ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠤᠶᠢᠯ ᠤᠨ ᠶᠠᠰᠤ ᠴᠢᠨᠠᠷ ᠤᠨ ᠠᠮᠤᠷ ᠲᠦᠪᠰᠢᠨ ᠢ ᠲᠤᠰᠬᠠᠶ ᠪᠠᠶᠢᠴᠠᠭᠠᠪᠠ
ᠨᠡᠶᠢᠲᠡᠯᠡᠭᠰᠡᠨ ᠴᠠᠭ᠄
2020-01-15
     ᠴᠠᠭᠠᠨ ᠰᠠᠷ᠎ᠠ ᠪᠣᠯᠬᠤ ᠲᠠᠰᠢᠷᠠᠮ ᠳᠤ᠂ ᠪᠠᠶᠠᠷ ᠤᠨ ᠡᠳᠦᠷ ᠤᠨ ᠬᠤᠭᠤᠴᠠᠭᠠᠨ ᠳᠤ ᠡᠮ ᠤᠨ ᠵᠤᠶᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠣᠯᠠᠨ ᠲᠦᠮᠡᠨ ᠤ ᠡᠮ ᠤᠨ ᠵᠤᠶᠢᠯ ᠪᠠᠭᠠᠵᠢ ᠬᠡᠷᠡᠭᠯᠡᠬᠦ ᠠᠮᠤᠷ ᠲᠦᠪᠰᠢᠨ ᠪᠦᠲᠦᠮᠵᠢᠲᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠲᠤᠭᠤᠷᠢᠭ ᠤᠨ ᠬᠡᠪᠴᠢᠶᠡᠨ ᠳᠤ ᠡᠮ ᠤᠨ ᠵᠤᠶᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠲᠤᠰᠬᠠᠶ ᠵᠤᠶᠢᠯ ᠤᠨ ᠬᠢᠨᠠᠯᠲᠠ ᠪᠠᠶᠢᠴᠠᠭᠠᠯᠲᠠ ᠥᠷᠨᠢᠭᠦᠯᠪᠡ᠃      ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢᠨ ᠭᠤᠤᠯᠳᠠᠯᠭ᠎ᠠ ᠪᠣᠯ ᠡᠮ ᠤᠨ ᠵᠣᠷ ᠢᠶᠠᠷ ᠵᠣᠷ ᠤᠨ ᠡᠮ ᠪᠣᠷᠣᠯᠠᠭᠤᠯᠬᠤ ᠥᠬᠡᠶ᠂ ᠠᠵᠢᠯ ᠡᠷᠭᠢᠯᠡᠬᠦ ᠡᠮ ᠨᠠᠶᠢᠷᠠᠭᠴᠢ ᠶᠢᠨ ᠠᠵᠢᠯ ᠤᠨ ᠪᠠᠶᠢᠷᠢ ᠳᠤ ᠪᠠᠶᠢᠬᠤ ᠥᠬᠡᠶ᠂ ᠬᠤᠭᠤᠴᠠᠭ᠎ᠠ ᠨᠢ ᠥᠩᠭᠡᠷᠡᠭᠰᠡᠨ ᠡᠮ ᠤᠨ ᠵᠤᠶᠢᠯ ᠢ ᠪᠣᠷᠣᠯᠠᠭᠤᠯᠬᠤ ᠵᠡᠷᠭᠡ ᠤᠶᠢᠯᠡ ᠠᠵᠢᠯᠯᠠᠭ᠎ᠠ ᠵᠢᠴᠢ ᠡᠮ ᠤᠨ ᠵᠤᠶᠢᠯ ᠪᠠᠭᠠᠵᠢ ᠡᠵᠡᠩᠨᠡᠨ ᠬᠡᠷᠡᠭᠯᠡᠬᠦ ᠨᠢᠭᠡᠴᠡ ᠶᠢᠨ ᠤᠶᠢᠯᠡᠤᠡᠬᠦᠨ ᠤ ᠶᠠᠰᠤ ᠴᠢᠨᠠᠷ᠂ ᠬᠤᠳᠠᠯᠳᠤᠨ ᠠᠪᠬᠤ ᠠᠷᠭ᠎ᠠ ᠵᠠᠮ᠂ ᠬᠠᠮᠢᠶ᠎ᠠ ᠪᠥᠬᠦᠶ ᠬᠢᠷᠢ ᠴᠢᠳᠠᠮᠵᠢ ᠶᠢ ᠵᠢᠷᠤᠮᠵᠢᠭᠤᠯᠤᠨ ᠬᠠᠮᠢᠶᠠᠷᠴᠤ ᠪᠠᠶᠢᠭ᠎ᠠ ᠪᠠᠶᠢᠳᠠᠯ ᠪᠣᠯᠤᠨ᠎ᠠ᠃ᠬᠠᠤᠯᠢ ᠬᠡᠷᠡᠭᠵᠢᠭᠦᠯᠬᠦ ᠠᠵᠢᠯᠲᠠᠨ ᠪᠠᠶᠢᠴᠠᠭᠠᠬᠤ ᠳᠤᠮᠳᠠ ᠪᠠᠨ ᠣᠯᠵᠤ ᠮᠡᠳᠡᠭᠰᠡᠨ ᠨᠢ᠂ ᠬᠠᠶᠢᠷᠤᠪ ᠤᠨ ᠲᠣᠬᠤᠢ ᠲᠤᠭᠤᠷᠢᠭ ᠤᠨ ᠡᠮ ᠤᠨ ᠵᠤᠶᠢᠯ ᠪᠠ ᠪᠠᠭᠠᠵᠢ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠪᠦᠬᠦᠯᠢ ᠴᠣᠭᠴᠠ ᠪᠠᠷ ᠰᠠᠶᠢᠨ ᠪᠠᠶᠢᠵᠤ᠂ ᠡᠮ ᠤᠨ ᠵᠤᠶᠢᠯ ᠪᠠ ᠪᠠᠭᠠᠵᠢ ᠵᠡᠪᠰᠡᠭ ᠲᠠᠢ ᠬᠤᠯᠪᠣᠭᠳᠠᠬᠤ ᠡᠯ᠎ᠡ ᠨᠢᠭᠡᠴᠡ ᠶᠢᠨ ᠬᠤᠳᠠᠯᠳᠤᠨ ᠠᠪᠬᠤ ᠪᠣᠭᠤᠮᠲᠠ ᠶᠢ ᠴᠢᠩᠭ᠎ᠠ ᠠᠳᠬᠤᠵᠤ᠂ ᠬᠢᠷᠢ ᠲᠡᠩᠴᠡᠬᠦ ᠥᠬᠡᠶ ᠤᠶᠢᠯᠡᠤᠡᠬᠦᠨ ᠢ ᠣᠯᠵᠤ ᠮᠡᠳᠡᠭᠰᠡᠨ ᠥᠬᠡᠶ︔ ᠣᠨᠴᠠ ᠵᠠᠷᠢᠮ ᠡᠮ ᠤᠨ ᠳᠡᠯᠭᠡᠭᠦᠷ ᠤᠨ ᠬᠡᠰᠡᠭ ᠡᠮ ᠤᠨ ᠵᠤᠶᠢᠯᠡᠰ ᠢ ᠲᠥᠷᠥᠯ ᠬᠤᠪᠢᠶᠠᠨ ᠵᠢᠷᠤᠮᠵᠢᠭᠤᠨ ᠪᠤᠰᠤ᠂ ᠡᠮ  ᠪᠤᠰᠤ ᠪᠠ ᠡᠮ ᠤᠨ ᠵᠤᠶᠢᠯ ᠢ ᠬᠤᠯᠢᠵᠤ ᠲᠠᠯᠪᠢᠭᠰᠠᠨ ᠵᠡᠷᠭᠡ ᠠᠰᠠᠭᠤᠳᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃       ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠡᠮ ᠤᠨ ᠵᠤᠶᠢᠯ ᠪᠠ ᠪᠠᠭᠠᠵᠢ ᠬᠡᠷᠡᠭᠰᠡᠯ ᠤᠨ ᠡᠵᠡᠩᠨᠡᠯᠲᠡ ᠵᠢᠴᠢ ᠬᠡᠷᠡᠭᠯᠡᠭᠡᠨ ᠤ ᠨᠢᠭᠡᠴᠢ ᠶᠢ ᠨᠡᠶᠢᠲᠡ 38 ᠡᠷᠦᠬᠡ ᠤᠳᠠᠭ᠎ᠠ ᠪᠠᠶᠢᠴᠠᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢ ᠵᠢᠷᠤᠮᠵᠢᠭᠤᠯᠵᠤ᠂ ᠡᠮ ᠤᠨ ᠵᠤᠶᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠵᠠᠬ᠎ᠠ ᠳᠡᠯᠭᠡᠭᠦᠷ ᠢ ᠴᠡᠪᠡᠷᠰᠢᠭᠦᠯᠵᠤ᠂ ᠠᠷᠠᠳ ᠣᠯᠠᠨ ᠤ ᠪᠠᠶᠠᠷ ᠪᠠᠶᠠᠰᠬᠤᠯᠠᠩ ᠲᠠᠢ ᠪᠠᠶᠠᠷ ᠬᠥᠷ ᠲᠠᠢ ᠪᠠᠶᠢᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号