ᠬᠠᠶᠢᠷᠤᠪ ᠤᠨ ᠲᠤᠬᠤᠢ ᠲᠤᠭᠤᠷᠢᠭ ᠤᠨ ᠨᠣᠮ ᠤᠨ ᠰᠠᠩ ᠪᠣᠯᠤᠨ ᠬᠠᠶᠢᠷᠤᠪ ᠤᠨ ᠲᠤᠬᠤᠢ ᠲᠤᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ︽ᠰᠦᠷᠯᠢᠭ ᠰᠠᠶᠢᠬᠠᠨ 70 ᠵᠢᠯ  ᠬᠡᠤᠬᠡᠳ ᠤᠨ ᠳᠠᠭᠤᠨ ᠢᠶᠠᠷ ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠤᠷᠠᠨ ᠤᠩᠰᠢᠯᠭ᠎ᠠ ᠶᠢᠨ ᠤᠷᠤᠯᠳᠤᠭᠠᠨ ᠥᠷᠨᠢᠭᠦᠯᠪᠡ
ᠨᠡᠶᠢᠲᠡᠯᠡᠭᠰᠡᠨ ᠴᠠᠭ᠄
2019-09-29
     ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠮᠦᠵᠢᠭᠦᠯᠵᠦ᠂ ᠣᠯᠠᠨ ᠨᠡᠶᠢᠲᠡ ᠶᠢᠨ ᠨᠣᠮ ᠤᠨ ᠰᠠᠩ ᠤᠨ ︽ᠳᠣᠯᠤᠭ᠎ᠠ ᠶᠢ ᠣᠷᠣᠭᠤᠯᠬᠤ︾ ᠠᠵᠢᠯᠯᠠᠭ᠎ᠠ ᠶᠢ ᠡᠭᠦᠳᠦᠨ ᠪᠠᠶᠢᠭᠤᠯᠬᠤ ᠶᠢ ᠬᠦᠴᠦᠲᠡᠶ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 25᠎ ᠤ ᠦᠳᠡ ᠶᠢᠨ ᠬᠤᠶᠢᠨ᠎ᠠ᠂ ᠬᠠᠶᠢᠷᠤᠪ ᠤᠨ ᠲᠣᠬᠤᠢ ᠲᠣᠭᠤᠷᠢᠭ ᠤᠨ ᠨᠣᠮ ᠤᠨ ᠰᠠᠩ ᠪᠣᠯᠤᠨ ᠬᠠᠶᠢᠷᠤᠪ ᠤᠨ ᠲᠣᠬᠤᠢ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ︽ᠰᠦᠷᠯᠢᠭ ᠰᠠᠶᠢᠬᠠᠨ 70 ᠵᠢᠯ   ᠬᠡᠤᠬᠡᠳ ᠤᠨ ᠳᠠᠭᠤᠨ ᠢᠶᠠᠷ ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠤᠷᠠᠨ ᠤᠩᠰᠢᠯᠭ᠎ᠠ ᠶᠢᠨ ᠤᠷᠤᠯᠳᠤᠭᠠᠨ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠯᠢᠦ ᠱᠤ᠋ ᠴᠢᠤᠸᠠᠨ ᠪᠢᠴᠢᠬᠠᠨ ᠤᠷᠤᠯᠴᠤᠭᠴᠢᠨ ︽ᠪᠠᠭᠠᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ︾ ᠭᠡᠵᠦ ᠤᠶᠠᠩᠭᠠᠯᠠᠨ᠂ ︽ᠪᠠᠭᠠᠴᠤᠳ ᠰᠡᠴᠡᠨ ᠪᠣᠯᠪᠠᠰᠤ ᠤᠯᠤᠰ ᠰᠡᠴᠡᠨ ᠪᠣᠯᠵᠤ᠂ ᠪᠠᠭᠠᠴᠤᠳ ᠪᠠᠶᠠᠵᠢᠪᠠᠯ ᠤᠯᠤᠰ ᠪᠠᠶᠠᠵᠢᠨ ᠴᠢᠨᠡᠭᠡᠯᠢᠭᠵᠢᠨ᠎ᠡ ᠁︾ ᠭᠡᠵᠤ  ᠂ ᠤᠷᠠᠨ ᠤᠩᠰᠢᠯᠭ᠎ᠠ ᠶᠢᠨ ᠳᠠᠭᠤᠨ ᠬᠤᠷᠠᠯ ᠤᠨ ᠲᠠᠯᠠᠪᠠᠢ ᠳᠤ ᠴᠤᠤᠷᠢᠶᠠᠲᠤᠵᠤ᠂ ᠬᠥᠳᠡᠯᠭᠡᠭᠡᠨ ᠤ ᠠᠭᠤᠷ ᠠᠮᠢᠰᠬᠤᠯ ᠢ ᠣᠷᠭᠢᠯ ᠳᠠᠭᠠᠨ ᠬᠦᠷᠭᠡᠵᠡᠶ᠃
     ᠠᠵᠢᠯᠯᠠᠭ᠎ᠠ ᠨᠢ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠮᠠᠭᠲᠠᠨ ᠰᠠᠶᠢᠰᠢᠶᠠᠵᠤ᠂ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠢᠷᠤᠭᠯᠠᠵᠤ᠂ ᠡᠬᠡ ᠤᠯᠤᠰ ᠢᠶᠠᠨ ᠬᠠᠶᠢᠷᠠᠯᠠᠬᠤ ᠬᠠᠯᠠᠭᠤᠨ ᠬᠠᠶᠢᠷ᠎ᠠ ᠶᠢ ᠮᠠᠭᠲᠠᠨ ᠳᠠᠭᠤᠯᠠᠵᠤ᠂ ᠲᠡᠳᠡᠨ ᠳᠤ ᠨᠠᠮ ᠤᠨ ᠬᠠᠯᠠᠭᠤᠨ ᠳᠤᠯᠠᠭᠠᠨ ᠪᠠ ᠡᠬᠡ ᠤᠯᠤᠰ ᠤᠨ ᠬᠠᠶᠢᠷ᠎ᠠ ᠬᠠᠯᠠᠮᠵᠢ ᠶᠢ ᠤᠯᠠᠮ ᠨᠢᠭᠡ ᠠᠯᠬᠤᠮ ᠮᠡᠳᠡᠷᠡᠭᠦᠯᠵᠦ᠂ ᠲᠡᠳᠡᠨ ᠢ ᠬᠠᠷᠠᠬᠠᠨ ᠪᠠᠭ᠎ᠠ ᠠᠴᠠ ᠪᠠᠨ ᠤᠯᠤᠰ ᠢᠶᠠᠨ ᠬᠠᠶᠢᠷᠠᠯᠠᠬᠤ ᠰᠡᠳᠬᠢᠯ ᠡᠪᠦᠷᠯᠡᠨ᠂ ᠡᠬᠡ ᠤᠯᠤᠰ ᠤᠨ ᠢᠶᠠᠨ ᠲᠥᠯᠥᠭᠡ ᠵᠢᠳᠬᠦᠬᠦ ᠵᠣᠷᠢᠭ ᠢ ᠬᠥᠪᠴᠢᠯᠡᠪᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号