᠤᠷᠢᠭ ᠨᠢ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠪᠣᠯᠤᠨ ᠣᠯᠠᠨ ᠨᠡᠶᠢᠲᠡ ᠶᠢᠨ ᠤᠶᠢᠯᠡᠴᠢᠯᠡᠭᠡᠨ ᠤ ᠬᠢᠷᠢ ᠬᠡᠮᠵᠢᠶ᠎ᠡ ᠶᠢᠨ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠵᠤ ᠦᠢᠯᠡᠰ ᠤᠨ ᠬᠥᠭᠵᠢᠯᠲᠡ ᠶᠢ ᠨᠢᠭᠡ ᠴᠣᠭᠴᠠᠵᠢᠭᠤᠯᠬᠤ᠂ ᠰᠠᠭᠤᠷᠢ ᠪᠡᠯᠡᠳᠬᠡᠮᠵᠢ ᠶᠢ ᠨᠢᠭᠡ ᠴᠣᠭᠴᠠᠵᠢᠭᠤᠯᠬᠤ᠂ ᠣᠯᠠᠨ ᠨᠡᠶᠢᠲᠡ ᠶᠢᠨ ᠤᠶᠢᠯᠡᠴᠢᠯᠡᠭᠡᠨ ᠢ ᠨᠢᠭᠡ ᠴᠣᠭᠴᠠᠵᠢᠭᠤᠯᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠬᠤ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃      ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠤᠯᠤᠰ ᠎ ᠤᠨ ᠠᠵᠤ ᠦᠢᠯᠡᠰ ᠤᠨ ᠬᠥᠭᠵᠢᠯᠲᠡ ᠶᠢᠨ ᠲᠥᠷᠦ ᠶᠢᠨ ᠪᠣᠳᠣᠯᠭ᠎ᠠ ᠶᠢ ᠭᠦᠢᠴᠠᠤᠡ ᠰᠠᠶᠢᠲᠤᠷ ᠬᠡᠷᠡᠭᠯᠡᠵᠦ᠂ ᠠᠵᠤ ᠤᠶᠢᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠬᠡᠷᠡᠭᠵᠢᠭᠦᠯᠵᠦ᠂ ᠡᠯ᠎ᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠶᠢ ᠳᠠᠮᠵᠢᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠦᠴᠦᠨ ᠢ ᠪᠤᠵᠠᠭᠠᠶᠢᠷᠠᠭᠤᠯᠪᠠ᠃ ᠲᠤᠸᠠᠨ ᠵᠢᠶᠧ ᠰᠢᠨ᠎ᠡ ᠲᠣᠰᠬᠤᠨ ᠳᠤ ︽ᠨᠢᠭᠡ ᠨᠡᠷᠡᠲᠦ ᠲᠡᠮᠳᠡᠭ ᠨᠢᠭᠡ ᠵᠡᠭᠡᠯᠢ ᠲᠣᠭᠤᠷᠢᠭ︾᠎ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠠᠤᠡᠬᠤᠵᠠᠢ᠃ ︽ᠨᠢᠭᠡ ᠨᠠᠷᠠᠲᠤ ᠲᠡᠮᠳᠡᠭ︾ ᠭᠡᠳᠡᠭ ᠨᠢ ᠳᠠᠷᠤᠶ ᠬᠤᠷᠰᠢᠶ᠎ᠠ ᠶᠢᠨ ᠳᠠᠪᠠᠭᠤᠯᠢᠭ ᠢ ᠭᠦᠢᠴᠠᠤᠡ ᠪᠠᠳᠠᠷᠠᠭᠤᠯᠵᠤ᠂ ᠲᠦᠩ ᠹᠦ᠋ ᠰᠡᠳᠬᠢᠯ ᠠᠮᠤᠷ ᠢᠳᠡᠰᠢᠨ ᠨᠣᠭᠤᠭᠠᠨ ᠤ ᠨᠠᠷᠠᠲᠤ ᠲᠡᠮᠳᠡᠭ ᠢ ᠡᠭᠦᠳᠴᠦ᠂ ᠲᠠᠷᠢᠶᠠᠯᠠᠩ ᠤᠨ ᠪᠦᠲᠦᠭᠡᠭᠳᠡᠬᠦᠨ ᠤ ᠮᠥᠷᠳᠡᠵᠦ ᠪᠣᠯᠬᠤ ᠰᠢᠰᠲ᠋ᠧᠮ ᠢ ᠪᠠᠶᠢᠭᠤᠯᠵᠤ᠂ ᠢᠳᠡᠰᠢᠨ ᠨᠣᠭᠤᠭ᠎ᠠ ᠶᠢᠨ ᠮᠥᠷᠳᠡᠵᠦ ᠪᠣᠯᠬᠤ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ︽ᠨᠢᠭᠡ ᠵᠡᠭᠡᠯᠢ ᠲᠣᠭᠤᠷᠢᠭ︾ ᠭᠡᠳᠡᠭ ᠨᠢ ᠳᠠᠷᠤᠶ ᠵᠠᠰᠠᠭ ᠤᠨ ᠣᠷᠳᠣᠨ ᠠᠴᠠ ᠭᠠᠳᠠᠭᠠᠳᠤ ᠣᠷᠴᠢᠨ ᠢ ᠲᠣᠭᠤᠷᠢᠨ ᠢ ᠠᠳᠬᠤᠵᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠶᠦᠨ ᠹᠸᠢ ᠠᠷᠢᠬᠢᠨ ᠮᠤᠬᠤᠯᠠᠭ᠂ ᠠᠭᠤᠯᠠᠨ ᠣᠢ ᠬᠤᠸᠠᠷ ᠴᠡᠴᠡᠭ᠂ ᠭᠦᠵᠡᠯᠵᠡᠭᠡᠨ᠎ᠡ ᠶᠢᠨ ᠵᠢᠱᠢᠶ᠎ᠡ ᠦᠵᠡᠭᠦᠯᠬᠦ ᠬᠦᠷᠢᠶᠡᠯᠡᠩ᠂ ᠡᠯᠡᠰᠦᠨ ᠴᠥᠯ ᠳᠤ ᠮᠢᠬ᠎ᠠ ᠶᠡᠬᠡᠲᠡᠶ᠂ ᠵᠢᠮᠢᠰ ᠨᠣᠭᠤᠭ᠎ᠠ ᠲᠠᠷᠢᠬᠤ ᠵᠡᠷᠭᠡ ᠺᠣᠮᠫᠠᠨᠢ ᠪᠣᠯᠤᠨ ᠲᠠᠷᠢᠶᠠᠴᠢᠨ ᠡᠷᠦᠬᠡ ᠶᠢ ᠭᠤᠤᠯᠳᠠᠯᠭ᠎ᠠ ᠲᠠᠢ ᠠᠰᠢᠭᠯᠠᠵᠤ᠂ ᠢᠳᠡᠭᠡᠨ ᠤᠮᠳᠠᠭᠠᠨ ᠤ ᠵᠡᠭᠡᠯᠢ ᠭᠤᠳᠤᠮᠵᠢ ᠶᠢ ᠪᠠᠶᠢᠭᠤᠯᠤᠨ᠎ᠠ᠃      ᠲᠤᠸᠠᠨ ᠵᠢᠶᠧ ᠰᠢᠨ᠎ᠡ ᠲᠣᠰᠬᠤᠨ ᠤ ᠨᠠᠮ ᠤᠨ ᠡᠭᠦᠷ ᠲᠦᠷᠦᠭᠦᠯᠡᠨ ᠦᠬᠠᠶ ᠬᠤᠲᠠ ᠶᠢᠨ ᠲᠦᠩ ᠹᠦ᠋ ᠲᠠᠷᠢᠶᠠᠯᠠᠩ ᠤᠨ ᠲᠤᠰᠬᠠᠶ ᠬᠤᠷᠰᠢᠶᠠᠵᠢᠯ ᠢ ᠪᠠᠶᠢᠭᠤᠯᠵᠤ᠂ ᠰᠤᠷᠪᠤᠯᠵᠢᠯᠠᠭᠴᠢ ᠶᠠᠭ ᠬᠡᠷᠡᠭᠵᠢᠭᠦᠯᠵᠦ ᠪᠠᠶᠢᠭ᠎ᠠ ︽ᠪᠣᠬᠢᠷᠲᠤᠯ ᠦᠭᠡᠢ ᠲᠡᠭᠦᠵᠦ ᠲᠡᠭᠦᠬᠦ︾ ᠲᠥᠷᠥᠯ ᠵᠤᠶᠢᠯ ᠢ ᠣᠯᠵᠤ ᠬᠠᠷᠠᠪᠠ᠂ ᠣᠶᠢᠯᠠᠭᠠᠭᠰᠠᠨ ᠢᠶᠠᠷ᠂ ᠲᠠᠷᠢᠮᠠᠯ ᠤᠨ ᠰᠠᠭᠤᠷᠢᠨ ᠭᠠᠵᠠᠷ ᠲᠤ ᠣᠳᠣᠬᠠᠨ ᠳᠤ ᠭᠤᠤᠯᠳᠠᠭᠤ ᠭᠦᠵᠡᠯᠵᠡᠭᠡᠨ᠎ᠡ᠂ ᠡᠯᠭᠦᠮᠡᠯ ᠬᠡᠮᠬᠡ᠂ ᠫᠷᠤᠤᠸ᠋ᠨᠰ ᠤᠨ ᠲᠥᠪᠡᠳ ᠬᠠᠰᠢ ᠵᠡᠷᠭᠡ ᠲᠥᠷᠥᠯ ᠵᠤᠶᠢᠯ ᠢ ᠲᠠᠷᠢᠵᠤ ᠪᠠᠶᠢᠬᠤ ᠪᠥᠭᠡᠳ ᠪᠠᠰᠠ ᠶᠠᠭ ᠰᠢᠷᠠᠮᠠᠯ᠂ ᠲᠠᠷᠢᠶᠠᠴᠢᠨ ᠠᠶᠢᠯ ᠤᠨ ᠨᠣᠭᠤᠭ᠎ᠠ ᠵᠡᠷᠭᠡ ᠣᠨᠴᠠᠯᠢᠭᠲᠤ ᠤᠶᠢᠯᠡᠴᠢᠯᠡᠭᠡ ᠪᠡᠯᠡᠳᠬᠡᠵᠦ ᠪᠠᠶᠢᠨ᠎ᠠ᠃ ᠲᠦᠩ ᠹᠦ᠋ ᠲᠠᠷᠢᠶᠠᠯᠠᠩ ᠤᠨ ᠲᠤᠰᠬᠠᠶ ᠬᠤᠷᠰᠢᠶ᠎ᠠ ᠲᠠᠢ ᠬᠠᠮᠲᠤᠷᠠᠨ ᠠᠵᠢᠯᠯᠠᠵᠤ ᠪᠠᠶᠢᠭ᠎ᠠ ᠹᠦ᠋ ᠬᠠᠢ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠮᠠ ᠱᠠᠩ ᠬᠠᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠳᠡ ᠲᠤᠷᠰᠢᠨ ᠲᠠᠷᠢᠭᠰᠠᠨ ᠰᠢᠨ᠎ᠡ ᠲᠥᠷᠥᠯ ᠵᠤᠶᠢᠯ ᠠᠮᠵᠢᠯᠲᠠ ᠣᠯᠤᠭᠰᠠᠨ ᠤ ᠳᠠᠷᠠᠭ᠎ᠠ᠂ ᠲᠣᠰᠬᠤᠨ ᠤ ᠠᠷᠠᠳ ᠲᠤ ᠲᠠᠨᠢᠯᠴᠠᠭᠤᠯᠵᠤ ᠥᠭᠬᠦ ᠪᠥᠭᠡᠳ ᠲᠣᠰᠬᠤᠨ ᠤ ᠠᠷᠠᠳ ᠢ ᠦᠨ᠎ᠡ ᠲᠥᠯᠥᠪᠦᠷᠢ ᠦᠭᠡᠢ ᠪᠠᠷ ᠬᠠᠪᠰᠤᠷᠤᠨ ᠲᠠᠷᠢᠵᠤ ᠤᠷᠭᠤᠭᠤᠯᠬᠤ ᠮᠡᠷᠭᠡᠵᠢᠯ ᠢ ᠵᠢᠯᠣᠭᠤᠳᠬᠤ ᠵᠢᠴᠢ ᠪᠣᠷᠣᠯᠠᠭᠤᠯᠬᠤ ᠠᠷᠭ᠎ᠠ ᠵᠠᠮ ᠢ ᠨᠡᠪᠲᠡᠷᠡᠭᠦᠯᠵᠦ᠂ ᠣᠷᠭᠠᠨᠢᠭ᠂ ᠪᠣᠬᠢᠷᠲᠤᠯ ᠥᠬᠡᠶ ᠲᠠᠷᠢᠶᠠᠯᠠᠩ ᠢ ᠦᠨᠡᠨ ᠬᠦ ᠪᠡᠶᠡᠯᠡᠭᠦᠯᠵᠦ᠂ ᠲᠣᠰᠬᠤᠨ ᠤ ᠠᠷᠠᠳ ᠤᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠬᠤ ᠪᠣᠯᠤᠨ᠎ᠠ ᠭᠡᠵᠡᠶ᠃      ᠡᠭᠦᠨ ᠠᠴᠠ ᠭᠠᠳᠠᠨ᠎ᠠ᠂ ᠬᠠᠶᠢᠷᠤᠪ ᠤᠨ ᠲᠣᠬᠤᠢ ᠲᠣᠭᠤᠷᠢᠭ ᠪᠠᠰᠠ ᠤᠯᠤᠰ ᠤᠨ ᠪᠡᠯᠡ ᠮᠥᠩᠭᠦ ᠶᠢ ᠲᠡᠮᠡᠴᠡᠨ ᠣᠯᠵᠤ ᠮᠦᠩᠭᠡᠨ ᠬᠤᠸᠠᠷ ᠤᠨ ᠲᠠᠷᠢᠶᠠᠯᠠᠩ ᠤᠨ ᠪᠦᠲᠦᠭᠡᠯᠴᠢ ᠲᠥᠰᠦᠪᠯᠡᠯ ᠤᠨ ᠣᠷᠳᠣᠨ᠂ ᠶᠦᠨ ᠹᠧᠶ ᠦᠵᠦᠮ ‍ᠤᠨ‌ᠠᠷᠢᠬᠢᠨ ᠤ ᠲᠣᠰᠬᠤᠨ ᠵᠡᠷᠭᠡ 5 ᠲᠥᠷᠥᠯ ᠵᠤᠶᠢᠯ ᠢ ᠬᠡᠷᠡᠭᠵᠢᠭᠦᠯᠪᠡ᠃ ᠬᠢᠲᠠᠳ ᠡᠪᠡᠰᠦᠨ ᠡᠮ ᠤᠨ ᠠᠵᠤ ᠦᠢᠯᠡᠰ ᠢ ᠢᠳᠡᠪᠬᠢᠲᠡᠢ ᠰᠦᠪᠡᠭᠴᠢᠯᠡᠨ ᠬᠥᠭᠵᠢᠭᠦᠯᠵᠦ᠂ ᠬᠤᠨᠴᠢᠷ᠂ ᠠᠯᠲᠠ ᠮᠥᠩᠭᠦᠨ ᠴᠡᠴᠡᠭ᠂ ᠬᠠᠷ᠎ᠠ ᠴᠢᠨ᠋ᠸ᠎ᠠ ᠶᠢᠨ ᠬᠠᠷᠮᠠᠭ ᠵᠡᠷᠭᠡ ᠡᠮ ᠤᠨ ᠮᠠᠲ᠋ᠧᠷᠢᠶᠠᠯ ᠢ 1240 ᠮᠦ ᠲᠠᠷᠢᠪᠠ᠃ ᠦᠵᠦᠮ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠡᠬᠢᠯᠡᠭᠦᠯᠵᠦ᠂ ᠤᠯᠤᠰ ᠤᠨ ᠠᠵᠤ ᠦᠢᠯᠡᠰ ᠤᠨ ᠬᠦᠴᠦᠷᠬᠡᠭ ᠪᠠᠯᠭᠠᠰᠤ᠂ ᠪᠣᠬᠢᠷᠲᠤᠯ ᠥᠬᠡᠶ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠵᠢᠯᠯᠠᠭ᠎ᠠ ᠵᠡᠷᠭᠡ ᠲᠤᠰᠬᠠᠶ ᠲᠥᠷᠥᠯ ᠤᠨ ᠨᠥᠬᠦᠪᠥᠷᠢ ᠶᠢᠨ ᠪᠠᠯᠠ ᠮᠥᠩᠭᠦ ᠶᠢ ᠠᠰᠢᠭᠯᠠ ᠨᠢᠰᠬᠡᠯ ᠤᠨ ᠲᠠᠯᠠᠪᠠᠢ ᠵᠠᠮ ᠤᠨ ᠬᠤᠶᠠᠷ ᠬᠠᠵᠠᠭᠤ ᠶᠢᠨ ᠦᠵᠦᠮ ᠲᠠᠷᠢᠬᠤ ᠰᠠᠭᠤᠷᠢᠨ ᠭᠠᠵᠠᠷ ᠲᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠵᠣᠬᠢᠴᠠᠩᠭᠤᠶ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠦᠵᠦᠮ ‍ᠤᠨ‌ᠠᠵᠤ ᠤᠶᠢᠯᠡᠰ ᠪᠣᠯᠤᠨ ᠰᠡᠯᠡᠭᠦᠴᠡᠯ ᠵᠤᠭᠠᠴᠠᠯ ᠤᠨ ᠵᠤᠭᠠᠴᠠᠯ ᠤᠨ ᠠᠭᠤᠰᠤᠯᠳᠤᠨ ᠬᠥᠭᠵᠢᠬᠦ ᠶᠢ ᠳᠠᠶᠢᠴᠢᠯᠠᠨ᠎ᠠ᠃ ᠢᠦᠶ ᠮᠢᠨ ᠲᠠᠷᠢᠵᠤ ᠲᠡᠵᠢᠭᠡᠬᠦ ᠲᠠᠷᠢᠶᠠᠴᠢᠨ ᠤ ᠲᠤᠰᠬᠠᠶ ᠠᠵᠢᠯ ᠶᠢᠨ ᠬᠤᠷᠰᠢᠶ᠎ᠠ ᠪᠣᠯᠤᠨ ᠶᠤᠸᠠᠨ ᠲᠠᠢ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠶᠢᠨ ᠬᠠᠮᠲᠤᠷᠠᠨ ᠬᠡᠷᠡᠭᠵᠢᠭᠦᠯᠦᠭᠰᠡᠨ 《ᠬᠥᠳᠡᠭᠡ ᠲᠣᠰᠬᠤᠨ ᠤ ᠣᠢ ᠰᠢᠭᠤᠶ ᠰᠠᠭᠤᠭᠠᠯᠢ ᠠᠷᠠᠳ︾᠎ ᠤᠨ ᠣᠢ ᠶᠢᠨ ᠬᠤᠷᠮᠣᠶ ᠶᠢᠨ ᠠᠵᠤ ᠠᠬᠤᠢ ᠶᠢᠨ ᠣᠨᠴᠠᠯᠢᠭᠲᠤ ᠲᠡᠵᠢᠭᠡᠨ ᠦᠷᠡᠵᠢᠭᠦᠯᠬᠦ ᠲᠥᠷᠥᠯ ᠵᠤᠶᠢᠯ᠃ ︽ᠨᠠᠮ ᠤᠨ ᠡᠭᠦᠷ + ᠬᠤᠷᠰᠢᠶ᠎ᠠ + ᠨᠠᠮ ᠤᠨ ᠭᠡᠰᠢᠭᠦᠨ + ᠲᠠᠷᠢᠶᠠᠴᠢᠨ ᠡᠷᠦᠬᠡ︾᠎ ᠶᠢᠨ ᠵᠠᠭᠪᠤᠷ ᠢᠶᠠᠷ ᠳᠠᠮᠵᠢᠨ᠂ ᠣᠢ ᠶᠢᠨ ᠬᠤᠷᠮᠣᠶ ᠶᠢᠨ ᠣᠨᠴᠠᠯᠢᠭᠲᠤ ᠠᠵᠤ ᠠᠬᠤᠢ ᠶᠢᠨ ᠠᠵᠤ ᠤᠶᠢᠯᠡᠰ ᠢ ᠬᠥᠭᠵᠢᠭᠦᠯᠵᠦ᠂ ᠣᠢ ᠶᠢᠨ ᠬᠤᠷᠮᠣᠶ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠰᠡᠯᠡᠭᠦᠴᠡᠨ ᠵᠤᠭᠠᠴᠠᠬᠤ᠂ ᠵᠢᠮᠢᠰ ᠨᠣᠭᠤᠭ᠎ᠠ ᠡᠳ᠋ᠰᠢᠭᠦᠯᠬᠦ᠂ ᠢᠳᠡᠭᠡᠨ ᠤ ᠳᠡᠯᠭᠡᠨ ᠦᠵᠡᠭᠦᠯᠬᠦ ᠲᠢᠩᠬᠢᠮ᠂ ᠬᠦᠯᠡᠮᠵᠢ ᠶᠢᠨ ᠲᠡᠭᠦᠬᠦ ᠵᠡᠷᠭᠡ ᠣᠯᠠᠨ ᠵᠤᠶᠢᠯ ᠤᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠵᠢᠭᠤᠯᠴᠢᠯᠠᠯ ᠤᠨ ᠲᠥᠷᠥᠯ ᠵᠤᠶᠢᠯ ᠢ ᠠᠯᠬᠤᠮ ᠠᠯᠬᠤᠮ ᠢᠶᠠᠷ ᠪᠠᠶᠢᠭᠤᠯᠤᠨ᠎ᠠ᠃      ᠣᠳᠣᠬᠠᠨ ᠳᠤ᠂ ᠬᠥᠳᠡᠭᠡ ᠲᠣᠰᠬᠤᠨ ᠥᠷᠭᠡᠨ ᠳᠠᠷᠳᠠᠩ ᠵᠠᠮ ᠪᠠ ᠭᠡᠭᠡᠨ ᠰᠠᠷᠠᠭᠤᠯ ᠵᠠᠮ ᠤᠨ ᠳ᠋ᠧᠩ ᠲᠠᠢ ᠪᠣᠯᠵᠤ᠂ ᠪᠣᠬᠢᠷᠲᠤᠯ ᠭᠠᠳᠠᠭᠰᠢᠯᠠᠭᠤᠯᠬᠤ ᠰᠢᠰᠲ᠋ᠧᠮ ᠪᠠ ᠵᠤᠭᠠᠴᠠᠯ ᠤᠨ ᠵᠣᠷᠯᠣᠩ ᠲᠠᠢ ᠪᠣᠯᠵᠤ᠂ ᠣᠷᠴᠢᠨ ᠲᠣᠭᠤᠷᠢᠨ ᠰᠠᠶᠢᠵᠢᠷᠠᠵᠤ᠂ ᠲᠣᠰᠬᠤᠨ ᠤ ᠠᠷᠠᠳ ᠴᠤ ᠪᠠᠶᠠᠵᠢᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠨᠠᠩ ᠲᠡᠭᠦᠯᠳᠡᠷᠵᠢᠵᠦ᠂ ᠬᠥᠳᠡᠭᠡ ᠲᠣᠰᠬᠤᠨ ᠤ ᠬᠡᠪ ᠰᠤᠷᠲᠠᠯ ᠪᠣᠯᠪᠠᠰᠤᠨ ᠤ ᠬᠡᠮᠵᠢᠶ᠎ᠡ ᠢᠯᠡᠳᠲᠡ ᠳᠡᠭᠡᠭᠰᠢᠯᠡᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠶᠠᠭ ᠬᠥᠮᠦᠰ ᠲᠤ ᠭᠠᠷ ᠳᠠᠯᠠᠯᠵᠤ ᠪᠠᠶᠢᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号