ᠬᠠᠶᠢᠷᠤᠪ ᠤᠨ ᠲᠤᠬᠤᠢ ᠲᠤᠭᠤᠷᠢᠭ ᠤᠨ ᠭᠠᠶᠢᠯᠢ ᠬᠥᠩᠭᠡᠯᠡᠵᠦ ᠰᠦᠢᠤᠡᠭᠡᠯ ᠪᠠᠭᠤᠷᠠᠭᠤᠯᠬᠤ ᠬᠢᠨᠠᠨ ᠪᠤᠳᠤᠬᠤ ᠠᠵᠢᠯ ᠢᠯᠡᠳᠲᠡ ᠦᠷ᠎ᠡ ᠪᠦᠲᠤᠮᠵᠢ ᠤᠯᠪᠠ
ᠨᠡᠶᠢᠲᠡᠯᠡᠭᠰᠡᠨ ᠴᠠᠭ᠄
2020-01-14
     2019 ᠣᠨ ᠤ ᠪᠥᠬᠦ ᠵᠢᠯ ᠤᠨ ᠭᠠᠶᠢᠯᠢ ᠬᠥᠩᠭᠡᠯᠡᠵᠦ ᠰᠦᠢᠤᠡᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠮᠥᠷᠳᠡᠨ ᠬᠢᠨᠠᠨ ᠪᠤᠳᠤᠬᠤ ᠠᠵᠢᠯ ᠨᠢᠭᠡᠨᠲᠡ ᠳᠠᠭᠤᠰᠴᠤ᠂ ᠪᠠᠷᠢᠯᠭ᠎ᠠ ᠶᠢᠨ ᠤᠶᠢᠯᠡᠰ᠂ ᠤᠶᠢᠯᠡᠴᠢᠯᠡᠭᠡᠨ ᠤ ᠤᠶᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠤᠶᠢᠯᠡᠰ ᠵᠡᠷᠭᠡ ᠠᠵᠢᠯ ᠲᠥᠷᠥᠯ ᠤᠨ 39 ᠠᠵᠤ ᠠᠬᠤᠶᠢᠯᠠᠯ ᠪᠠ 4 ᠵᠠᠰᠠᠭ ᠵᠠᠬᠢᠷᠭᠠᠨ ᠠᠵᠢᠯ ᠤᠶᠢᠯᠡᠰ ᠤᠨ ᠨᠢᠭᠡᠴᠡ ᠶᠢᠨ ᠶᠠᠷᠢᠯᠴᠠᠬᠤ ᠬᠤᠷᠠᠯ᠂ ᠪᠠᠶᠢᠴᠠᠭᠠᠯᠲᠠ᠂ ᠡᠳ᠋ ᠤᠨ ᠶᠠᠪᠤᠳᠠᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠥᠷᠲᠡᠭ ᠨᠡᠮᠡᠭᠳᠡᠯ ᠤᠨ ᠭᠠᠶᠢᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠦᠷᠤ ᠶᠢᠨ ᠪᠣᠳᠣᠯᠭ᠎ᠠ᠂ ᠵᠢᠵᠢᠭ ᠪᠢᠴᠢᠯ ᠠᠵᠤ ᠠᠬᠤᠶᠢᠯᠠᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠭᠠᠶᠢᠯᠢ ᠲᠠᠳᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠠᠩᠬᠠᠷᠴᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠳᠦᠰᠦᠨ ᠳᠡᠭᠡᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠴᠢᠳᠠᠬᠤ ᠶᠢ ᠣᠶᠢᠯᠠᠭᠠᠪᠠ᠃ ᠭᠡᠪᠡᠴᠦ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠵᠠᠷᠤᠳᠠᠯ ᠤᠨ ᠨᠣᠷᠮ᠎ᠠ ᠶᠢ ᠴᠠᠭ ᠲᠤᠬᠠᠶ ᠳᠤᠨᠢ ᠲᠤᠬᠢᠷᠠᠭᠤᠯᠤᠭᠰᠠᠨ ᠥᠬᠡᠶ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠦᠯᠤᠰᠤᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠴᠠᠭ ᠲᠤᠬᠠᠶ ᠳᠤᠨᠢ ᠪᠤᠴᠠᠭᠠᠭᠰᠠᠨ ᠥᠬᠡᠶ᠂ ᠨᠢᠭᠡ ᠠᠵᠤ ᠠᠬᠤᠶᠢᠯᠠᠯ ᠤᠨ ᠵᠡᠮᠳᠡᠭᠴᠦᠳ ᠤᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠭᠥᠷᠳᠡᠭᠰᠡᠨ ᠥᠬᠡᠶ ᠵᠡᠷᠭᠡ 7 ᠠᠰᠠᠭᠤᠳᠠᠯ ᠣᠷᠣᠰᠢᠵᠤ᠂ᠬᠠᠮᠢᠶᠠᠷᠤᠯᠲᠠ ᠶᠢᠨ ᠵᠢᠷᠤᠮᠵᠢᠯ ᠥᠬᠡᠶ ᠪᠠᠯᠠ ᠮᠥᠩᠭᠦ 501.38 ᠲᠦᠮᠡᠨ ᠲᠥᠭᠦᠷᠢᠭ ᠪᠠᠶᠢᠬᠤ ᠶᠢ ᠣᠯᠵᠤ ᠮᠡᠳᠡᠭᠡᠳ᠂ 4 ᠬᠤᠪᠢ ᠬᠢᠨᠠᠨ ᠪᠤᠳᠤᠭᠰᠠᠨ ᠮᠡᠳᠡᠭᠦᠯᠦᠯᠲᠡ ᠭᠠᠷᠭᠠᠵᠤ᠂ 7 ᠵᠤᠷᠪᠤᠰ ᠬᠢᠨᠠᠨ ᠪᠤᠳᠤᠭᠰᠠᠨ ᠰᠠᠨᠠᠭᠤᠯᠭ᠎ᠠ ᠳᠤᠷᠠᠳᠴᠤ᠂ 7 ᠵᠤᠷᠪᠤᠰ ᠬᠢᠨᠠᠨ ᠪᠤᠳᠤᠭᠰᠠᠨ ᠰᠠᠨᠠᠭᠤᠯᠭ᠎ᠠ ᠶᠢ ᠭᠥᠯᠢᠶᠡᠨ ᠠᠪᠴᠠᠶ᠃ ᠣᠳᠣ ᠨᠢᠭᠡᠨᠲᠡ 338.39 ᠲᠦᠮᠡᠨ ᠲᠥᠭᠦᠷᠢᠭ ᠴᠡᠭᠴᠡᠯᠡᠨ ᠥᠭᠡᠷᠡᠴᠢᠯᠡᠵᠦ ᠳᠠᠭᠤᠰᠬᠠᠭᠠᠳ᠂ ᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠶᠢ 162.99 ᠲᠦᠮᠡᠨ ᠲᠥᠭᠦᠷᠢᠭ ᠦᠯᠤ  ᠪᠤᠴᠠᠭᠠᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠬᠤ ᠲᠥᠯᠥᠪᠯᠡᠭᠡ ᠶᠢ ᠵᠢᠭᠰᠠᠭᠠᠨ ᠭᠠᠷᠭᠠᠵᠤ᠂ ᠣᠳᠣ ᠶᠠᠭ ᠪᠤᠴᠠᠭᠠᠵᠤ ᠪᠠᠶᠢᠨ᠎ᠠ᠃ ᠭᠠᠶᠢᠯᠢ ᠬᠥᠩᠭᠡᠯᠡᠵᠦ ᠰᠦᠢᠤᠡᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠮᠥᠷᠳᠡᠨ ᠬᠢᠨᠠᠨ ᠪᠤᠳᠤᠬᠤ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠢ ᠠᠬᠢᠭᠤᠯᠵᠤ᠂ ᠠᠷᠠᠳ ᠲᠦᠮᠡᠨ ᠤ ᠡᠷᠬᠡ ᠠᠰᠢᠭ ᠢ ᠪᠠᠲᠤᠯᠠᠨ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠤᠨ ᠢ ᠨᠡᠮᠡᠭᠳᠡᠭᠦᠯᠵᠦ᠂ ᠭᠠᠶᠢᠯᠢ ᠬᠥᠩᠭᠡᠯᠡᠵᠦ ᠰᠦᠢᠤᠡᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠪᠠᠲᠤᠯᠠᠭ᠎ᠠ ᠬᠠᠩᠭᠠᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号