ᠲᠤᠸᠠᠨ ᠵᠢᠶᠧ ᠰᠢᠨ᠎ᠡ ᠲᠣᠰᠬᠤᠨ ᠤ ᠨᠠᠮ ᠤᠨ ᠡᠭᠦᠷ ᠲᠦᠷᠦᠭᠦᠯᠡᠨ ᠦᠬᠠᠶ ᠬᠤᠲᠠ ᠶᠢᠨ ᠲᠦᠩ ᠹᠦ᠋ | ᠲᠠᠷᠢᠶᠠᠯᠠᠩ ᠤᠨ ᠲᠤᠰᠬᠠᠶ ᠬᠤᠷᠰᠢᠶ᠎ᠠ ᠶᠢ ᠪᠠᠶᠢᠭᠤᠯᠵᠤ᠂ ᠵᠢᠮᠢᠰ ᠨᠣᠭᠤᠭ᠎ᠠ ᠲᠠᠷᠢᠬᠤ ᠪᠠᠷ ᠰᠠᠭᠤᠷᠢ ᠪᠣᠯᠭᠠᠵᠤ᠂ | ︽ᠪᠣᠬᠢᠷᠲᠤᠯ ᠦᠭᠡᠢ ᠲᠡᠭᠦᠬᠦ︾ᠵᠡᠭᠡᠯᠢ ᠶᠢ ᠪᠠᠶᠢᠭᠤᠯᠵᠤ᠂ ᠪᠠᠶᠠᠨᠤᠰᠤ ᠲᠣᠰᠬᠤᠨ ᠤ ᠨᠠᠮ ᠤᠨ ᠡᠭᠦᠷ ᠲᠦᠷᠦᠭᠦᠯᠡᠨ ᠦᠬᠠᠶ | ᠬᠤᠲᠠ ᠶᠢᠨ ᠢᠦᠶ ᠮᠢᠨ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠶ ᠬᠤᠷᠰᠢᠶ᠎ᠠ ᠶᠢ ᠪᠠᠶᠢᠭᠤᠯᠵᠤ᠂ | ︽ᠰᠢᠶᠠᠩ ᠯᠢ ᠯᠢᠨ ᠵᠢᠤᠢ︾ ᠣᠢ ᠶᠢᠨ ᠬᠤᠷᠮᠣᠶ ᠶᠢᠨ ᠠᠵᠤ ᠠᠬᠤᠢ ᠶᠢᠨ ᠤᠨᠴᠠᠯᠢᠬᠳᠤ ᠲᠡᠵᠢᠭᠡᠨ ᠦᠷᠡᠵᠢᠭᠦᠯᠬᠦ ᠶᠢ | ᠬᠡᠷᠡᠭᠵᠢᠭᠦᠯᠪᠡ ᠁ ᠠᠯᠢ ᠣᠯᠠᠨ ᠬᠤᠷᠰᠢᠶ᠎ᠠ ᠵᠠᠯᠭᠠᠭ᠎ᠠ ᠪᠠᠷ ᠪᠠᠶᠢᠭᠤᠯᠤᠭᠳᠠᠭᠰᠠᠨ ᠨᠢ ᠬᠠᠶᠢᠷᠤᠪ ᠤᠨ ᠲᠣᠬᠤᠢ | ᠲᠣᠭᠤᠷᠢᠭ ᠤᠨ ᠴᠡᠭᠡᠯ ᠠᠭᠤᠯᠠᠨ ᠪᠠᠯᠭᠠᠰᠤ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠠᠰᠠ ᠨᠢᠭᠡᠨ ᠰᠢᠨ᠎ᠡ | ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃ ︽ᠴᠠᠭᠠᠨ ᠰᠠᠷ᠎ᠠ ᠶᠢᠨ ᠪᠠᠷᠠᠭ᠎ᠠ ᠶᠢᠨ ᠪᠠᠶᠠᠷ︾᠂︽ᠺᠠᠢ ᠾᠧ | ᠵᠢᠭᠠᠰᠤᠨ ᠤ ᠪᠠᠶᠠᠷ︾ ᠵᠡᠷᠭᠡ ᠠᠷᠠᠳ ᠤᠨ ᠵᠠᠩ ᠦᠢᠯᠡ ᠪᠠᠶᠠᠷ ᠳᠤᠷᠠᠰᠬᠠᠯ ᠤᠨ ᠠᠵᠢᠯᠯᠠᠭ᠎ᠠ ᠵᠢᠴᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠵᠤ ᠪᠠᠶᠠᠵᠢᠨ ᠴᠢᠨᠡᠭᠡᠯᠢᠭᠵᠢᠭᠰᠡᠨ ᠲᠡᠷᠢᠭᠦᠨ ᠤ ᠦᠢᠯᠡ ᠠᠵᠢᠯᠯᠠᠭ᠎ᠠ | ᠵᠢᠴᠢ︽ᠶᠠᠳᠠᠭᠤ ᠠᠴᠠ ᠠᠩᠭᠢᠵᠢᠷᠠᠭᠤᠯᠬᠤ ᠣᠳᠣᠨ︾ ᠵᠡᠷᠭᠡ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠵᠡᠷᠭᠡ ᠨᠢ | ᠬᠥᠳᠡᠭᠡ ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠪᠡ᠃ ᠵᠣᠷᠯᠣᠩ ᠤᠨ | ᠬᠤᠪᠢᠰᠬᠠᠯ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠤᠨ | ᠬᠠᠮᠢᠶᠠᠷᠬᠤ᠂ ᠳᠤᠷ᠎ᠠ ᠪᠠᠷ ᠣᠪᠣᠭᠠᠯᠠᠵᠤ ᠲᠠᠯᠪᠢᠬᠤ ᠵᠢᠴᠢ ᠬᠤᠪᠢ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ | ᠪᠠᠶᠢᠭᠤᠯᠬᠤ ᠶᠢ ᠲᠤᠰᠬᠠᠢᠯᠠᠨ ᠴᠡᠭᠴᠡᠯᠡᠨ ᠵᠠᠰᠠᠬᠤ ᠵᠡᠷᠭᠡ ᠠᠵᠢᠯ ᠨᠢ ᠲᠣᠰᠬᠤᠨ ᠤ ᠳᠦᠷᠰᠦ ᠪᠠᠶᠢᠳᠠᠯ ᠢ ᠶᠡᠬᠡᠪᠡᠷ | ᠳᠡᠭᠡᠭᠰᠢᠯᠡᠭᠦᠯᠵᠦ᠂ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠳᠤ ᠬᠦᠴᠦᠨ ᠨᠡᠮᠡᠷᠢᠯᠡᠪᠡ᠃ ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠤᠭᠤᠷᠢᠭ | ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠢᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ ᠢᠳᠡᠪᠬᠢᠲᠡᠢ | ᠠᠬᠢᠭᠤᠯᠵᠤ᠂ ᠦᠷ᠎ᠡ ᠪᠦᠲᠦᠮᠵᠢ ᠣᠯᠵᠠᠶ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠣᠱᠠᠯᠠᠭᠤᠯᠤᠨ ᠨᠠᠶᠢᠳᠠᠪᠤᠷᠢᠵᠢᠭᠤᠯᠬᠤ | ᠴᠢᠬᠤᠯᠠ ᠶᠡᠭᠡ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠬᠠᠶᠢᠷᠤᠪ ᠤᠨ ᠲᠣᠬᠤᠢ ᠲᠣᠭᠤᠷᠢᠭ ᠨᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠶᠡᠷᠦᠩᠬᠡᠶ | ᠭᠠᠷᠲᠠᠨ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠤᠶᠢᠯᠡᠳᠤᠯᠭᠡᠵᠢᠭᠦᠯᠵᠤ᠂ ᠶᠠᠰᠤ | ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ᠂ ᠦᠷ᠎ᠡ ᠠᠰᠢᠭ ᠢ | ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ᠂ | ᠤᠶᠢᠯᠡᠤᠡᠪᠤᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠪᠠᠶᠢᠭᠤᠯᠵᠤ᠂ ᠪᠦᠬᠦ ᠲᠤᠭᠤᠷᠢᠭ ᠤᠨ ᠬᠤᠲᠠ | ᠬᠥᠳᠡᠭᠡ ᠶᠢ ᠠᠭᠤᠰᠤᠯᠴᠠᠭᠤᠯᠤᠨᠬᠥ᠋ᠭᠵᠢᠭᠦᠯᠬᠦ ᠶᠢ ᠠᠬᠢᠭᠤᠯᠵᠤ᠂ ᠲᠠᠷᠢᠶᠠᠯᠠᠬᠤ ᠣᠷᠣᠨ ᠤ ︽ᠭᠤᠷᠪᠠᠨ | ᠣᠳᠣᠬᠢᠴᠢᠯᠠᠯᠲᠠ︾ ᠶᠢᠨ ᠬᠡᠮᠵᠢᠶ᠎ᠡ ᠶᠢ ᠡᠳᠦᠷ ᠢᠷᠡᠬᠦᠶᠡᠨᠡᠮᠡᠭᠳᠡᠭᠦᠯᠵᠦ᠂ ᠪᠦᠬᠦ ᠬᠤᠲᠠ ᠶᠢᠨ ᠬᠤᠲᠠ ᠬᠥᠳᠡᠭᠡ ᠶᠢ | ᠠᠭᠤᠰᠤᠯᠴᠠᠭᠤᠯᠤᠭᠰᠠᠨ ᠤᠷᠢᠳᠠᠪᠠᠷ ᠬᠦᠭᠵᠢᠭᠰᠡᠨ ᠤᠷᠤᠨ ᠢ ᠪᠦᠲᠦᠭᠡᠨ ᠪᠠᠶᠢᠭᠤᠯᠤᠨ᠎ᠠ᠃ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠣᠬᠢᠷᠲᠤᠯ ᠦᠭᠡᠢ ᠬᠥᠭᠵᠢᠯᠲᠡ | ᠬᠠᠶᠢᠷᠤᠪ ᠤᠨ ᠲᠣᠬᠤᠢ ᠲᠣᠭᠤᠷᠢᠭ ᠨᠢ ᠲᠠᠷᠢᠶᠠᠯᠠᠩ ᠲᠠᠷᠢᠶᠠᠯᠠᠬᠤ ᠣᠷᠣᠨ ᠢ ᠡᠩ ᠲᠡᠷᠢᠭᠦᠨ ᠳᠤ | ᠬᠥᠭᠵᠢᠭᠦᠯᠬᠦ ᠶᠢ ᠪᠠᠷᠢᠮᠲᠠᠯᠠᠨ᠂︽ᠠᠵᠤ ᠤᠶᠢᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ | ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠬᠡᠶ | ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠤᠨ ᠤᠶᠢᠯᠡᠤᠡᠪᠤᠷᠢᠯᠡᠯ ᠤᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ | ᠲᠠᠷᠢᠶᠠᠯᠠᠩ ᠤᠨ ᠰᠢᠨ᠎ᠡ ᠠᠵᠤ ᠤᠶᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠤᠨ᠂ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠪᠣᠯᠤᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮᠵᠢ᠂ | ᠤᠶᠢᠯᠡᠤᠡᠪᠤᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠴᠣᠭᠴᠠᠯᠠᠨ ᠪᠠᠶᠢᠭᠤᠯᠤᠨ᠎ᠠ᠃ | ᠰᠤᠷᠪᠤᠯᠵᠢᠯᠠᠭᠴᠢ ᠴᠡᠭᠡᠯ ᠠᠭᠤᠯᠠ ᠪᠠᠯᠭᠠᠰᠤᠨ ᠤ ᠠᠭᠤᠯᠠᠨ ᠣᠢ ᠴᠡᠴᠡᠭ ᠤᠨ ᠲᠠᠷᠢᠮᠠᠯ ᠤᠨ ᠰᠠᠭᠤᠷᠢᠨ ᠠᠴᠠ᠂ | ᠠᠵᠢᠯᠴᠢᠳ ᠤᠨ ᠪᠤᠶᠢᠵᠢᠭᠤᠯᠵᠤ ᠭᠠᠷᠭᠠᠭᠰᠠᠨ ᠡᠯ᠎ᠡ ᠲᠥᠷᠥᠯ ᠤᠨ ᠴᠡᠴᠡᠭ ᠡᠪᠡᠰᠦ ᠮᠣᠳᠣᠨ ᠤ ᠲᠥᠷᠥᠯ ᠵᠤᠶᠢᠯ | ᠡᠯᠪᠡᠭ ᠪᠠᠶᠠᠯᠢᠭ᠂ ᠥᠩᠭᠡ ᠢᠯᠭᠠᠷᠠᠨ ᠪᠤᠯᠢᠶᠠᠯᠳᠤᠵᠤ ᠪᠠᠶᠢᠬᠤ ᠶᠢ ᠦᠵᠡᠵᠤ᠂ ᠬᠥᠮᠦᠨ ᠤ ᠪᠡᠶ᠎ᠡ ᠳᠤ ᠲᠠᠭᠠᠯᠠᠮᠵᠢᠲᠠᠶ | ᠰᠠᠨᠠᠭᠳᠠᠭᠤᠯᠤᠨ᠎ᠠ᠃ ᠲᠣᠮᠣ ᠰᠠᠷᠠᠪᠴᠢᠨ ᠤ ᠭᠠᠳᠠᠨ᠎ᠠ᠂ ᠬᠠᠮᠢᠶᠠᠷᠤᠯᠲᠠ ᠶᠢᠨ ᠠᠵᠢᠯᠲᠠᠨ ᠪᠠᠰᠠ ᠨᠢᠭᠡ ᠵᠢᠵᠢᠭ ᠮᠣᠷᠢᠨ | ᠲᠠᠯᠠᠪᠠᠢ ᠪᠠᠶᠢᠭᠤᠯᠵᠤ᠂ ᠵᠣᠴᠢᠳ ᠢ ᠰᠡᠯᠡᠭᠦᠴᠡᠨ ᠵᠤᠭᠠᠴᠠᠭᠤᠯᠵᠤ᠂ ᠬᠡᠤᠬᠡᠳ ᠤᠳ ᠨᠠᠩᠭᠤᠸᠠ ᠲᠡᠷᠭᠡᠨ ᠳᠤ ᠰᠠᠭᠤᠵᠤ᠂ | ᠬᠡᠤᠬᠡᠳ ᠤᠨ ᠳᠣᠮᠤᠭ ᠤᠨ ᠶᠢᠷᠲᠢᠨᠴᠦ ᠰᠢᠭ ᠪᠣᠯᠪᠠ᠃ ᠠᠳᠡᠬᠢ ᠭᠤᠤᠯᠯᠠᠨ ᠬᠠᠮᠢᠶᠠᠷᠤᠭᠴᠢ ᠰᠦᠩᠬᠤᠩ ᠶᠢᠩ | ᠰᠤᠷᠪᠤᠯᠵᠢᠯᠠᠭᠴᠢ ᠳᠤ᠂《ᠠᠳᠡ ᠲᠣᠰᠬᠤᠨ ᠤ ᠠᠷᠠᠳ ᠢ ᠬᠥᠯᠥᠰᠥᠯᠡᠨ ᠬᠤᠸᠠᠷ ᠴᠡᠴᠡᠭ ᠲᠠᠷᠢᠬᠤ ᠠᠵᠢᠯ ᠬᠢᠯᠭᠡᠵᠦ᠂ | ᠪᠠᠰᠠ ᠦᠵᠦᠮ᠂ ᠵᠢᠮᠢᠰᠭᠡᠨ᠎ᠡ᠂ ᠥᠷᠭᠡᠰᠦᠲᠦ ᠬᠡᠮᠬᠡ᠂ ᠲᠥᠪᠡᠳ ᠬᠠᠰᠢ ᠵᠡᠷᠭᠡ ᠢᠳᠡᠰᠢᠨ ᠨᠣᠭᠤᠭ᠎ᠠ ᠭᠤᠸ᠎ᠠ ᠵᠢᠮᠢᠰ | ᠲᠠᠷᠢᠵᠤ᠂ ᠲᠣᠭᠤᠰ᠂ ᠣᠳᠣᠶ ᠮᠣᠷᠢ ᠵᠡᠷᠭᠡ ᠠᠮᠢᠲᠠᠨ ᠢ ᠲᠡᠵᠢᠭᠡᠨ ᠦᠷᠡᠵᠢᠭᠦᠯᠦᠭᠰᠡᠨ ᠪᠠᠶᠢᠨ᠎ᠠ ᠭᠡᠵᠦ ᠬᠡᠯᠡᠪᠡ᠃ ᠪᠢᠳᠡ | ᠴᠡᠴᠡᠭ ᠤᠨ ᠲᠠᠷᠢᠮᠠᠯ ᠢ ᠪᠥᠭᠡᠮ ᠢᠶᠠᠷ ᠪᠣᠷᠣᠯᠠᠭᠤᠯᠬᠤ᠂ ᠲᠡᠭᠦᠬᠦ ᠪᠠ ᠰᠡᠯᠡᠭᠦᠴᠡᠯ ᠵᠢᠭᠤᠯᠴᠢᠯᠠᠬᠤ ᠶᠢ ᠤᠶᠠᠯᠳᠤᠭᠤᠯᠵᠤ᠂ | ᠬᠤᠲᠠ ᠶᠢᠨ ᠠᠷᠠᠳ ᠲᠤ ᠡᠶᠢᠮᠦ ᠨᠢᠭᠡᠨ ᠰᠠᠶᠢᠬᠠᠨ ᠭᠠᠵᠠᠷ ᠬᠠᠩᠭᠠᠵᠤ᠂ ᠲᠣᠰᠬᠤᠨ ᠤ ᠲᠠᠷᠢᠶᠠᠯᠠᠩᠠᠵᠤ ᠠᠬᠤᠢ ᠶᠢᠨ | ᠨᠡᠮᠡᠭᠳᠡᠯ ᠢ ᠠᠬᠢᠭᠤᠯᠤᠭᠰᠠᠨ ᠢᠶᠠᠷ ᠪᠠᠷᠠᠬᠤ ᠥᠬᠡᠶ᠂ ᠲᠣᠰᠬᠤᠨ ᠤ ᠠᠷᠠᠳ ᠲᠤ ᠴᠤ ᠵᠣᠬᠢᠬᠤ ᠡᠳ᠋ ᠪᠠᠶᠠᠯᠢᠭ ᠡᠭᠦᠳᠴᠦ | ᠥᠭᠴᠡᠶ᠃》ᠭᠡᠵᠤ ᠬᠡᠯᠡᠵᠠᠢ᠃ | ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠨᠢ ᠲᠠᠷᠢᠶᠠᠯᠠᠩ ᠤᠨ ᠠᠵᠤ ᠦᠢᠯᠡᠰ ᠤᠨ | ᠬᠡᠯᠬᠢᠶ᠎ᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠶᠡᠬᠡᠪᠡᠷ ᠠᠬᠢᠭᠤᠯᠵᠤ᠂ ᠤᠯᠤᠰ ᠠᠴᠠ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠤᠶᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠬᠤᠰᠢᠭᠤ ᠰᠢᠶᠠᠨ ᠢᠶᠠᠷ ᠠᠵᠠ | ᠲᠣᠬᠢᠶᠠᠯ ᠪᠣᠯᠭᠠᠵᠤ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠤ ᠶᠢ ᠳᠠᠮᠵᠢᠨ ᠬᠥᠲᠥᠯᠥᠨ | ᠵᠢᠯᠣᠭᠤᠳᠴᠤ᠂ ᠡᠳ᠋ᠰᠢᠭᠦᠯᠬᠦ ᠤᠶᠢᠯᠡᠰ᠂ ᠤᠶᠢᠯᠡᠤᠡᠪᠤᠷᠢᠯᠡᠯ ᠤᠶᠢᠯᠡᠴᠢᠯᠡᠭᠡᠨ ᠤ ᠤᠶᠢᠯᠡᠰ᠂ ᠵᠤᠭᠠᠴᠠᠯ ᠤᠨ ᠤᠶᠢᠯᠡᠰ ᠯᠦᠭᠡ | ᠬᠠᠷᠢᠯᠴᠠᠨ ᠨᠢᠭᠡᠳᠦᠯᠲᠡᠶ ᠳᠤ ᠲᠥᠯᠥᠪᠵᠢᠭᠦᠯᠦᠨ ᠬᠦᠭᠵᠢᠭᠦᠯᠬᠦ ᠳᠡᠭᠡᠳᠦ ᠳᠣᠣᠷᠠᠳᠤ ᠤᠷᠤᠰᠬᠠᠯ ᠤᠨ ᠨᠢᠭᠲᠠ | ᠬᠠᠮᠵᠢᠯᠴᠠᠭᠰᠠᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠦᠵᠦᠮ᠂ ᠢᠳᠡᠰᠢᠨ | ᠨᠣᠭᠤᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠭᠪᠤᠷ ᠢ ᠲᠦᠷᠭᠡᠳᠬᠡᠨ ᠠᠬᠢᠭᠤᠯᠪᠠ᠃ | ᠡᠭᠦᠨ ᠠᠴᠠ ᠭᠠᠳᠠᠨ᠎ᠠ᠂ ᠬᠠᠶᠢᠷᠤᠪ ᠤᠨ ᠲᠣᠬᠤᠢ ᠲᠣᠭᠤᠷᠢᠭ ᠪᠠᠰᠠ ᠬᠠᠶᠢᠷᠤᠪ ᠤᠨ ᠲᠣᠬᠤᠢ ᠶᠢᠨ ᠬᠤᠶᠢᠳᠤ | ᠬᠡᠰᠡᠭ ᠤᠨ ᠠᠮᠢ ᠠᠬᠤᠢ ᠶᠢᠨ ᠲᠠᠷᠢᠶᠠᠯᠠᠩ ᠤᠨ ᠵᠤᠭᠠᠴᠠᠨ ᠲᠣᠭᠤᠷᠢᠬᠤ ᠰᠠᠭᠤᠷᠢᠨ ᠭᠠᠵᠠᠷ ᠪᠣᠯᠤᠨ ᠬᠠᠳᠤᠨ ᠭᠤᠤᠯ | ᠳᠠᠭᠠᠤ ᠶᠢᠨ ᠠᠮᠢ ᠠᠬᠤᠢ ᠶᠢᠨ ᠪᠣᠯᠪᠠᠰᠤᠨ ᠵᠤᠭᠠᠴᠠᠯ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠪᠡ᠃ | ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠶᠢ ᠵᠣᠷᠢᠭᠵᠢᠭᠤᠯᠵᠤ᠂ ᠲᠠᠷᠠᠬᠠᠶ ᠪᠤᠲᠠᠷᠬᠠᠶ ᠲᠠᠷᠢᠶᠠᠨ ᠭᠠᠵᠠᠷ ᠢ | ᠬᠥᠲᠥᠯᠥᠨ ᠵᠢᠯᠣᠭᠤᠳᠴᠤ ᠪᠠᠶᠢᠭᠠᠳ ᠲᠠᠷᠢᠮᠠᠯ ᠤᠨ ᠲᠣᠯᠣᠭᠠᠶᠢᠯᠠᠭᠴᠢ ᠠᠵᠤ ᠠᠬᠤᠶᠢᠯᠠᠯ ᠪᠠ ᠲᠠᠷᠢᠮᠠᠯ ᠤᠨ ᠲᠣᠮᠣ | ᠡᠷᠦᠬᠡ ᠲᠡᠰᠢ ᠠᠯᠬᠤᠮ ᠠᠯᠬᠤᠮ ᠢᠶᠠᠷ ᠲᠥᠪᠯᠡᠷᠡᠭᠦᠯᠦᠨ᠎ᠡ︔ ᠲᠥᠷᠥ ᠶᠢᠨ ᠪᠣᠳᠣᠯᠭ᠎ᠠ ᠪᠠᠷ ᠬᠥᠲᠥᠯᠥᠨ | ᠵᠢᠯᠣᠭᠤᠳᠬᠤ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠦᠨᠵᠡᠭᠡᠶ ᠪᠣᠯᠪᠠᠰᠤᠷᠠᠭᠤᠯᠤᠯᠲᠠ ᠶᠢᠨ | ᠬᠥᠭᠵᠢᠯᠲᠡ ᠶᠢ ᠳᠠᠮᠵᠢᠵᠤ᠂ ᠲᠠᠷᠢᠶᠠᠯᠠᠩ ᠤᠨ ᠪᠦᠲᠦᠭᠡᠭᠳᠡᠬᠦᠨ ᠤ ᠣᠯᠠᠨ ᠱᠠᠲᠤᠨ ᠤ ᠰᠢᠷᠢᠰ | ᠪᠣᠯᠪᠠᠰᠤᠷᠠᠭᠤᠯᠤᠯᠲᠠ ᠶᠢᠨ ᠲᠦᠷᠭᠡᠪᠴᠢᠯᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ︽ᠭᠤᠷᠪᠠᠨ ᠪᠦᠲᠦᠭᠡᠭᠳᠡᠬᠦᠨ | ᠨᠢᠭᠡ ᠲᠡᠮᠳᠡᠭ︾ ︵ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠥᠬᠡᠶᠢᠳᠡᠭᠡᠨ ᠤᠮᠳᠠᠭᠠᠨ᠂ | ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠪᠡᠯᠭᠡ | ᠲᠡᠮᠳᠡᠭ︶ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠶᠡᠬᠡᠪᠡᠷ ᠠᠬᠢᠭᠤᠯᠤᠨ᠎ᠠ︔ ᠲᠠᠷᠢᠶᠠᠯᠠᠩ ᠤᠨ | ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠲᠠᠷᠢᠶᠠᠯᠠᠩ ᠤᠨ | ᠪᠦᠲᠦᠭᠡᠭᠳᠡᠬᠦᠨ ᠢ ᠪᠣᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠬᠦᠢᠯᠭᠡᠭᠡ᠂ ᠭᠠᠷᠤᠯᠲᠠ ᠶᠢᠨ | ᠣᠷᠣᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠲᠤᠰᠠᠯᠠᠬᠤ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠳᠠᠮᠵᠢᠨ᠎ᠠ᠃ | ᠪᠦᠬᠦ ᠲᠠᠯ᠎ᠠ ᠪᠠᠷ ᠬᠥᠭᠵᠢᠭᠦᠯᠵᠦ ᠨᠢᠭᠡᠳᠦᠯᠲᠡᠢ ᠳᠤ ᠲᠥᠯᠥᠪᠵᠢᠭᠦᠯᠦᠨ᠎ᠡ᠃ | ᠬᠠᠶᠢᠷᠤᠪ ᠤᠨ ᠲᠣᠬᠤᠢ ᠲᠣᠭᠤᠷᠢᠭ ᠨᠢ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠪᠣᠯᠤᠨ ᠣᠯᠠᠨ | ᠨᠡᠶᠢᠲᠡ ᠶᠢᠨ ᠤᠶᠢᠯᠡᠴᠢᠯᠡᠭᠡᠨ ᠤ ᠬᠢᠷᠢ ᠬᠡᠮᠵᠢᠶ᠎ᠡ ᠶᠢᠨ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠦᠲᠦᠭᠡᠨ | ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠵᠤ ᠦᠢᠯᠡᠰ ᠤᠨ | ᠬᠥᠭᠵᠢᠯᠲᠡ ᠶᠢ ᠨᠢᠭᠡ ᠴᠣᠭᠴᠠᠵᠢᠭᠤᠯᠬᠤ᠂ ᠰᠠᠭᠤᠷᠢ ᠪᠡᠯᠡᠳᠬᠡᠮᠵᠢ ᠶᠢ ᠨᠢᠭᠡ ᠴᠣᠭᠴᠠᠵᠢᠭᠤᠯᠬᠤ᠂ ᠣᠯᠠᠨ ᠨᠡᠶᠢᠲᠡ ᠶᠢᠨ | ᠤᠶᠢᠯᠡᠴᠢᠯᠡᠭᠡᠨ ᠢ ᠨᠢᠭᠡ ᠴᠣᠭᠴᠠᠵᠢᠭᠤᠯᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠨᠢᠭᠡ | ᠴᠣᠭᠴᠠᠵᠢᠭᠤᠯᠬᠤ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ | ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠤᠯᠤᠰ ᠤᠨ ᠠᠵᠤ ᠦᠢᠯᠡᠰ ᠤᠨ | ᠬᠥᠭᠵᠢᠯᠲᠡ ᠶᠢᠨ ᠲᠥᠷᠦ ᠶᠢᠨ ᠪᠣᠳᠣᠯᠭ᠎ᠠ ᠶᠢ ᠭᠦᠢᠴᠠᠤᠡ ᠰᠠᠶᠢᠲᠤᠷ ᠬᠡᠷᠡᠭᠯᠡᠵᠦ᠂ ᠠᠵᠤ ᠤᠶᠢᠯᠡᠰ ᠢ ᠬᠥᠭᠵᠢᠭᠦᠯᠦᠨ | ᠮᠠᠨᠳᠤᠭᠤᠯᠬᠤ ᠶᠢ ᠶᠡᠬᠡᠪᠡᠷ ᠬᠡᠷᠡᠭᠵᠢᠭᠦᠯᠵᠦ᠂ ᠡᠯ᠎ᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠶᠢ | ᠳᠠᠮᠵᠢᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠦᠴᠦᠨ ᠢ ᠪᠤᠵᠠᠭᠠᠶᠢᠷᠠᠭᠤᠯᠪᠠ᠃ ᠲᠤᠸᠠᠨ ᠵᠢᠶᠧ ᠰᠢᠨ᠎ᠡ | ᠲᠣᠰᠬᠤᠨ ᠳᠤ ︽ᠨᠢᠭᠡ ᠨᠡᠷᠡᠲᠦ ᠲᠡᠮᠳᠡᠭ ᠨᠢᠭᠡ ᠵᠡᠭᠡᠯᠢ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ | ᠭᠤᠤᠯᠳᠠᠯᠭ᠎ᠠ ᠲᠠᠢ ᠰᠠᠶᠢᠲᠤᠷ ᠠᠤᠡᠬᠤᠵᠠᠢ᠃ ︽ᠨᠢᠭᠡ ᠨᠠᠷᠠᠲᠤ ᠲᠡᠮᠳᠡᠭ︾ ᠭᠡᠳᠡᠭ ᠨᠢ ᠳᠠᠷᠤᠶ ᠬᠤᠷᠰᠢᠶ᠎ᠠ ᠶᠢᠨ | ᠳᠠᠪᠠᠭᠤᠯᠢᠭ ᠢ ᠭᠦᠢᠴᠠᠤᠡ ᠪᠠᠳᠠᠷᠠᠭᠤᠯᠵᠤ᠂ ᠲᠦᠩ ᠹᠦ᠋ ᠰᠡᠳᠬᠢᠯ ᠠᠮᠤᠷ ᠢᠳᠡᠰᠢᠨ ᠨᠣᠭᠤᠭᠠᠨ ᠤ ᠨᠠᠷᠠᠲᠤ ᠲᠡᠮᠳᠡᠭ ᠢ | ᠡᠭᠦᠳᠴᠦ᠂ ᠲᠠᠷᠢᠶᠠᠯᠠᠩ ᠤᠨ ᠪᠦᠲᠦᠭᠡᠭᠳᠡᠬᠦᠨ ᠤ ᠮᠥᠷᠳᠡᠵᠦ ᠪᠣᠯᠬᠤ ᠰᠢᠰᠲ᠋ᠧᠮ ᠢ ᠪᠠᠶᠢᠭᠤᠯᠵᠤ᠂ ᠢᠳᠡᠰᠢᠨ | ᠨᠣᠭᠤᠭ᠎ᠠ ᠶᠢᠨ ᠮᠥᠷᠳᠡᠵᠦ ᠪᠣᠯᠬᠤ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ︽ᠨᠢᠭᠡ ᠵᠡᠭᠡᠯᠢ ᠲᠣᠭᠤᠷᠢᠭ︾ ᠭᠡᠳᠡᠭ ᠨᠢ | ᠳᠠᠷᠤᠶ ᠵᠠᠰᠠᠭ ᠤᠨ ᠣᠷᠳᠣᠨ ᠠᠴᠠ ᠭᠠᠳᠠᠭᠠᠳᠤ ᠣᠷᠴᠢᠨ ᠢ ᠲᠣᠭᠤᠷᠢᠨ ᠢ ᠠᠳᠬᠤᠵᠤ ᠢᠵᠢ ᠪᠦᠷᠢᠳᠦᠭᠦᠯᠬᠦ | ᠲᠥᠬᠦᠭᠡᠷᠦᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠶᠦᠨ ᠹᠸᠢ ᠠᠷᠢᠬᠢᠨ ᠮᠤᠬᠤᠯᠠᠭ᠂ ᠠᠭᠤᠯᠠᠨ ᠣᠢ ᠬᠤᠸᠠᠷ | ᠴᠡᠴᠡᠭ᠂ ᠭᠦᠵᠡᠯᠵᠡᠭᠡᠨ᠎ᠡ ᠶᠢᠨ ᠵᠢᠱᠢᠶ᠎ᠡ ᠦᠵᠡᠭᠦᠯᠬᠦ ᠬᠦᠷᠢᠶᠡᠯᠡᠩ᠂ ᠡᠯᠡᠰᠦᠨ ᠴᠥᠯ ᠳᠤ ᠮᠢᠬ᠎ᠠ ᠶᠡᠬᠡᠲᠡᠶ᠂ ᠵᠢᠮᠢᠰ | ᠨᠣᠭᠤᠭ᠎ᠠ ᠲᠠᠷᠢᠬᠤ ᠵᠡᠷᠭᠡ ᠺᠣᠮᠫᠠᠨᠢ ᠪᠣᠯᠤᠨ ᠲᠠᠷᠢᠶᠠᠴᠢᠨ ᠡᠷᠦᠬᠡ ᠶᠢ ᠭᠤᠤᠯᠳᠠᠯᠭ᠎ᠠ ᠲᠠᠢ ᠠᠰᠢᠭᠯᠠᠵᠤ᠂ ᠢᠳᠡᠭᠡᠨ | ᠤᠮᠳᠠᠭᠠᠨ ᠤ ᠵᠡᠭᠡᠯᠢ ᠭᠤᠳᠤᠮᠵᠢ ᠶᠢ ᠪᠠᠶᠢᠭᠤᠯᠤᠨ᠎ᠠ᠃ | ᠲᠤᠸᠠᠨ ᠵᠢᠶᠧ ᠰᠢᠨ᠎ᠡ ᠲᠣᠰᠬᠤᠨ ᠤ ᠨᠠᠮ ᠤᠨ ᠡᠭᠦᠷ ᠲᠦᠷᠦᠭᠦᠯᠡᠨ ᠦᠬᠠᠶ ᠬᠤᠲᠠ ᠶᠢᠨ ᠲᠦᠩ ᠹᠦ᠋ | ᠲᠠᠷᠢᠶᠠᠯᠠᠩ ᠤᠨ ᠲᠤᠰᠬᠠᠶ ᠬᠤᠷᠰᠢᠶᠠᠵᠢᠯ ᠢ ᠪᠠᠶᠢᠭᠤᠯᠵᠤ᠂ ᠰᠤᠷᠪᠤᠯᠵᠢᠯᠠᠭᠴᠢ ᠶᠠᠭ ᠬᠡᠷᠡᠭᠵᠢᠭᠦᠯᠵᠦ ᠪᠠᠶᠢᠭ᠎ᠠ | ︽ᠪᠣᠬᠢᠷᠲᠤᠯ ᠦᠭᠡᠢ ᠲᠡᠭᠦᠵᠦ ᠲᠡᠭᠦᠬᠦ︾ ᠲᠥᠷᠥᠯ ᠵᠤᠶᠢᠯ ᠢ ᠣᠯᠵᠤ ᠬᠠᠷᠠᠪᠠ᠂ ᠣᠶᠢᠯᠠᠭᠠᠭᠰᠠᠨ ᠢᠶᠠᠷ᠂ ᠲᠠᠷᠢᠮᠠᠯ ᠤᠨ | ᠰᠠᠭᠤᠷᠢᠨ ᠭᠠᠵᠠᠷ ᠲᠤ ᠣᠳᠣᠬᠠᠨ ᠳᠤ ᠭᠤᠤᠯᠳᠠᠭᠤ ᠭᠦᠵᠡᠯᠵᠡᠭᠡᠨ᠎ᠡ᠂ ᠡᠯᠭᠦᠮᠡᠯ ᠬᠡᠮᠬᠡ᠂ ᠫᠷᠤᠤᠸ᠋ᠨᠰ ᠤᠨ ᠲᠥᠪᠡᠳ | ᠬᠠᠰᠢ ᠵᠡᠷᠭᠡ ᠲᠥᠷᠥᠯ ᠵᠤᠶᠢᠯ ᠢ ᠲᠠᠷᠢᠵᠤ ᠪᠠᠶᠢᠬᠤ ᠪᠥᠭᠡᠳ ᠪᠠᠰᠠ ᠶᠠᠭ ᠰᠢᠷᠠᠮᠠᠯ᠂ ᠲᠠᠷᠢᠶᠠᠴᠢᠨ ᠠᠶᠢᠯ ᠤᠨ ᠨᠣᠭᠤᠭ᠎ᠠ | ᠵᠡᠷᠭᠡ ᠣᠨᠴᠠᠯᠢᠭᠲᠤ ᠤᠶᠢᠯᠡᠴᠢᠯᠡᠭᠡ ᠪᠡᠯᠡᠳᠬᠡᠵᠦ ᠪᠠᠶᠢᠨ᠎ᠠ᠃ ᠲᠦᠩ ᠹᠦ᠋ ᠲᠠᠷᠢᠶᠠᠯᠠᠩ ᠤᠨ ᠲᠤᠰᠬᠠᠶ ᠬᠤᠷᠰᠢᠶ᠎ᠠ ᠲᠠᠢ | ᠬᠠᠮᠲᠤᠷᠠᠨ ᠠᠵᠢᠯᠯᠠᠵᠤ ᠪᠠᠶᠢᠭ᠎ᠠ ᠹᠦ᠋ ᠬᠠᠢ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ | ᠶᠡᠷᠦᠩᠬᠡᠶ ᠳᠠᠭᠠᠭᠠᠮᠠᠯ ᠮᠠ ᠱᠠᠩ ᠬᠠᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠳᠡ ᠲᠤᠷᠰᠢᠨ ᠲᠠᠷᠢᠭᠰᠠᠨ ᠰᠢᠨ᠎ᠡ | ᠲᠥᠷᠥᠯ ᠵᠤᠶᠢᠯ ᠠᠮᠵᠢᠯᠲᠠ ᠣᠯᠤᠭᠰᠠᠨ ᠤ ᠳᠠᠷᠠᠭ᠎ᠠ᠂ ᠲᠣᠰᠬᠤᠨ ᠤ ᠠᠷᠠᠳ ᠲᠤ ᠲᠠᠨᠢᠯᠴᠠᠭᠤᠯᠵᠤ ᠥᠭᠬᠦ ᠪᠥᠭᠡᠳ | ᠲᠣᠰᠬᠤᠨ ᠤ ᠠᠷᠠᠳ ᠢ ᠦᠨ᠎ᠡ ᠲᠥᠯᠥᠪᠦᠷᠢ ᠦᠭᠡᠢ ᠪᠠᠷ ᠬᠠᠪᠰᠤᠷᠤᠨ ᠲᠠᠷᠢᠵᠤ ᠤᠷᠭᠤᠭᠤᠯᠬᠤ ᠮᠡᠷᠭᠡᠵᠢᠯ ᠢ | ᠵᠢᠯᠣᠭᠤᠳᠬᠤ ᠵᠢᠴᠢ ᠪᠣᠷᠣᠯᠠᠭᠤᠯᠬᠤ ᠠᠷᠭ᠎ᠠ ᠵᠠᠮ ᠢ ᠨᠡᠪᠲᠡᠷᠡᠭᠦᠯᠵᠦ᠂ ᠣᠷᠭᠠᠨᠢᠭ᠂ ᠪᠣᠬᠢᠷᠲᠤᠯ ᠥᠬᠡᠶ ᠲᠠᠷᠢᠶᠠᠯᠠᠩ ᠢ | ᠦᠨᠡᠨ ᠬᠦ ᠪᠡᠶᠡᠯᠡᠭᠦᠯᠵᠦ᠂ ᠲᠣᠰᠬᠤᠨ ᠤ ᠠᠷᠠᠳ ᠤᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠶᠢ | ᠳᠠᠶᠢᠴᠢᠯᠠᠬᠤ ᠪᠣᠯᠤᠨ᠎ᠠ ᠭᠡᠵᠡᠶ᠃ | ᠡᠭᠦᠨ ᠠᠴᠠ ᠭᠠᠳᠠᠨ᠎ᠠ᠂ ᠬᠠᠶᠢᠷᠤᠪ ᠤᠨ ᠲᠣᠬᠤᠢ ᠲᠣᠭᠤᠷᠢᠭ ᠪᠠᠰᠠ ᠤᠯᠤᠰ ᠤᠨ ᠪᠡᠯᠡ ᠮᠥᠩᠭᠦ ᠶᠢ ᠲᠡᠮᠡᠴᠡᠨ | ᠣᠯᠵᠤ ᠮᠦᠩᠭᠡᠨ ᠬᠤᠸᠠᠷ ᠤᠨ ᠲᠠᠷᠢᠶᠠᠯᠠᠩ ᠤᠨ ᠪᠦᠲᠦᠭᠡᠯᠴᠢ ᠲᠥᠰᠦᠪᠯᠡᠯ ᠤᠨ ᠣᠷᠳᠣᠨ᠂ ᠶᠦᠨ ᠹᠧᠶ | ᠦᠵᠦᠮ ᠤᠨᠠᠷᠢᠬᠢᠨ ᠤ ᠲᠣᠰᠬᠤᠨ ᠵᠡᠷᠭᠡ 5 ᠲᠥᠷᠥᠯ ᠵᠤᠶᠢᠯ ᠢ ᠬᠡᠷᠡᠭᠵᠢᠭᠦᠯᠪᠡ᠃ ᠬᠢᠲᠠᠳ ᠡᠪᠡᠰᠦᠨ ᠡᠮ ᠤᠨ ᠠᠵᠤ | ᠦᠢᠯᠡᠰ ᠢ ᠢᠳᠡᠪᠬᠢᠲᠡᠢ ᠰᠦᠪᠡᠭᠴᠢᠯᠡᠨ ᠬᠥᠭᠵᠢᠭᠦᠯᠵᠦ᠂ ᠬᠤᠨᠴᠢᠷ᠂ ᠠᠯᠲᠠ ᠮᠥᠩᠭᠦᠨ ᠴᠡᠴᠡᠭ᠂ ᠬᠠᠷ᠎ᠠ ᠴᠢᠨ᠋ᠸ᠎ᠠ ᠶᠢᠨ | ᠬᠠᠷᠮᠠᠭ ᠵᠡᠷᠭᠡ ᠡᠮ ᠤᠨ ᠮᠠᠲ᠋ᠧᠷᠢᠶᠠᠯ ᠢ 1240 ᠮᠦ ᠲᠠᠷᠢᠪᠠ᠃ ᠦᠵᠦᠮ ᠤᠨ ᠲᠠᠷᠢᠶᠠᠨ ᠭᠠᠵᠠᠷ ᠤᠨ | ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠡᠬᠢᠯᠡᠭᠦᠯᠵᠦ᠂ ᠤᠯᠤᠰ ᠤᠨ | ᠠᠵᠤ ᠦᠢᠯᠡᠰ ᠤᠨ ᠬᠦᠴᠦᠷᠬᠡᠭ ᠪᠠᠯᠭᠠᠰᠤ᠂ ᠪᠣᠬᠢᠷᠲᠤᠯ ᠥᠬᠡᠶ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠵᠢᠯᠯᠠᠭ᠎ᠠ | ᠵᠡᠷᠭᠡ ᠲᠤᠰᠬᠠᠶ ᠲᠥᠷᠥᠯ ᠤᠨ ᠨᠥᠬᠦᠪᠥᠷᠢ ᠶᠢᠨ ᠪᠠᠯᠠ ᠮᠥᠩᠭᠦ ᠶᠢ ᠠᠰᠢᠭᠯᠠ ᠨᠢᠰᠬᠡᠯ ᠤᠨ ᠲᠠᠯᠠᠪᠠᠢ ᠵᠠᠮ ᠤᠨ ᠬᠤᠶᠠᠷ | ᠬᠠᠵᠠᠭᠤ ᠶᠢᠨ ᠦᠵᠦᠮ ᠲᠠᠷᠢᠬᠤ ᠰᠠᠭᠤᠷᠢᠨ ᠭᠠᠵᠠᠷ ᠲᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠵᠦ᠂ ᠵᠣᠬᠢᠴᠠᠩᠭᠤᠶ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ | ᠦᠵᠦᠮ ᠤᠨᠠᠵᠤ ᠤᠶᠢᠯᠡᠰ ᠪᠣᠯᠤᠨ ᠰᠡᠯᠡᠭᠦᠴᠡᠯ ᠵᠤᠭᠠᠴᠠᠯ ᠤᠨ ᠵᠤᠭᠠᠴᠠᠯ ᠤᠨ ᠠᠭᠤᠰᠤᠯᠳᠤᠨ ᠬᠥᠭᠵᠢᠬᠦ ᠶᠢ | ᠳᠠᠶᠢᠴᠢᠯᠠᠨ᠎ᠠ᠃ ᠢᠦᠶ ᠮᠢᠨ ᠲᠠᠷᠢᠵᠤ ᠲᠡᠵᠢᠭᠡᠬᠦ ᠲᠠᠷᠢᠶᠠᠴᠢᠨ ᠤ ᠲᠤᠰᠬᠠᠶ ᠠᠵᠢᠯ ᠶᠢᠨ ᠬᠤᠷᠰᠢᠶ᠎ᠠ ᠪᠣᠯᠤᠨ | ᠶᠤᠸᠠᠨ ᠲᠠᠢ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠶᠢᠨ ᠬᠠᠮᠲᠤᠷᠠᠨ ᠬᠡᠷᠡᠭᠵᠢᠭᠦᠯᠦᠭᠰᠡᠨ 《ᠬᠥᠳᠡᠭᠡ | ᠲᠣᠰᠬᠤᠨ ᠤ ᠣᠢ ᠰᠢᠭᠤᠶ ᠰᠠᠭᠤᠭᠠᠯᠢ ᠠᠷᠠᠳ︾ ᠤᠨ ᠣᠢ ᠶᠢᠨ ᠬᠤᠷᠮᠣᠶ ᠶᠢᠨ ᠠᠵᠤ ᠠᠬᠤᠢ ᠶᠢᠨ ᠣᠨᠴᠠᠯᠢᠭᠲᠤ | ᠲᠡᠵᠢᠭᠡᠨ ᠦᠷᠡᠵᠢᠭᠦᠯᠬᠦ ᠲᠥᠷᠥᠯ ᠵᠤᠶᠢᠯ᠃ ︽ᠨᠠᠮ ᠤᠨ ᠡᠭᠦᠷ + ᠬᠤᠷᠰᠢᠶ᠎ᠠ + ᠨᠠᠮ ᠤᠨ ᠭᠡᠰᠢᠭᠦᠨ + ᠲᠠᠷᠢᠶᠠᠴᠢᠨ | ᠡᠷᠦᠬᠡ︾ ᠶᠢᠨ ᠵᠠᠭᠪᠤᠷ ᠢᠶᠠᠷ ᠳᠠᠮᠵᠢᠨ᠂ ᠣᠢ ᠶᠢᠨ ᠬᠤᠷᠮᠣᠶ ᠶᠢᠨ ᠣᠨᠴᠠᠯᠢᠭᠲᠤ ᠠᠵᠤ ᠠᠬᠤᠢ ᠶᠢᠨ ᠠᠵᠤ ᠤᠶᠢᠯᠡᠰ ᠢ | ᠬᠥᠭᠵᠢᠭᠦᠯᠵᠦ᠂ ᠣᠢ ᠶᠢᠨ ᠬᠤᠷᠮᠣᠶ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠠᠶᠢᠭᠤᠯᠵᠤ᠂ ᠰᠡᠯᠡᠭᠦᠴᠡᠨ ᠵᠤᠭᠠᠴᠠᠬᠤ᠂ ᠵᠢᠮᠢᠰ ᠨᠣᠭᠤᠭ᠎ᠠ ᠡᠳ᠋ᠰᠢᠭᠦᠯᠬᠦ᠂ ᠢᠳᠡᠭᠡᠨ ᠤ ᠳᠡᠯᠭᠡᠨ ᠦᠵᠡᠭᠦᠯᠬᠦ ᠲᠢᠩᠬᠢᠮ᠂ | ᠬᠦᠯᠡᠮᠵᠢ ᠶᠢᠨ ᠲᠡᠭᠦᠬᠦ ᠵᠡᠷᠭᠡ ᠣᠯᠠᠨ ᠵᠤᠶᠢᠯ ᠤᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ | ᠵᠢᠭᠤᠯᠴᠢᠯᠠᠯ ᠤᠨ ᠲᠥᠷᠥᠯ ᠵᠤᠶᠢᠯ ᠢ ᠠᠯᠬᠤᠮ ᠠᠯᠬᠤᠮ ᠢᠶᠠᠷ ᠪᠠᠶᠢᠭᠤᠯᠤᠨ᠎ᠠ᠃ | ᠣᠳᠣᠬᠠᠨ ᠳᠤ᠂ ᠬᠥᠳᠡᠭᠡ ᠲᠣᠰᠬᠤᠨ ᠥᠷᠭᠡᠨ ᠳᠠᠷᠳᠠᠩ ᠵᠠᠮ ᠪᠠ ᠭᠡᠭᠡᠨ ᠰᠠᠷᠠᠭᠤᠯ ᠵᠠᠮ ᠤᠨ ᠳ᠋ᠧᠩ ᠲᠠᠢ | ᠪᠣᠯᠵᠤ᠂ ᠪᠣᠬᠢᠷᠲᠤᠯ ᠭᠠᠳᠠᠭᠰᠢᠯᠠᠭᠤᠯᠬᠤ ᠰᠢᠰᠲ᠋ᠧᠮ ᠪᠠ ᠵᠤᠭᠠᠴᠠᠯ ᠤᠨ ᠵᠣᠷᠯᠣᠩ ᠲᠠᠢ ᠪᠣᠯᠵᠤ᠂ ᠣᠷᠴᠢᠨ ᠲᠣᠭᠤᠷᠢᠨ | ᠰᠠᠶᠢᠵᠢᠷᠠᠵᠤ᠂ ᠲᠣᠰᠬᠤᠨ ᠤ ᠠᠷᠠᠳ ᠴᠤ ᠪᠠᠶᠠᠵᠢᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠨᠠᠩ | ᠲᠡᠭᠦᠯᠳᠡᠷᠵᠢᠵᠦ᠂ ᠬᠥᠳᠡᠭᠡ ᠲᠣᠰᠬᠤᠨ ᠤ ᠬᠡᠪ ᠰᠤᠷᠲᠠᠯ ᠪᠣᠯᠪᠠᠰᠤᠨ ᠤ ᠬᠡᠮᠵᠢᠶ᠎ᠡ ᠢᠯᠡᠳᠲᠡ ᠳᠡᠭᠡᠭᠰᠢᠯᠡᠵᠦ᠂ | ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠶᠠᠭ ᠬᠥᠮᠦᠰ ᠲᠤ ᠭᠠᠷ | ᠳᠠᠯᠠᠯᠵᠤ ᠪᠠᠶᠢᠨ᠎ᠠ᠃ |