ᠬᠠᠶᠢᠷᠤᠪ ᠤᠨ ᠲᠣᠬᠤᠢ ᠲᠣᠭᠤᠷᠢᠭ ᠠᠳᠠᠯ ᠠᠬᠤᠶ ᠶᠢᠨ ᠠᠶᠤᠯᠭᠦᠶ ᠤᠶᠢᠯᠡᠤᠡᠪᠤᠷᠢᠯᠡᠯ ᠤᠨ ᠪᠠᠶᠢᠴᠠᠭᠠᠯᠲᠠ ᠶᠢᠨ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2020-01-15
     ᠴᠠᠭᠠᠨ ᠰᠠᠷ᠎ᠠ ᠣᠶᠢᠷᠠᠳᠴᠤ  ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠳᠠᠯ ᠠᠬᠤᠶ ᠶᠢᠨ ᠺᠣᠮᠫᠠᠨᠢ ᠶᠢᠨ ᠠᠶᠤᠯ ᠥᠬᠡᠶ ᠤᠶᠢᠯᠡᠤᠡᠪᠤᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠤᠨ᠂ ᠰᠠᠭᠤᠭᠠᠯᠢ ᠠᠷᠠᠳ ᠲᠤ ᠠᠮᠤᠷ ᠲᠦᠪᠰᠢᠨ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ ᠬᠠᠶᠢᠷᠤᠪ ᠤᠨ ᠲᠣᠬᠤᠶ ᠲᠣᠭᠤᠷᠢᠭ ᠤᠨ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠨᠢ ᠲᠤᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠤᠶᠢᠯᠡᠴᠢᠯᠡᠭᠡᠨ ᠤ ᠲᠥᠪ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠮᠢᠯᠠᠭᠰᠠᠨ ᠰᠠᠯᠪᠤᠷᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠬᠠᠮᠢᠶ᠎ᠠ ᠪᠥᠬᠦᠶ ᠰᠠᠯᠠᠭ᠎ᠠ‌ᠮᠦ᠋ᠴᠢᠷ ᠤᠳ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠠᠳᠠᠯ ᠠᠬᠤᠶ ᠶᠢᠨ ᠠᠶᠤᠯ ᠥᠬᠡᠶ ᠤᠶᠢᠯᠡᠤᠡᠪᠤᠷᠢᠯᠡᠯ ᠎ ᠤᠨ ᠪᠠᠶᠢᠴᠠᠭᠠᠯᠲᠠ ᠶᠢᠨ ᠠᠵᠢᠯ ᠢ ᠬᠠᠮᠲᠤᠷᠠᠨ ᠥᠷᠨᠢᠭᠦᠯᠦᠨ᠎ᠡ᠃      ᠡᠶᠢᠮᠦᠷᠬᠦ ᠠᠰᠠᠭᠤᠳᠠᠯ ᠣᠷᠣᠰᠢᠵᠤ ᠪᠠᠶᠢᠭ᠎ᠠ ᠵᠢᠵᠢᠭ ᠲᠣᠭᠤᠷᠢᠭ ᠲᠤ᠂ ᠪᠠᠶᠢᠴᠠᠭᠠᠬᠤ ᠳᠤᠭᠤᠶᠢᠯᠠᠩ ᠨᠢ ᠵᠢᠵᠢᠭ ᠲᠣᠭᠤᠷᠢᠭ ᠤᠨ ᠠᠳᠠᠯ ᠠᠬᠤᠶ ᠶᠢᠨ ᠺᠣᠮᠫᠠᠨᠢ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠤᠭᠤᠴᠠᠭ᠎ᠠ ᠲᠣᠭᠲᠠᠭᠠᠨ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠥᠭᠡᠳ ᠬᠡᠷᠡᠯ ᠵᠢᠷᠤᠭ ᠤᠨ ᠬᠡᠯᠪᠡᠷᠢ ᠪᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠳᠡᠭᠡᠭᠰᠢ ᠮᠡᠳᠡᠭᠦᠯᠬᠦ ᠪᠣᠯᠤᠨ᠎ᠠ᠃      ᠬᠠᠶᠢᠷᠤᠪ ᠤᠨ ᠲᠣᠬᠤᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠤᠶᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠰᠢᠶᠤᠤ ᠬᠡᠤ ᠲᠠᠨᠢᠯᠴᠠᠭᠤᠯᠬᠤ ᠳᠠᠭᠠᠨ᠄︽ᠲᠣᠰ ᠤᠳᠠᠭᠠᠨ ᠤ ᠪᠠᠶᠢᠴᠠᠭᠠᠯᠲᠠ ᠶᠢᠨ ᠠᠵᠢᠯ ᠳᠤ ᠭᠤᠤᠯᠳᠠᠭᠤ ᠠᠮᠤᠷ ᠲᠦᠪᠰᠢᠨ ᠤ ᠠᠰᠠᠭᠤᠳᠠᠯ ᠨᠡᠯᠢᠶᠡᠳ ᠣᠯᠠᠨ ᠣᠷᠣᠰᠢᠵᠤ ᠪᠠᠶᠢᠭ᠎ᠠ ᠵᠢᠵᠢᠭ ᠲᠣᠭᠤᠷᠢᠭ ᠢ ᠰᠣᠩᠭᠤᠨ᠎ᠠ᠃︾
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号