ᠬᠠᠶᠢᠷᠤᠪ ᠤᠨ ᠲᠣᠬᠤᠢ ᠲᠣᠭᠤᠷᠢᠭ ᠤᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ 2020 ᠤᠨ ᠤ ᠴᠠᠭᠠᠨ ᠰᠠᠷ᠎ᠠ ᠶᠢᠨ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠥᠷᠨᠢᠭᠦᠯᠪᠡ
ᠨᠡᠶᠢᠲᠡᠯᠡᠭᠰᠡᠨ ᠴᠠᠭ᠄
2020-01-16
     1 ᠰᠠᠷ᠎ᠠ ᠶᠢᠨ 15᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ 2020 ᠤᠨ ᠤ ᠴᠠᠭᠠᠨ ᠰᠠᠷ᠎ᠠ ᠶᠢᠨ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠥᠷᠨᠢᠭᠦᠯᠪᠡ᠃      ᠠᠵᠢᠯᠯᠠᠭ᠎ᠠ ᠶᠢᠨ ᠳᠤᠮᠳᠠ ᠬᠦᠴᠢᠷᠳᠡᠯᠲᠡᠶ ᠣᠯᠠᠨ ᠲᠦᠮᠡᠨ ᠳᠤ ᠪᠤᠳᠠᠭᠠᠨ ᠭᠤᠯᠢᠷ ᠤᠨ ᠲᠣᠰᠣ ᠵᠡᠷᠭᠡ ᠠᠮᠢᠳᠤᠷᠠᠯ ᠤᠨ ᠪᠣᠳᠠᠰ ᠲᠦᠭᠡᠭᠡᠨ ᠥᠭᠴᠦ᠂ ᠬᠦᠴᠢᠷᠳᠡᠯᠲᠡᠶ ᠭᠡᠷ ᠪᠦᠯᠢ ᠶᠢ ᠪᠣᠯᠭᠤᠭᠠᠨ‌‍ᠲ᠋ᠣᠬᠤᠨᠢᠭᠤᠯᠵᠤ᠂ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠭᠦᠨᠵᠡᠭᠡᠶ ᠣᠶᠢᠯᠭᠠᠨ ᠡᠵᠡᠮᠰᠢᠵᠦ᠂ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠵᠡᠶ᠃ᠤᠯᠠᠭᠠᠨ ᠵᠠᠭᠠᠯᠮᠠᠢᠲᠠᠨ ᠤ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠩ ᠣᠯᠠᠨ ᠬᠥᠮᠦᠨ ᠤ ᠶᠣᠰᠣ ᠰᠤᠷᠲᠠᠬᠤᠨ ᠤ ᠬᠦᠴᠦᠨ ᠢ ᠨᠢᠭᠲᠠᠷᠠᠭᠤᠯᠤᠨ᠂ ᠨᠠᠩ ᠤᠯᠠᠨ ᠬᠥᠮᠦᠨ ᠢ ᠬᠠᠪᠰᠤᠷᠴᠤ᠂ ᠤᠯᠠᠭᠠᠨ ᠵᠠᠭᠠᠯᠮᠠᠢᠲᠠᠨ ᠤ ᠵᠣᠷᠢᠭ ᠰᠠᠨᠠᠭ᠎ᠠ ᠶᠢ ᠨᠡᠶᠢᠭᠡᠮ ᠳᠤ ᠥᠷᠭᠡᠨ ᠢᠶᠠᠷ ᠲᠠᠷᠬᠠᠵᠤ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ᠂ ᠨᠠᠩ ᠯᠠᠪᠳᠠᠭᠤᠨ ᠪᠠᠲᠤᠲᠠᠶ ᠠᠵᠢᠯ ᠤᠨ ᠣᠪᠣᠷ ᠢᠶᠠᠷ᠂ ᠬᠠᠶᠢᠷᠤᠪ ᠤᠨ ᠲᠣᠬᠤᠢ ᠲᠣᠭᠤᠷᠢᠭ ᠤᠨ ᠶᠠᠳᠠᠭᠤ ᠡᠴᠠ‌ᠠᠩᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠤᠭᠡᠨ ᠪᠠᠶᠢᠭᠤᠯᠬᠤ ᠳᠤ ᠴᠥᠬᠦᠷᠡᠰᠢ ᠥᠬᠡᠶ ᠴᠢᠷᠮᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ︽ᠲᠦᠭᠡᠮᠡᠯ ᠬᠠᠶᠢᠷ᠎ᠠ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠎ ᠳᠤ᠂ ᠣᠨᠴᠠ ᠬᠦᠴᠢᠷᠳᠡᠯᠲᠡᠶ ᠣᠯᠠᠨ ᠲᠦᠮᠡᠨ᠂ ᠬᠦᠨᠳᠦ ᠡᠪᠡᠳᠴᠢᠲᠡᠨ ᠨᠡᠶᠢᠲᠡ 69 ᠬᠥᠮᠦᠨ ᠢ ᠠᠪᠤᠷᠠᠨ ᠲᠤᠰᠠᠯᠠᠵᠤ᠂ 886 ᠬᠦᠴᠢᠷᠳᠡᠯᠲᠡᠶ ᠬᠡᠷ ᠪᠦᠯᠢ ᠳᠤ ᠠᠪᠤᠷᠠᠨ ᠲᠤᠰᠠᠯᠠᠵᠤ᠂ ᠠᠪᠤᠷᠠᠨ ᠲᠤᠰᠠᠯᠠᠬᠤ ᠮᠥᠩᠭᠦ ᠡᠳ᠋ ᠪᠣᠳᠠᠰ ᠨᠡᠶᠢᠲᠡ 18 ᠲᠦᠮᠡᠨ ᠲᠥᠭᠦᠷᠢᠭ ᠲᠠᠷᠬᠠᠭᠠᠪᠠ᠃ ᠬᠠᠨᠳᠢᠪᠯᠠᠨ ᠲᠤᠰᠠᠯᠠᠭᠰᠠᠨ ᠪᠠᠯᠠ ᠮᠥᠩᠭᠦ ᠨᠢ ᠴᠥᠮ ᠬᠠᠶᠢᠷ᠎ᠠ ᠬᠠᠯᠠᠮᠵᠢᠲᠤ ᠠᠵᠤ ᠠᠬᠤᠶᠢᠯᠠᠯ ᠪᠠ ᠬᠠᠶᠢᠷ᠎ᠠ ᠬᠠᠯᠠᠮᠵᠢ ᠲᠤ ᠬᠥᠮᠦᠰ ᠤᠨ ᠬᠠᠨᠳᠢᠪᠯᠠᠯ ᠠᠴᠠ ᠢᠷᠡᠯᠲᠡ ᠲᠠᠢ ᠪᠠᠶᠢᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ︽ᠲᠦᠭᠡᠮᠡᠯ ᠬᠠᠶᠢᠷ᠎ᠠ ᠪᠠᠷ ᠲᠦᠮᠡᠨ ᠡᠷᠦᠬᠡ ᠳᠤ ᠬᠦᠷᠭᠡᠬᠦ︾ ᠨᠠᠷᠠᠲᠤ ᠲᠥᠷᠥᠯ ᠲᠡᠮᠳᠡᠭᠲᠦ ᠨᠡᠶᠢᠲᠡ ᠵᠢᠨ‌ᠠᠰᠠᠷᠠᠮᠵᠢ ᠶᠢᠨ ᠲᠥᠷᠥᠯ ᠵᠤᠶᠢᠯ ᠢᠶᠠᠷ ᠳᠠᠮᠵᠢᠭᠤᠯᠤᠨ᠂ ᠴᠠᠭᠠᠨ ᠰᠠᠷ᠎ᠠ ᠠᠴᠠ ᠡᠮᠦᠨ᠎ᠡ ᠬᠠᠶᠢᠷ᠎ᠠ ᠬᠠᠯᠠᠮᠵᠢ ᠪᠠ ᠬᠠᠯᠠᠭᠤᠨ ᠲᠤᠯᠠᠭᠠᠨ ᠶᠢ ᠬᠡᠷᠡᠭᠴᠡᠭᠡ ᠲᠠᠢ ᠬᠦᠴᠢᠷᠳᠡᠯᠲᠡᠶ ᠣᠯᠠᠨ ᠲᠦᠮᠡᠨ ᠤ ᠭᠠᠷ ᠲᠤ ᠬᠦᠷᠭᠡᠵᠦ᠂ ᠲᠡᠳᠡᠨ ᠳᠤ ᠨᠠᠮ ᠪᠠ ᠵᠠᠰᠠᠭ ᠤᠨ ᠣᠷᠳᠣᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠨ᠎ᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号