ᠬᠠᠶᠢᠷᠤᠪ ᠤᠨ ᠲᠣᠬᠤᠢ ᠲᠣᠭᠤᠷᠢᠭ ᠬᠤᠶᠠᠷ ᠵᠦᠢᠯ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2020-01-10
       1 ᠰᠠᠷ᠎ᠠ ᠶᠢᠨ 8᠎ ᠤ ᠡᠳᠦᠷ ᠤᠨ ᠦᠳᠡ ᠶᠢᠨ ᠬᠤᠶᠢᠨ᠎ᠠ᠂ ᠪᠥᠬᠦ ᠤᠷᠤᠨ ᠤ ᠤᠬᠠᠭᠤᠯᠬᠤ ᠬᠡᠯᠲᠡᠰ ᠤᠨ ᠬᠤᠷᠠᠯ ᠬᠦᠬᠡᠬᠤᠲᠠ ᠳᠤ ᠬᠤᠷᠠᠯᠳᠤᠪᠠ᠃ ᠬᠠᠶᠢᠷᠤᠪ ᠤᠨ ᠲᠣᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ︽2019 ᠤᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ︾᠎ ᠶᠢ ᠢᠷᠠᠭᠤ ᠠᠯᠳᠠᠷᠲᠠᠶ ᠪᠠᠷ ᠬᠦᠷᠲᠡᠪᠡ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠬᠠᠭᠤᠯᠭ᠎ᠠ ᠬᠥᠮᠦᠵᠢᠯ ᠤᠨ ᠵᠢᠭᠰᠠᠭᠠᠯ ᠤᠨ ᠭᠠᠵᠠᠷ ᠨᠢ ︽2019 ᠤᠨ ᠤ ᠪᠦᠬᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠶᠢ ᠡᠭᠦᠳᠦᠭᠰᠡᠨ ᠱᠠᠩᠨᠠᠯ︾᠎ ᠢ ᠢᠷᠠᠭᠤ ᠠᠯᠳᠠᠷᠲᠠᠶ ᠪᠠᠷ ᠬᠦᠷᠲᠡᠪᠡ᠃        2018 ᠤᠨ ᠤ 12 ᠰᠠᠷ᠎ᠠ ᠶᠢᠨ 10᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠢ ᠪᠠᠶᠢᠭᠤᠯᠵᠦ᠂ 2019 ᠣᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠠᠵᠠ ᠲᠣᠬᠢᠶᠠᠯ ᠳᠤ ᠬᠠᠨᠳᠤᠵᠤ᠂ ᠥᠷᠢᠰᠥᠯᠳᠦᠭᠡᠨ ᠢ ᠤᠭᠲᠤᠵᠤ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠲᠣᠭᠤᠷᠢᠭ ᠤᠨ ᠡᠯ᠎ᠡ ᠱᠠᠲᠤᠨ ᠤ ᠤᠳᠤᠷᠢᠳᠤᠯᠭ᠎ᠠ ᠶᠢᠨ ᠬᠠᠯᠠᠮᠵᠢᠯᠠᠯ ᠪᠠ ᠳᠡᠮᠵᠢᠯᠭᠡ ᠳᠣᠤᠷ᠎ᠠ᠂ ᠪᠦᠬᠦ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠳᠣᠤᠷ᠎ᠠ᠂ ᠬᠠᠷᠰᠢ ᠰᠠᠭᠠᠳ ᠢ ᠢᠯᠠᠨ ᠳᠠᠪᠠᠵᠤ ᠂ ᠥᠪᠡᠷ ᠢ ᠪᠠᠨ ᠰᠢᠪᠲᠤᠯᠪᠠ︕ ︽ᠠᠮᠢᠵᠢᠷᠠᠯ ᠤᠨ ᠬᠦᠴᠦᠨ ᠲᠠᠢ ᠬᠠᠶᠢᠷᠤᠪ ᠤᠨ ᠲᠣᠬᠤᠢ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ︽ᠰᠢᠨ᠎ᠡ ᠶᠢ ᠡᠭᠦᠳᠬᠦ ᠬᠤᠲᠠ ᠶᠢᠨ ᠤᠬᠠᠭᠤᠯᠭ᠎ᠠ ᠶᠢᠨ ᠰᠢᠷᠢᠰ︾ ᠣᠯᠠᠨ ᠬᠤᠪᠢ ᠡᠬᠡ ᠪᠢᠴᠢᠭ ᠢ ᠤᠩᠰᠢᠭᠰᠠᠨ ᠬᠡᠮᠵᠢᠶ᠎ᠡ ᠨᠢ 1 W + ᠪᠠᠶᠢᠵᠤ᠂ ᠰᠢᠨ᠎ᠡ ᠵᠠᠭᠤᠴᠢᠯᠠᠭᠤᠷ ᠤᠨ ᠴᠠᠭᠲᠤ ᠴᠢᠨᠠᠷ ᠴᠢᠩᠭ᠎ᠠ ᠡᠨᠡ ᠬᠦ ᠣᠨᠴᠠᠯᠢᠭ ᠢ ᠴᠢᠩᠭ᠎ᠠ ᠠᠳᠬᠤᠵᠤ᠂ ᠲᠣᠰ ᠡᠳᠦᠷ ᠲᠤ ᠰᠤᠷᠪᠤᠯᠵᠢᠯᠠᠨ ᠨᠠᠶᠢᠷᠠᠭᠤᠯᠵᠤ ᠲᠣᠰ ᠡᠳᠦᠷ ᠲᠤ ᠨᠡᠶᠢᠲᠡᠯᠡᠵᠦ᠂ ᠬᠡᠰᠡᠭ ᠠᠩᠬᠠᠳᠠᠭᠴᠢ ᠰᠣᠨᠢᠨ ᠮᠡᠳᠡᠭᠡ ᠨᠢ ᠴᠢᠩᠭ᠎ᠠ ᠲᠤᠰᠬᠠᠯ ᠭᠠᠷᠴᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠲᠠᠢ ᠤᠶᠠᠯᠳᠤᠭᠤᠯᠤᠨ᠂ ᠤᠯᠤᠰ ᠤᠨ ᠪᠠᠶᠠᠷ ᠤᠨ ᠬᠤᠭᠤᠴᠠᠭᠠᠨ ᠳᠤ ᠣᠬᠤᠷ ᠸᠢᠳᠢᠣ᠋ ᠶᠢ 10 ᠦᠢᠯᠡᠳᠴᠦ ᠨᠡᠶᠢᠳᠠᠯᠡᠪᠡ᠃ 2020 ᠣᠨ ᠳᠤ ᠂ ᠬᠠᠶᠢᠷᠤᠪ ᠤᠨ ᠲᠣᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠦᠷᠭᠦᠯᠵᠢᠯᠡᠨ᠂ ᠬᠠᠶᠢᠷᠤᠪ ᠤᠨ ᠵᠣᠷᠢᠭ ᠰᠠᠨᠠᠭ᠎ᠠ ᠪᠠᠷ ᠥᠪᠡᠷ ᠤᠨ ᠭᠡᠷᠡᠯ ᠢᠯᠴᠢ ᠪᠠᠨ ᠪᠠᠳᠠᠷᠠᠭᠤᠯᠵᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠴᠦ᠂ ︽ᠳᠥᠷᠪᠡᠨ ᠬᠦᠴᠦᠨ︾᠎ ᠢ ᠦᠢᠯᠡᠳᠦᠯᠭᠡᠵᠢᠭᠦᠯᠵᠦ᠂ ᠲᠤᠭ ᠢᠶᠠᠨ ᠰᠠᠶᠢᠲᠤᠷ ᠮᠠᠨᠳᠤᠭᠤᠯᠵᠤ᠂ ᠳᠦᠷᠢ ᠲᠥᠷᠬᠦ ᠪᠠᠨ ᠰᠠᠶᠢᠲᠤᠷ ᠳᠡᠯᠭᠡᠨ ᠦᠵᠡᠭᠦᠯᠦᠨ᠎ᠡ︕        ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠢ 2018 ᠤᠨ ᠤ 12 ᠰᠠᠷ᠎ᠠ ᠶᠢᠨ 17᠎ ᠤ ᠡᠳᠦᠷ ᠵᠢᠩᠬᠢᠨᠢ ᠪᠠᠷ ᠪᠠᠶᠢᠭᠤᠯᠵᠤ ᠳᠠᠭᠤᠰᠬᠠᠭᠠᠳ 500 ᠲᠡᠭᠰᠢ ᠳᠥᠷᠪᠡᠯᠵᠢᠨ ᠮᠧᠲᠷ ᠪᠣᠯᠭᠠᠵᠠᠶ᠃ 2019 ᠤᠨ ᠤ 3 ᠰᠠᠷ᠎ᠠ ᠶᠢᠨ 23᠎ ᠤ ᠡᠳᠦᠷ ᠵᠢᠩᠬᠢᠨᠢ ᠪᠠᠷ ᠡᠬᠢᠯᠡᠨ ᠠᠵᠢᠯᠯᠠᠭᠤᠯᠪᠠ᠃ ᠠᠵᠢᠯᠯᠠᠭᠠᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂  ᠨᠡᠶᠢᠭᠡᠮ ᠤᠨ ᠪᠦᠯᠬᠦᠮ᠂ ᠣᠯᠠᠨ ᠲᠦᠮᠡᠨ ᠢ ᠨᠡᠶᠢᠲᠡ 220 ᠭᠠᠷᠤᠶ ᠤᠳᠠᠭ᠎ᠠ ᠬᠦᠯᠢᠶᠡᠨ ᠠᠪᠴᠤ᠂ 20000 ᠭᠠᠷᠤᠶ ᠬᠥᠮᠦᠨ ᠢ ᠬᠦᠯᠢᠶᠡᠨ ᠠᠪᠴᠠᠶ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠶ        ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ︾᠎ ᠶᠢᠨ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠢ ᠪᠠᠶᠢᠭᠤᠯᠬᠤ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠩ ᠰᠠᠶᠢᠲᠤᠷ ᠰᠤᠷᠤᠯᠴᠠᠨ ᠲᠤᠤᠱᠯᠠᠭᠤᠯᠤᠨ ᠨᠠᠶᠢᠳᠠᠪᠦᠷᠢᠵᠢᠭᠤᠯᠬᠤ᠂ ᠨᠠᠩ ᠰᠠᠶᠢᠨ᠂ ᠨᠠᠩ ᠰᠢᠰᠲ᠋ᠧᠮ ᠲᠠᠢ᠂ ᠨᠠᠩ ᠢᠯᠡᠭᠦᠤ ᠣᠯᠠᠨ ᠲᠦᠮᠡᠨ ᠲᠠᠢ ᠦᠢᠷᠠᠳᠤᠭᠰᠠᠨ ᠰᠤᠷᠤᠯᠴᠠᠬᠤ ᠠᠷᠭ᠎ᠠ ᠬᠡᠯᠪᠡᠷᠢ ᠪᠠ ᠪᠠᠭᠲᠠᠭᠠᠮᠵᠢ ᠪᠠᠷ᠂ ᠰᠢᠨ᠎ᠡ ᠦᠵᠡᠯ ᠰᠠᠨᠠᠭ᠎ᠠ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠪᠣᠳᠠᠲᠠᠶᠢᠵᠢᠭᠤᠯᠤᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠳᠤ ᠬᠦᠷᠴᠦ᠂ ᠠᠷᠠᠳ ᠲᠦᠮᠡᠨ ᠤ ᠳᠤᠮᠳᠠ ᠬᠦᠷᠬᠦ ᠶᠢᠨ ᠲᠥᠯᠥᠭᠡ ᠶᠤᠮ᠃ ᠡᠭᠦᠨ ᠤ ᠬᠠᠮᠲᠤ᠂ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠨᠢ ᠠᠬᠤᠶ ᠪᠠᠶᠢᠳᠠᠯ ᠤᠨ ᠵᠢᠭᠠᠨ ᠰᠤᠷᠭᠠᠯᠲᠠ ᠪᠣᠯᠤᠨ ᠲᠥᠷᠥᠭᠳᠡᠯ ᠴᠢᠩᠭ᠎ᠠ ᠪᠠᠶᠢᠬᠤ ᠳᠠᠪᠠᠭᠤᠯᠢᠭ ᠢᠶᠠᠨ ᠪᠠᠳᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠣᠩᠭᠤᠳᠠᠭ ᠥᠭᠦᠯᠡᠯᠲᠡ᠂ ᠰᠡᠳᠬᠢᠯ ᠬᠥᠳᠡᠯᠭᠡᠮ᠎ᠡ ᠦᠯᠢᠭᠡᠷ ᠢᠶᠠᠷ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠳᠠᠭᠠᠭᠤᠯᠵᠤ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ︕
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号