ᠴᠢᠶᠠᠨ ᠭᠠᠩ ᠨᠡᠶᠢᠭᠡᠮ ᠲᠣᠭᠤᠷᠢᠭ ᠬᠠᠤᠯᠢ ᠴᠠᠭᠠᠵᠠ ᠶᠢ ᠨᠡᠶᠢᠭᠡᠮ ᠲᠣᠭᠤᠷᠢᠭ ᠲᠤ ᠣᠷᠣᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-01-10
       ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠳᠬᠠᠵᠤ᠂ ᠬᠠᠤᠯᠢ ᠰᠤᠷᠬᠤ᠂ ᠬᠠᠤᠯᠢ ᠮᠡᠳᠡᠬᠦ᠂ ᠬᠠᠤᠯᠢ ᠬᠡᠷᠡᠭᠯᠡᠬᠦ ᠬᠠᠤᠯᠢ ᠴᠠᠭᠠᠵᠠ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠃ 1 ᠰᠠᠷ᠎ᠠ ᠶᠢᠨ 8᠎ ᠤ ᠡᠳᠦᠷ᠂ ᠴᠢᠶᠠᠨ ᠭᠠᠩ ᠨᠡᠶᠢᠭᠡᠮ ᠲᠣᠭᠤᠷᠢᠭ ᠨᠢ ᠨᠡᠶᠢᠭᠡᠮ ᠲᠣᠭᠤᠷᠢᠭ ᠤᠨ ᠬᠠᠤᠯᠢ ᠴᠠᠭᠠᠵᠠ ᠶᠢᠨ ᠳᠡᠳ᠋ ᠡᠷᠬᠢᠯᠡᠭᠴᠢ ᠭᠦᠸᠧ ᠷᠦᠨ ᠰᠦᠸᠧ ᠬᠠᠤᠯᠢᠴᠢ ᠶᠢ ᠣᠨᠴᠠ ᠤᠷᠢᠨ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠲᠠᠶᠢᠯᠤᠮᠵᠢ  ᠬᠢᠪᠡ᠃        ᠲᠠᠶᠢᠯᠤᠮᠵᠢ ᠶᠢᠨ ᠳᠤᠮᠳᠠ ᠭᠦᠸᠧ ᠬᠠᠤᠯᠢᠴᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠳᠦᠷ ᠲᠤᠲᠤᠮ ᠤᠨ ᠬᠠᠤᠯᠢ ᠴᠠᠭᠠᠵᠠ ᠶᠢᠨ ᠠᠰᠠᠭᠤᠳᠠᠯ ᠤᠨ ᠲᠣᠭᠤᠷᠢᠨ ᠳᠤ᠂ ︽ᠨᠠᠰᠤᠲᠠᠶᠢᠴᠤᠳ ᠤᠨ ᠡᠷᠬᠡ ᠠᠰᠢᠭ︾᠂ ︽ᠤᠷᠤᠭ ᠤᠨ ᠬᠠᠤᠯᠢ︾ ᠵᠡᠷᠭᠡ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠶᠢᠯᠤᠮᠵᠢ ᠶᠢ ᠥᠷᠨᠢᠭᠦᠯᠵᠦ᠂ ᠳᠡᠷᠭᠡᠳᠡᠬᠢ ᠠᠮᠢᠳᠤᠯᠢᠭ ᠬᠡᠷᠡᠭ ᠤᠨ ᠵᠢᠱᠢᠶ᠎ᠡ ᠪᠠᠷ ᠬᠠᠮᠢᠶ᠎ᠠ ᠪᠦᠬᠦᠢ ᠬᠠᠤᠯᠢ ᠴᠠᠭᠠᠵᠠ ᠶᠢᠨ ᠠᠰᠠᠭᠤᠳᠠᠯ ᠳᠤ ᠲᠠᠶᠢᠯᠤᠮᠵᠢ ᠬᠢᠵᠦ᠂ ᠰᠠᠭᠤᠭᠠᠯᠢ ᠠᠷᠠᠳ ᠢ ᠬᠠᠪᠰᠤᠷᠤᠨ ᠦᠨᠳᠦᠰᠦᠨ ᠬᠠᠤᠯᠢ ᠴᠠᠭᠠᠵᠠ ᠶᠢᠨ ᠮᠡᠳᠡᠯᠭᠡ ᠶᠢ ᠵᠥᠪ ᠢᠶᠠᠷ ᠣᠶᠢᠯᠠᠭᠠᠭᠤᠯᠵᠤ ᠡᠵᠡᠮᠰᠢᠭᠦᠯᠪᠡ᠃ ᠡᠭᠦᠨ ᠤ ᠳᠠᠷᠠᠭ᠎ᠠ᠂ ᠭᠦᠸᠧ ᠬᠠᠤᠯᠢᠴᠢ ᠪᠠᠰᠠ ᠲᠤᠬᠠᠶ ᠶᠢᠨ ᠲᠠᠯᠠᠪᠤᠷ ᠤᠨ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠵᠥᠪᠯᠡᠯᠭᠡ ᠥᠭᠬᠦ ᠵᠢᠴᠢ ᠠᠰᠠᠭᠤᠯᠲᠠ ᠬᠠᠷᠢᠭᠤᠯᠲᠠ ᠥᠭᠴᠡᠶ᠃        ᠡᠨᠡ ᠤᠳᠠᠭᠠᠨ ᠤ ᠬᠠᠤᠯᠢ ᠴᠠᠭᠠᠵᠠ ᠶᠢ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠬᠠᠤᠯᠢ ᠳᠦᠷᠢᠮ ᠤᠨ ᠠᠭᠤᠷ ᠠᠮᠢᠰᠬᠤᠯ ᠢ ᠪᠤᠢ ᠪᠣᠯᠭᠠᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ᠂ ᠶᠠᠮᠠᠷᠪᠠ ᠦᠶ᠎ᠡ ᠳᠤ ᠴᠥᠮ ᠬᠠᠤᠯᠢ ᠶᠣᠰᠣᠭᠠᠷ ᠬᠡᠷᠡᠭ ᠡᠷᠬᠢᠯᠡᠭᠦᠯᠵᠦ᠂ ᠣᠶᠤᠨᠴᠢ᠂ ᠬᠠᠤᠯᠢ ᠶᠣᠰᠣᠨ ᠤ ᠬᠡᠯᠪᠡᠷᠢ ᠪᠠᠷ ᠠᠰᠢᠭ ᠲᠤᠰᠠ ᠶᠢᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠵᠦ᠂ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠦᠵᠡᠯᠲᠡ ᠴᠢᠩᠭᠠᠳᠬᠠᠨ᠂ ᠡᠶ᠎ᠡ ᠵᠣᠬᠢᠴᠠᠯ ᠲᠠᠢ ᠪᠣᠯᠪᠠᠰᠤᠨ ᠨᠡᠶᠢᠭᠡᠮ ᠲᠣᠭᠤᠷᠢᠭ ᠢ ᠪᠤᠢ ᠪᠣᠯᠭᠠᠬᠤ ᠳᠤ ᠲᠦᠯᠬᠢᠨ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号