ᠬᠠᠶᠢᠷ᠎ᠠ ᠬᠠᠯᠠᠮᠵᠢ ᠬᠦᠷᠭᠡᠬᠦ᠂ ᠬᠠᠶᠢᠷᠤᠪ ᠤᠨ ᠲᠤᠭᠤᠷᠢᠭ ᠤᠨ ᠬᠤᠲᠠ ᠶᠢᠨ ᠵᠢᠰᠦ ᠭᠤᠶᠣᠯᠠᠭᠴᠢ ᠲᠤ ᠬᠦᠨᠳᠦᠳᠬᠡᠯ ᠲᠡᠪᠰᠢᠭᠦᠯᠪᠡ
ᠨᠡᠶᠢᠲᠡᠯᠡᠭᠰᠡᠨ ᠴᠠᠭ᠄
2020-01-16
     1 ᠰᠠᠷ᠎ᠠ ᠶᠢᠨ 15᠎ ᠤ ᠡᠳᠦᠷ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠠᠶᠢᠷᠤᠪ ᠤᠨ ᠲᠤᠬᠤᠢ ᠲᠤᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠬᠠᠯᠠᠮᠵᠢᠯᠠᠨ ᠲᠣᠬᠤᠨᠢᠭᠤᠯᠵᠤ ᠪᠠᠶᠢᠬᠤ ᠪᠠᠨ ᠢᠯᠡᠤᠡᠭᠡᠬᠦ ᠶᠢᠨ ᠲᠥᠯᠥᠭᠡ᠂ ᠭᠤᠸᠠᠩ ᠨᠠ ᠪᠦᠯᠦᠭᠯᠡᠯ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠳᠤ 1333 ᠨᠣᠣᠰᠣᠨ ᠬᠡᠪᠢᠰ᠂ ᠭᠤᠯᠢᠷ ᠪᠣᠯᠤᠨ ᠢᠳᠡᠰᠢᠨ ᠲᠤᠰᠤ ᠬᠠᠨᠳᠢᠪᠯᠠᠵᠤ᠂ ᠬᠠᠬᠢᠷ ᠬᠦᠢᠳᠡᠨ ᠡᠪᠦᠯ ᠲᠤ ᠲᠡᠳᠡᠨ ᠳᠤ ᠬᠠᠯᠠᠭᠤᠨ ᠳᠤᠯᠠᠭᠠᠨ ᠪᠣᠯᠤᠨ ᠴᠠᠭᠠᠨ ᠰᠠᠷ᠎ᠠ ᠶᠢᠨ ᠵᠥᠩᠨᠡᠯ ᠬᠦᠷᠭᠡᠪᠡ᠃ ᠬᠠᠶᠢᠷᠤᠪ ᠤᠨ ᠲᠤᠬᠤᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃
     ᠲᠣᠬᠤᠨᠢᠭᠤᠯᠤᠯ ᠤᠨ ᠪᠣᠳᠠᠰ ᠢ ᠣᠯᠤᠭᠰᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠮᠠᠰᠢ ᠪᠠᠶᠠᠷᠯᠠᠵᠤ ᠪᠠᠶᠢᠬᠤ ᠪᠠᠨ ᠢᠯᠡᠳᠬᠡᠵᠦ᠂ ᠠᠵᠢᠯ ᠤᠨ ᠪᠠᠶᠢᠷᠢ ᠳᠡᠭᠡᠷ᠎ᠡ ᠵᠢᠯ ᠭᠠᠷᠤᠶ ᠠᠵᠢᠯᠯᠠᠭᠰᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠵᠠᠩ ᠼᠦᠢ ᠯᠢᠩ᠄ ︽ᠪᠢᠳᠡ ᠨᠢᠭᠡ ᠵᠢᠯ ᠠᠵᠢᠯᠯᠠᠯ᠎ᠠ᠂ ᠵᠢᠯ ᠤᠨ ᠡᠴᠦᠰ ᠪᠤᠯᠬᠤ ᠳᠤ ᠨᠡᠶᠢᠭᠡᠮ ᠪᠣᠯᠤᠨ ᠠᠵᠤ ᠠᠬᠤᠶᠢᠯᠠᠯ ᠪᠢᠳᠡᠨ ᠢ ᠮᠠᠷᠲᠠᠭ᠎ᠠ ᠦᠭᠡᠶ᠂ ᠠᠵᠢᠯᠯᠠᠭ᠎ᠠ ᠵᠣᠬᠢᠶᠠᠨ ᠪᠠᠶᠢᠭᠤᠯᠤᠨ ᠮᠠᠨ ᠢ ᠲᠣᠬᠤᠨᠢᠭᠤᠯᠵᠤ ᠪᠠᠶᠢᠨ᠎ᠠ᠂ ᠪᠢ ᠮᠠᠰᠢ ᠪᠠᠶᠠᠷᠯᠠᠵᠤ ᠪᠠᠶᠢᠨ᠎ᠠ᠂ ᠬᠤᠶᠢᠰᠢᠳᠠ ᠪᠢᠳᠡ ᠡᠨᠡ ᠠᠵᠢᠯ ᠢ ᠨᠡᠩ ᠴᠢᠷᠮᠠᠶᠢᠨ ᠰᠠᠶᠢᠲᠤᠷ ᠬᠢᠬᠦ ᠪᠣᠯᠤᠨ᠎ᠠ᠃      ᠥᠪᠥᠷ ᠮᠣᠩᠭᠤᠯ ᠤᠨ ᠭᠤᠸᠠᠩ ᠨᠠ ᠨᠡᠭᠦᠷᠡᠰᠦᠨ ᠤ ᠤᠶᠢᠯᠡᠰ ᠤᠨ ᠪᠦᠯᠦᠭᠯᠡᠯ ᠤᠨ ᠶᠡᠷᠦᠩᠬᠡᠶ ᠳᠠᠭᠠᠭᠠᠮᠠᠯ ᠰᠢᠶᠤᠤ ᠹᠸᠢ᠄ ︽ᠥᠨᠥᠳᠦᠷ ᠪᠢᠳᠡ ᠴᠠᠭᠠᠨ ᠰᠠᠷ᠎ᠠ ᠶᠢᠨ ᠬᠤᠭᠤᠴᠠᠭᠠᠨ ᠳᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠲᠣᠬᠤᠨᠢᠭᠤᠯᠬᠤ ᠠᠵᠢᠯᠯᠠᠭ᠎ᠠ ᠡᠷᠭᠢᠯᠡᠵᠦ᠂ ᠮᠠᠨ ᠤ ᠬᠤᠲᠠ ᠶᠢᠨ ᠵᠢᠰᠦ ᠭᠤᠶᠣᠯᠠᠭᠴᠢ ᠳᠤ ᠬᠠᠶᠢᠷ᠎ᠠ ᠬᠠᠯᠠᠮᠵᠢ ᠬᠦᠷᠭᠡᠵᠤ᠂ ᠬᠠᠯᠠᠭᠤᠨ ᠮᠡᠨᠳᠦ ᠬᠦᠷᠭᠡᠵᠡᠶ᠃ ᠬᠤᠳᠠ ᠶᠢᠨ ᠠᠷᠢᠭᠤᠨ ᠴᠡᠪᠡᠷ ᠢ ᠪᠢᠳᠠ ᠤᠯᠡᠠ ᠢᠶᠠᠷ ᠢᠶᠠᠨ ᠬᠠᠮᠲᠤ ᠪᠠᠷ ᠬᠠᠮᠠᠭᠠᠯᠠᠬᠤ ᠳᠤ ᠲᠦᠰᠢᠭᠯᠡᠨ᠎ᠡ᠂ ᠢᠯᠠᠩᠭᠤᠶ᠎ᠠ ᠮᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠮᠠᠨ ᠤ ᠬᠤᠳᠠ ᠶᠢᠨ ᠪᠦᠳᠦᠭᠡᠠ ᠪᠠᠶᠢᠭᠤᠯᠤᠯᠲᠠ ᠶᠢᠨ ᠶᠠᠪᠤᠴᠠ ᠳᠤ ᠯᠤᠲᠤ ᠶᠡᠭᠡ ᠬᠤᠪᠢ ᠨᠡᠮᠡᠷᠢ ᠦᠵᠡᠭᠦᠯᠪᠡ᠂ ᠲᠡᠳᠠ ᠪᠣᠯ ᠮᠠᠨ ᠤ ᠤᠳᠦ ᠦᠶ᠎ᠡ ᠶᠢᠨ ᠬᠤᠳᠠ ᠶᠢᠨ ᠬᠠᠮᠤᠭ ᠤᠨ ᠬᠥᠭᠡᠷᠦᠬᠦᠨ ᠬᠥᠮᠦᠨ᠂ ᠬᠠᠮᠤᠭ ᠤᠨ ᠭᠤᠶᠤ ᠬᠥᠮᠦᠨ ᠮᠥᠨ᠃ ᠮᠠᠨ ᠤ ᠠᠵᠤ ᠠᠬᠤᠶᠢᠯᠠᠯ ᠬᠥᠭᠵᠢᠬᠦ ᠶᠢᠨ ᠬᠠᠮᠲᠤ ᠨᠡᠶᠢᠭᠡᠮ ᠳᠤ ᠬᠠᠷᠢᠭᠤᠴᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠦᠭᠡ ᠳᠠᠭᠤ ᠦᠭᠡᠢ ᠵᠢᠳᠬᠦᠳᠡᠭ ᠣᠷᠴᠢᠨ ᠲᠣᠭᠤᠷᠢᠨ ᠤ ᠠᠷᠢᠭᠤᠨ ᠴᠡᠪᠡᠷ ‍ᠤᠨ‌ᠠᠵᠢᠯᠴᠢᠨ ᠳᠤ ᠬᠦᠨᠳᠦᠳᠬᠡᠯ ᠳᠡᠪᠰᠢᠭᠦᠯᠬᠦ ᠪᠣᠯ ᠲᠡᠳᠡᠨ ᠪᠢᠳᠡᠨ ᠤ ᠠᠮᠢᠳᠤᠷᠠᠯ ᠪᠠ ᠬᠤᠲᠠ ᠶᠢᠨ ᠣᠷᠴᠢᠨ ᠲᠣᠭᠤᠷᠢᠨ ᠳᠤ ᠠᠷᠢᠭᠤᠨ ᠴᠡᠪᠡᠷ  ᠢ  ᠠᠪᠴᠢᠷᠠᠵᠠᠶ᠃︾      ︽ᠬᠤᠲᠠ ᠶᠢᠨ ᠵᠢᠰᠦ ᠭᠤᠶᠣᠯᠠᠭᠴᠢ︾ ᠪᠣᠯᠤᠭᠰᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠬᠠᠶᠢᠷᠤᠪ ᠤᠨ ᠲᠤᠭᠤᠷᠢᠭ ᠤᠨ ᠡᠯ᠎ᠡ ᠪᠤᠯᠤᠩ ᠳᠤ ᠶᠠᠭᠠᠷᠠᠯᠳᠤᠵᠤ᠂ ᠲᠡᠳᠡ ᠠᠵᠢᠯ ᠤᠶᠢᠯᠡᠰ ᠢᠶᠠᠨ ᠳᠡᠭᠡᠳᠦᠯᠡᠵᠦ᠂ ᠶᠡᠷᠦ ᠨᠢ ᠶᠠᠳᠠᠷᠠᠯ ᠵᠦᠳᠡᠷᠡᠯ ᠢᠶᠠᠨ ᠬᠡᠯᠡᠬᠦ ᠦᠭᠡᠶ᠂ ᠲᠡᠳᠡᠨ ᠤ ᠬᠠᠷᠠᠮ ᠦᠭᠡᠶ ᠵᠣᠷᠢᠭᠤᠯᠵᠤ᠂ ᠨᠢᠭᠡ ᠬᠥᠮᠦᠨ ᠤ ᠵᠣᠪᠠᠭᠤᠷᠢ ᠵᠦᠳᠡᠭᠦᠷᠢ ᠪᠠᠷ ᠬᠤᠲᠠ ᠶᠢᠨ ᠠᠷᠢᠭᠤᠨ ᠴᠡᠪᠡᠷ ᠢ ᠰᠣᠯᠢᠵᠤ ᠠᠪᠴᠢᠷᠠᠵᠠᠶ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠬᠥᠳᠡᠯᠮᠦᠷᠢ ᠶᠢᠨ ᠦᠷ᠎ᠡ ᠪᠦᠲᠦᠭᠡᠯ ᠢ ᠨᠠᠨᠳᠢᠩᠨᠠᠨ ᠬᠠᠮᠠᠭᠠᠯᠠᠬᠤ ᠪᠣᠯ ᠬᠤᠲᠠ ᠶᠢᠨ ᠠᠷᠠᠳ ᠨᠢᠭᠡᠪᠦᠷᠢ ᠶᠢᠨ ᠭᠦᠢᠴᠡᠳᠬᠡᠪᠡᠰᠦ ᠵᠤᠬᠢᠬᠤ ᠡᠭᠦᠷᠭᠡ ᠪᠣᠯᠤᠨ᠎ᠠ᠂ ᠪᠢᠳᠡ ᠬᠠᠮᠲᠤᠪᠠᠷ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠢ ᠬᠠᠯᠠᠮᠵᠢᠯᠠᠬᠤ ᠡᠩᠨᠡᠭᠡᠨ ᠳᠤ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠲᠠ ᠪᠠᠨ ᠳᠤᠯᠠᠭᠠᠴᠠᠭᠤᠯᠵᠤ᠂ ᠲᠩᠷᠢ ᠨᠢ ᠴᠡᠯᠮᠡᠭ᠂ ᠤᠰᠤ ᠨᠢ ᠲᠤᠩᠭᠠᠯᠠᠭ᠂ ᠡᠪᠡᠰᠦ ᠨᠢ ᠨᠣᠭᠤᠭᠠᠨ ᠶᠡᠭᠡ ᠭᠤᠶᠤ ᠬᠠᠶᠢᠷᠤᠪ ᠤᠨ ᠲᠤᠬᠤᠢ ᠲᠤᠭᠤᠷᠢᠭ ᠢ ᠬᠠᠮᠲᠤ ᠎ ᠪᠠᠷ  ᠪᠦᠲᠦᠭᠡᠨ ᠪᠠᠶᠢᠭᠤᠯᠤᠶ᠎ᠠ︕
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号