ᠬᠤᠶᠠᠷ ᠬᠤᠷᠠᠯ ᠤᠨ ᠰᠠᠶᠢᠨ ᠴᠢᠮᠡᠭᠡ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠶᠠ ᠴᠢᠩ ᠳ᠋ᠦᠩ ᠢ ᠲᠤᠰᠬᠠᠶᠢᠯᠠᠨ ᠰᠤᠷᠪᠤᠯᠵᠢᠯᠠᠪᠠ
ᠨᠡᠶᠢᠲᠡᠯᠡᠭᠰᠡᠨ ᠴᠠᠭ᠄
2020-01-13
     ᠥᠪᠥᠷ ᠮᠣᠩᠭᠤᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ ᠵᠢᠶᠠ ᠴᠢᠩ ᠳ᠋ᠦᠩ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠪᠦ᠋ ᠰᠢᠶᠤᠤ ᠯᠢᠨ ᠲᠡᠷᠢᠭᠦᠯᠡᠭᠴᠢ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ ᠶᠢᠨ ᠪᠥᠬᠦ ᠭᠡᠰᠢᠭᠦᠳ ᠤᠨ ︵ᠦᠷᠭᠡᠤᠡᠭᠡᠭᠰᠡᠨ︶ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ᠂ 2020 ᠣᠨ ᠤ ᠵᠠᠰᠠᠭ ᠤᠨ ᠣᠷᠳᠣᠨ ᠤ ᠠᠵᠢᠯ ᠳᠤ ᠪᠦᠬᠦ ᠲᠠᠯ᠎ᠠ ᠶᠢᠨ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ᠲᠡᠷᠡ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠵᠠᠮᠨᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠤᠳᠤ ᠪᠠᠶᠢᠭ᠎ᠠ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠬᠡᠷᠡᠭᠲᠡᠢ ᠭᠡᠵᠡᠢ᠃ ᠦᠬᠠᠢ ᠪᠣᠯᠤᠨ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠂ ᠪᠢᠳᠡ ᠲᠡᠷᠢᠭᠦᠯᠡᠭᠴᠢ ᠪᠦ᠋ ᠰᠢᠶᠤᠤ ᠯᠢᠨ ᠤ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ‌ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃
     ᠨᠢᠭᠡ ᠳᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠭᠦᠯᠬᠦ ᠬᠡᠷᠡᠭᠲᠡᠢ᠃ ᠬᠤᠶᠠᠷ ᠲᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠠᠯ᠎ᠠ ᠪᠠᠷ᠂ ᠬᠥᠳᠡᠭᠡ‌‍ᠲ᠋ᠤᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠦᠨᠳᠦᠰᠦ᠂ ᠠᠵᠤ ᠦᠢᠯᠡᠰ ᠤᠨ ᠬᠥᠭᠵᠢᠯᠲᠡ ᠭᠡᠬᠦ ᠡᠨᠡ ᠬᠦ ᠵᠠᠩᠬᠢᠯᠭ᠎ᠠ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠵᠦ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠠᠵᠤ ᠤᠶᠢᠯᠡᠤᠡᠪᠤᠷᠢ ᠶᠢᠨ ᠪᠣᠬᠢᠷᠲᠤᠯ ᠪᠠ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ 80%᠎ ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠵᠠᠰᠠᠭ ᠤᠨ ᠣᠷᠳᠣᠨ ᠤ ᠥᠷᠢ ᠰᠢᠷᠢ ᠶᠢ ᠠᠷᠢᠯᠭᠠᠬᠤ ᠪᠣᠯᠤᠨ ᠬᠥᠭᠵᠢᠯᠲᠡ ᠶᠢᠨ ᠬᠠᠷᠢᠴᠠᠭ᠎ᠠ ᠶᠢ ᠲᠣᠬᠢᠲᠠᠶ ᠰᠢᠢᠤᠡᠪᠤᠷᠢᠯᠡᠵᠤ᠂ ᠬᠥᠭᠵᠢᠯᠲᠡ ᠶᠢᠨ ᠠᠷᠭ᠎ᠠ ᠪᠠᠷ ᠵᠠᠰᠠᠭ ᠤᠨ ᠣᠷᠳᠣᠨ ᠤ ᠥᠷᠢ ᠰᠢᠷᠢ ᠶᠢᠨ ᠲᠦᠭᠰᠢᠭᠦᠷᠢ ᠶᠢ ᠠᠷᠢᠯᠭᠠᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠥᠷᠢ ᠰᠢᠷᠢ ᠠᠷᠢᠯᠭᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠨᠡᠭᠡᠭᠡᠯᠲᠡ ᠶᠢ ᠥᠷᠭᠡᠳᠬᠡᠬᠦ ᠲᠠᠯ᠎ᠠ ᠪᠠᠷ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠭᠴᠢ ᠬᠦᠴᠦᠨ ᠪᠣᠯᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠤᠶᠢᠪᠢᠰᠢ ᠦᠭᠡᠶ ᠪᠠᠷᠢᠮᠲᠠᠯᠠᠨ᠂ ᠠᠵᠤ ᠠᠬᠤᠶᠢᠯᠠᠯ ᠤᠨ ᠭᠤᠤᠯ ᠴᠣᠭᠴᠠ ᠶᠢᠨ ᠰᠢᠨ᠎ᠡ ᠶᠢ ᠡᠭᠦᠳᠬᠦ ᠤᠶᠢᠯᠡᠳᠤᠯ ᠢ ᠪᠠᠳᠠᠷᠠᠭᠤᠯᠬᠤ ᠬᠡᠷᠡᠭᠲᠡᠶ᠃ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ ᠪᠠ ᠬᠡᠷᠡᠭᠯᠡᠬᠦ ᠠᠵᠢᠯ ᠢ ᠴᠢᠩᠭᠠᠳᠬᠠᠵᠤ᠂ ︽ᠲᠠᠯᠪᠢᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠣᠶ ᠪᠥᠬᠦᠶ ᠵᠠᠰᠠᠭ ᠵᠠᠬᠢᠷᠭᠠ ᠤ ᠬᠢᠨᠠᠨ ᠵᠥᠪᠰᠢᠶᠡᠷᠡᠬᠦ ᠵᠤᠶᠢᠯᠡᠰ᠂ ᠬᠢᠨᠠᠨ ᠵᠥᠪᠰᠢᠶᠡᠷᠡᠬᠦ ᠴᠢᠬᠤᠯᠠ ᠨᠥᠬᠦᠴᠡᠯ ᠤᠨ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠵᠠᠰᠠᠬᠤ ᠪᠦᠲᠦᠴᠡ ᠶᠢ ᠲᠡᠭᠦᠯᠳᠡᠭᠦᠷᠵᠢᠭᠦᠯᠤᠨ᠂ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢ ᠤᠯᠠᠮ ᠨᠢᠭᠡ ᠠᠯᠬᠤᠮ ᠬᠥᠭᠵᠢᠭᠦᠯᠵᠦ᠂ ︽ᠨᠢᠭᠡ ᠪᠦᠰᠡ ᠨᠢᠭᠡ ᠵᠠᠮ︾᠎ ᠤᠨ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号