ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-09-29
     9 ᠰᠠᠷ᠎ᠠ ᠶᠢᠨ 27᠎ ᠤ ᠡᠳᠦᠷ᠂ ᠬᠠᠶᠢᠷᠤᠪ ᠤᠨ ᠲᠣᠬᠤᠢ ᠲᠤᠭᠤᠷᠢᠭ ᠤᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠰᠤᠷᠭᠠᠨ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠪᠠ᠃      ᠬᠤᠷᠠᠯ ᠠᠴᠠ ᠬᠠᠶᠢᠷᠤᠪ ᠤᠨ ᠲᠣᠬᠤᠢ ᠲᠣᠭᠤᠷᠢᠭ ᠤᠨ ᠲᠦᠷᠦᠭᠦᠤ ᠨᠢᠭᠡ ᠱᠠᠲᠤᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠵᠤ᠂ ᠤᠳᠤᠷᠢᠳᠬᠤ ᠲᠤᠭᠤᠶᠢᠯᠠᠩ ᠤᠨ ︽ᠠᠵᠢᠯ ᠶᠢᠨ ᠳᠦᠷᠢᠮ︾ ᠪᠣᠯᠤᠨ ᠭᠤᠤᠯ ᠰᠡᠳᠦᠪᠲᠦ ᠬᠥᠮᠦᠵᠢᠯ ᠤᠨ ︽1 + 15︾᠎ ᠤ ᠲᠤᠰᠬᠠᠶ ᠲᠥᠷᠥᠯ ᠤᠨ ᠴᠡᠭᠴᠡᠯᠡᠨ ᠵᠠᠰᠠᠬᠤ ᠲᠥᠰᠦᠯ ᠢ ᠬᠢᠨᠠᠨ ᠵᠥᠪᠯᠡᠬᠦ ᠶᠢᠨ ᠬᠠᠮᠲᠤ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠪᠠᠶᠢᠴᠠᠭᠠᠨ ᠰᠤᠳᠤᠯᠬᠤ ᠰᠡᠳᠦᠪ ᠢ ᠮᠡᠳᠡᠭᠳᠡᠪᠡ᠃
     ᠬᠤᠷᠠᠯ ᠠᠴᠠ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ᠂ ᠭᠤᠤᠯ ᠰᠡᠳᠦᠪᠲᠦ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠴᠢᠬᠤᠯᠠ ᠶᠡᠭᠡ ᠤᠯᠤᠰ ᠲᠥᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠡᠨᠡ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠲᠠᠨᠢᠵᠤ᠂ ᠨᠢᠭᠡᠳᠦᠯᠲᠡᠶ ᠳᠤ ᠲᠥᠯᠥᠪᠵᠢᠭᠦᠯᠦᠨ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠠᠷᠠᠯᠲᠠ ᠡᠭᠦᠷᠭᠡ ᠶᠢ ᠣᠨᠣᠪᠴᠢᠲᠠᠶ ᠡᠵᠡᠮᠳᠡᠵᠦ᠂ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠭᠦᠨᠵᠡᠭᠡᠶ ᠨᠠᠶᠢᠳᠠᠪᠤᠷᠢᠵᠢᠭᠤᠯᠬᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠦᠲᠦᠮᠵᠢᠲᠡᠶ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠶ ᠦᠷ᠎ᠡ ᠪᠦᠲᠦᠮᠵᠢ ᠶᠢ ᠪᠠᠲᠤᠯᠠᠵᠤ᠃ ᠤᠳᠤᠷᠢᠳᠬᠤ ᠳᠤᠭᠤᠶᠢᠯᠠᠩ ᠤᠨ ᠡᠯ᠎ᠡ ᠭᠡᠰᠢᠭᠦᠳ ᠳᠡᠭᠡᠲᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠨ᠂ ᠤᠳᠤᠷᠢᠳᠬᠤ ᠬᠠᠷᠢᠭᠤᠴᠠᠯᠭ᠎ᠠ ᠪᠠᠨ ᠲᠦᠷᠦᠭᠦᠯᠡᠨ ᠡᠭᠦᠷᠭᠡᠯᠡᠵᠦ᠂ ᠲᠣᠰ ᠤᠳᠠᠭᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃
     ᠤᠳᠤᠷᠢᠳᠬᠤ ᠲᠤᠭᠤᠶᠢᠯᠠᠩ ᠤᠨ ᠠᠯᠪᠠᠨ ᠭᠡᠷ ᠨᠢ ᠵᠥᠪᠯᠡᠭᠴᠢ ᠬᠠᠪᠰᠤᠷᠤᠭᠴᠢ ᠶᠢᠨ ᠤᠶᠢᠯᠡᠳᠤᠯ ᠢᠶᠠᠨ ᠭᠦᠢᠴᠠᠤᠡ ᠪᠠᠳᠠᠷᠠᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠪᠣᠳᠠᠲᠠᠶ ᠲᠠᠢ ᠤᠶᠠᠯᠳᠤᠭᠤᠯᠤᠨ᠂ ᠪᠣᠳᠠᠲᠠᠶ ᠶᠢ ᠡᠷᠬᠢᠮᠯᠡᠭᠰᠡᠨ ᠪᠦᠲᠦᠮᠵᠢᠲᠡᠶ ᠠᠵᠢᠯ ᠶᠢᠨ ᠠᠷᠭ᠎ᠠ ᠬᠡᠮᠵᠢᠶ᠎ᠡ ᠪᠣᠯᠤᠨ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠶᠢ ᠳᠤᠷᠠᠳᠬᠤ ᠬᠡᠷᠡᠭᠲᠡᠶ᠃ ᠡᠯ᠎ᠡ ᠵᠢᠯᠣᠭᠤᠳᠬᠤ ᠳᠤᠭᠤᠶᠢᠯᠠᠩ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠠᠤᠡᠭᠡᠵᠤ᠂ ᠠᠯᠬᠤᠮ ᠳᠠᠷᠠᠭ᠎ᠠ ᠨᠢᠭᠡᠪᠦᠷᠢ᠂ᠡᠭᠦᠷᠭᠡ ᠨᠢᠭᠡᠪᠦᠷᠢ ᠶᠢ ᠨᠠᠷᠢᠯᠢᠭᠵᠢᠭᠤᠯᠤᠨ ᠵᠠᠳᠠᠯᠵᠤ᠂ ᠲᠣᠳᠣᠷᠬᠠᠶ ᠱᠠᠭᠠᠷᠳᠠᠯᠭ᠎ᠠ ᠲᠠᠯᠪᠢᠵᠤ᠂ ᠮᠥᠷᠳᠡᠨ ᠨᠠᠶᠢᠳᠠᠪᠤᠷᠢᠵᠢᠭᠤᠯᠬᠤ ᠬᠡᠷᠡᠭᠲᠡᠶ᠃      ᠠᠵᠢᠯ ᠤᠨ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠬᠢᠭᠡᠳ ᠡᠯ᠎ᠡ ᠵᠤᠶᠢᠯ ᠤᠨ ᠠᠵᠢᠯ ᠢ ᠬᠤᠶᠠᠷ ᠲᠠᠯ᠎ᠠ ᠪᠠᠷ ᠠᠬᠢᠭᠤᠯᠬᠤ ᠶᠢ ᠪᠡᠶᠡᠯᠡᠭᠦᠯᠬᠦ ᠬᠡᠷᠡᠭᠲᠡᠶ᠃ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠬᠦ ᠳᠤ ᠡᠷᠬᠡᠪᠰᠢ ᠭᠤᠤᠯᠳᠠᠯᠭ᠎ᠠ ᠶᠢᠨ ᠲᠣᠭᠤᠷᠢᠨ ᠳᠤ᠂ ︽ᠬᠤᠶᠠᠷ ᠲᠠᠯ᠎ᠠ ᠪᠠᠷ ᠠᠬᠢᠭᠤᠯᠬᠤ︾᠎ ᠶᠢ ᠪᠠᠷᠢᠮᠲᠠᠯᠠᠬᠤ ᠬᠡᠷᠡᠭᠲᠡᠶ᠃ ᠪᠦᠬᠦ ᠲᠤᠭᠤᠷᠢᠭ ᠳᠡᠭᠡᠳᠦ ᠳᠣᠣᠷᠠᠳᠤ ᠱᠠᠲᠤ ᠪᠠᠷ ᠢᠶᠠᠨ ᠲᠥᠪᠯᠡᠷᠡᠭᠦᠯᠦᠨ ᠰᠤᠷᠤᠯᠴᠠᠬᠤ ᠶᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠦᠳᠲᠡᠷ ᠲᠦᠷᠭᠡᠨ ᠰᠤᠷᠤᠯᠴᠠᠵᠤ᠂ ᠰᠤᠳᠤᠯᠵᠤ᠂ ᠪᠠᠶᠢᠴᠠᠭᠠᠵᠤ᠂ ᠰᠤᠷᠤᠯᠴᠠᠯᠭ᠎ᠠ ᠶᠢᠨ ᠳᠤᠮᠳᠠ ᠪᠠᠶᠢᠴᠠᠭᠠᠨ ᠰᠤᠳᠤᠯᠬᠤ ᠭᠤᠤᠯ ᠰᠡᠳᠦᠪ ᠢᠶᠠᠨ ᠲᠣᠳᠣᠷᠬᠠᠶᠢᠯᠠᠵᠤ᠂ ᠪᠠᠶᠢᠴᠠᠭᠠᠨ ᠰᠤᠳᠤᠯᠤᠯᠲᠠ ᠪᠠᠨ ᠭᠦᠨᠵᠡᠭᠡᠶᠢᠷᠡᠭᠦᠯᠬᠦ ᠳᠤᠮᠳᠠ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠵᠦ᠂ ᠠᠰᠠᠭᠤᠳᠠᠯ ᠢ ᠰᠢᠢᠣᠡᠪᠤᠷᠢᠯᠡᠬᠦ ᠳᠤᠮᠳᠠ ᠠᠵᠢᠯ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号