ᠬᠠᠶᠢᠷᠤᠪ ᠤᠨ ᠲᠣᠬᠤᠢ ᠲᠤᠭᠤᠷᠢᠭ ᠤᠨ ︽ᠠᠮᠢ ᠨᠠᠰᠤᠨ ᠤ ᠡᠭᠦᠳᠡ︾᠎ ᠶᠢ ᠨᠡᠪᠲᠡᠷᠡᠭᠦᠯᠵᠦ ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2020-01-15
     1ᠰᠠᠷ᠎ᠠ ᠶᠢᠨ 14᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ  ᠲᠣᠪᠴᠢᠶ᠎ᠠ᠂ ᠬᠠᠶᠢᠷᠤᠪ ᠤᠨ ᠲᠣᠬᠤᠶ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠠᠶᠢᠷᠤᠪ ᠤᠨ ᠲᠣᠬᠤᠶ ᠲᠣᠭᠤᠷᠢᠭ ᠤᠨ ᠭᠡᠷ ᠬᠥᠷᠥᠩᠭᠡ ᠶᠢᠨ ᠬᠠᠮᠢᠶᠠᠷᠤᠯᠲᠠ ᠎ ᠶᠢᠨ ᠲᠣᠪᠴᠢᠶ᠎ᠠ᠂ ᠬᠠᠶᠢᠷᠤᠪ ᠤᠨ ᠲᠣᠬᠤᠶ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠵᠢᠨ‌ᠤᠶᠢᠯᠡᠴᠢᠯᠡᠭᠡᠨ ᠤ ᠲᠥᠪ ᠲᠠᠢ ᠬᠠᠮᠲᠤᠷᠠᠨ ᠭᠠᠯ ᠤᠨᠲᠠᠷᠠᠬᠠᠬᠤ ᠵᠠᠮ ᠢ ᠢᠯᠭᠠᠷᠠᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠪᠯᠡᠷᠡᠭᠦᠯᠦᠨ ᠢᠯᠭᠠᠷᠠᠭᠤᠯᠵᠤ ᠴᠡᠭᠴᠡᠯᠡᠨ ᠵᠠᠰᠠᠵᠤ᠂ ᠭᠠᠯ ᠤᠨᠲᠠᠷᠠᠭᠠᠬᠤ ᠳᠠᠯᠳᠠ ᠭᠡᠮ ᠢ ᠠᠷᠢᠯᠭᠠᠵᠤ᠂ ᠭᠠᠯ ᠤᠨ ᠭᠠᠮᠰᠢᠭ ᠤᠨ ᠠᠳᠡᠯ ᠭᠠᠷᠬᠤ ᠶᠢ ᠪᠠᠭᠠᠰᠬᠠᠪᠠ᠃      ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠤᠨ ᠵᠠᠮ ᠪᠣᠯ ᠭᠠᠯ ᠤᠨᠲᠠᠷᠠᠭᠠᠬᠤ ᠠᠮᠤᠷ ᠲᠦᠪᠰᠢᠨ ᠤ ᠨᠡᠪᠲᠡᠷᠡᠬᠦ ᠵᠠᠮ᠂ ᠭᠠᠯ ᠤᠨ ᠠᠶᠤᠯ ᠡᠭᠦᠰᠬᠦ ᠦᠶᠡᠰ ᠠᠮᠢ ᠵᠢᠭᠤᠲᠠᠬᠤ ᠨᠡᠪᠲᠡᠷᠡᠬᠦ ᠵᠠᠮ ᠪᠣᠯᠤᠨ᠎ᠠ᠂ᠭᠡᠪᠡᠴᠦ ᠮᠠᠨ ᠤ ᠡᠳᠦᠷ ᠳᠤᠲᠤᠮ ᠤᠨ ᠠᠮᠢᠳᠤᠷᠠᠯ ᠳᠤᠮᠳᠠ᠂ ᠰᠠᠭᠤᠭᠠᠯᠢ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠵᠠᠮ ᠡᠵᠡᠯᠡᠭᠳᠡᠨ ᠪᠥᠭᠯᠡᠷᠡᠬᠦ ᠦᠵᠡᠭᠳᠡᠯ ᠮᠠᠰᠢ ᠣᠯᠠᠨ ᠬᠠᠷᠠᠭᠳᠠᠳᠠᠭ᠃ ᠵᠢᠱᠢᠶᠡᠯᠡᠪᠡᠯ ᠥᠪᠡᠷ ᠤᠨ ᠭᠡᠷ ᠤᠨ ᠡᠯᠳᠡᠪ ᠶᠠᠭᠤᠮ᠎ᠠ ᠪᠠᠨ ᠠᠰᠠᠷ ᠤᠨ ᠱᠠᠲᠤᠨ ᠤ ᠳᠤᠮᠳᠠ ᠣᠪᠣᠭᠠᠯᠠᠵᠤ᠂ ᠠᠰᠠᠷ ᠤᠨ ᠭᠤᠳᠤᠮᠵᠢᠨ ᠳᠤ ᠳᠤᠭᠤᠶ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠶᠢ ᠲᠠᠯᠪᠢᠨ᠎ᠠ ᠠᠮᠢ ᠵᠢᠭᠤᠲᠠᠬᠤ ᠪᠠ ᠭᠠᠯ ᠤᠨᠲᠠᠷᠠᠭᠠᠬᠤ ᠳᠠᠷᠤᠭ᠎ᠠ ᠪᠠᠶᠢᠯᠳᠤᠭᠴᠢᠳ ᠤᠨ ᠠᠪᠤᠷᠠᠨ ᠲᠤᠰᠠᠯᠠᠬᠤ ᠳᠤ ᠨᠡᠯᠢᠶᠡᠳ ᠶᠡᠭᠡ ᠬᠠᠷᠰᠢ ᠰᠠᠭᠠᠳ ᠠᠪᠴᠢᠷᠠᠬᠤ ᠪᠣᠯᠤᠨ᠎ᠠ᠃      ᠠᠮᠤᠷ ᠲᠦᠪᠰᠢᠨ ᠤ ᠲᠤᠬᠠᠢ ᠡᠷᠬᠡᠪᠰᠢ ᠮᠡᠳᠡᠬᠦ ᠬᠡᠷᠡᠭᠲᠡᠢ᠃︽ᠭᠠᠯ ᠰᠡᠷᠭᠡᠶᠢᠯᠡᠨ ᠤᠨᠲᠠᠷᠠᠭᠠᠬᠤ ᠨᠡᠪᠳᠡᠷᠡᠯ ᠵᠡᠮ︾ ᠭᠡᠳᠡᠭ ᠨᠢ ᠭᠠᠯ ᠰᠡᠷᠭᠡᠶᠢᠯᠡᠨ ᠤᠨᠲᠠᠷᠠᠭᠠᠬᠤ ᠠᠵᠢᠯᠳᠡᠠ ᠠᠪᠦᠷᠡᠬᠤ ᠪᠠ ᠬᠠᠰᠢᠭᠳᠠᠭᠰᠠᠨ ᠬᠥᠮᠦᠰ ᠢ ᠲᠠᠷᠬᠠᠭᠠᠨ ᠶᠠᠪᠤᠭᠤᠯᠬᠤ ᠨᠡᠪᠳᠡᠷᠡᠯ ᠵᠡᠮ ᠢ ᠵᠢᠭᠠᠵᠤ ᠪᠠᠶᠢᠨ᠎ᠠ᠂ ᠵᠢᠱᠢᠶᠡᠯᠡᠪᠡᠯ ᠠᠰᠠᠷ ᠤᠨ ᠱᠡᠳᠦ᠂ ᠬᠤᠨᠭ᠍ᠬᠢᠯ ᠵᠡᠮ ᠵᠡᠷᠭᠡ ᠪᠣᠯᠤᠨ᠎ᠠ᠃ ᠭᠠᠯ ᠤᠨᠲᠠᠷᠠᠭᠠᠬᠤ ᠵᠠᠮ ᠨᠢ ᠡᠯ᠎ᠡ ᠵᠦᠢᠯ ᠤᠨ ᠠᠶᠤᠯ ᠲᠦᠭᠰᠢᠭᠦᠷᠢᠲᠦ ᠪᠠᠶᠢᠳᠠᠯ ᠳᠤ ᠳᠣᠣᠷ᠎ᠠ ᠵᠢᠱᠢᠵᠦ ᠪᠣᠯᠤᠰᠢ ᠦᠭᠡᠢ ᠦᠢᠯᠡᠳᠦᠯ ᠦᠵᠡᠭᠦᠯᠳᠡᠭ᠃       ᠬᠠᠤᠯᠢ ᠴᠠᠭᠠᠵᠠ ᠬᠠᠤᠯᠢ ᠲᠣᠭᠲᠠᠭᠠᠯ᠄ ᠮᠠᠨ ᠤ ᠤᠯᠤᠰ ᠤᠨ ︽ᠭᠠᠯ ᠰᠡᠷᠭᠡᠶᠢᠯᠡᠨ ᠤᠨᠲᠠᠷᠠᠭᠠᠬᠤ ᠬᠠᠤᠯᠢ︾᠎ ᠶᠢᠨ ᠬᠤᠷᠢᠨ ᠨᠠᠢᠮᠠᠳᠤᠭᠠᠷ ᠵᠤᠶᠢᠯ ᠳᠤ᠄ ᠶᠠᠮᠠᠷᠪᠠ ᠨᠢᠭᠡᠴᠢ᠂ ᠬᠤᠪᠢ ᠬᠥᠮᠦᠨ ᠭᠠᠯ ᠰᠡᠷᠭᠡᠶᠢᠯᠡᠨ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠢ ᠡᠪᠳᠡᠬᠦ᠂ ᠨᠡᠭᠦᠯᠭᠡᠨ ᠬᠡᠷᠡᠭᠯᠡᠬᠦ ᠪᠤᠶᠤ ᠳᠤᠷ᠎ᠠ ᠪᠠᠷ ᠢᠶᠠᠨ ᠨᠤᠷᠠᠭᠠᠬᠤ᠂ ᠬᠡᠷᠡᠭᠯᠡᠬᠦ ᠪᠠᠨ ᠵᠣᠭᠰᠣᠭᠠᠵᠤ ᠪᠣᠯᠬᠤ ᠦᠭᠡᠢ᠂ ᠭᠠᠯ ᠤᠨᠲᠠᠷᠠᠭᠠᠭᠤᠯ ᠢ ᠪᠤᠯᠠᠵᠤ ᠳᠠᠷᠤᠬᠤ᠂ ᠬᠦᠷᠢᠶᠡᠯᠡᠨ ᠡᠵᠡᠯᠡᠬᠦ᠂ ᠬᠠᠯᠬᠠᠯᠠᠬᠤ ᠪᠤᠶᠤ ᠭᠠᠯ ᠰᠡᠷᠭᠡᠶᠢᠯᠡᠬᠦ ᠵᠠᠶ ᠶᠢ ᠡᠵᠡᠯᠡᠨ ᠬᠡᠷᠡᠭᠯᠡᠵᠦ ᠪᠣᠯᠬᠤ ᠦᠭᠡᠢ᠂ ᠲᠠᠷᠬᠠᠭᠠᠨ ᠶᠠᠪᠤᠭᠤᠯᠬᠤ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠡᠵᠡᠯᠡᠨ ᠬᠡᠷᠡᠭᠯᠡᠵᠦ᠂ ᠪᠥᠭᠯᠡᠵᠦ᠂ ᠪᠢᠲᠡᠭᠦᠮᠵᠢᠯᠡᠵᠦ ᠪᠣᠯᠬᠤ ᠦᠭᠡᠢ᠃ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠡᠭᠦᠳᠡ ᠴᠣᠩᠬᠤᠨ ᠳᠤ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠬᠠᠷᠰᠢ ᠰᠠᠭᠠᠳ ᠲᠠᠯᠪᠢᠵᠤ ᠪᠣᠯᠬᠤ ᠦᠭᠡᠢ᠃        ᠭᠠᠯ ᠤᠨᠲᠠᠷᠠᠭᠠᠬᠤ ᠨᠡᠪᠲᠡᠷᠡᠬᠦ ᠵᠠᠮ ᠪᠣᠯ ᠠᠮᠢ ᠨᠠᠰᠤᠨ ᠤ ᠨᠡᠪᠲᠡᠷᠡᠬᠦ ᠵᠠᠮ ᠮᠥᠨ᠂ ᠲᠡᠷᠡ ᠨᠢ ᠬᠥᠮᠦᠨ ᠨᠢᠭᠡᠪᠦᠷᠢ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠂ ᠳᠤᠷ᠎ᠠ ᠪᠠᠷ ᠢᠶᠠᠨ ᠡᠵᠡᠯᠡᠨ ᠬᠡᠷᠡᠭᠯᠡᠵᠦ ᠪᠣᠯᠬᠤ ᠦᠭᠡᠢ᠂ ᠡᠷᠬᠡᠪᠰᠢ ᠴᠠᠭ ᠢᠮᠠᠭᠲᠠ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠂ ᠤᠯᠠᠨ ᠢᠶᠠᠷ ᠢᠶᠠᠨ ᠴᠥᠮ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠪᠣᠯᠪᠠᠰᠤᠨ ᠡᠮᠬᠢ ᠵᠢᠷᠤᠮ ᠲᠠᠢ ᠬᠥᠮᠦᠨ ᠪᠤᠯᠵᠤ᠂ ᠠᠮᠢ ᠨᠠᠰᠤᠨ ᠤ ᠠᠪᠤᠷᠠᠨ ᠲᠤᠰᠠᠯᠠᠯᠲᠠ ᠳᠤ ᠵᠠᠮ ᠦᠯᠡᠳᠡᠭᠡᠵᠦ ᠥᠭᠬᠦ ᠶᠢ ᠬᠦᠰᠡᠵᠦ ᠪᠠᠶᠢᠨ᠎ᠠ᠃ ᠭᠠᠯ ᠤᠨᠲᠠᠷᠠᠭᠠᠬᠤ ᠵᠠᠮ᠂ ᠠᠮᠢ ᠨᠠᠰᠤᠨ ᠤ ᠵᠠᠮ᠂ ᠡᠵᠡᠯᠡᠨ ᠬᠡᠷᠡᠭᠯᠡᠵᠦ ᠪᠣᠯᠬᠤ ᠦᠭᠡᠢ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号