ᠬᠠᠶᠢᠷᠤᠪ ᠤᠨ ᠲᠣᠬᠤᠢ ᠲᠣᠭᠤᠷᠢᠭ ᠴᠠᠭᠠᠨ ᠰᠠᠷ᠎ᠠ ᠶᠢᠨ ᠤᠶᠠᠩᠭ᠎ᠠ ᠪᠢᠴᠢᠵᠦ ᠴᠠᠭᠠᠨ ᠰᠠᠷ᠎ᠠ ᠶᠢ ᠤᠭᠲᠤᠨ᠎ᠠ
ᠨᠡᠶᠢᠲᠡᠯᠡᠭᠰᠡᠨ ᠴᠠᠭ᠄
2020-01-17
     1ᠰᠠᠷ᠎ᠠ ᠶᠢᠨ 15᠎ ᠤ ᠦᠳᠡ ᠶᠢᠨ ᠡᠮᠦᠨ᠎ᠡ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ᠂ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠭᠤᠣᠯᠯᠠᠨ ᠡᠷᠬᠢᠯᠡᠵᠤ᠂ ᠬᠠᠶᠢᠷᠤᠪ ᠤᠨ ᠲᠤᠬᠤᠢ ᠲᠣᠭᠤᠷᠢᠭ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ︽ᠮᠠᠨ ᠤ ᠳᠤᠮᠳᠠᠳᠤ ᠶᠢᠨ ᠵᠡᠭᠦᠳᠦ︾ — ᠰᠣᠶᠣᠯ ᠢ ᠬᠠᠶᠢᠷᠤᠪ ᠤᠨ ᠲᠤᠬᠤᠢ ᠲᠣᠭᠤᠷᠢᠭ ᠲᠤ ᠬᠦᠷᠭᠡᠬᠦ 2020 ᠣᠨ ᠤ ︽ᠢᠲᠡᠭᠡᠯ ᠪᠢᠰᠢᠷᠡᠯ ᠢᠶᠠᠨ ᠪᠠᠲᠤᠳᠬᠠᠵᠤ ᠨᠠᠮ ᠢᠶᠠᠨ ᠲᠠᠭᠠᠵᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠵᠦ ᠴᠢᠨᠡᠭᠡᠯᠢᠭ ᠨᠡᠶᠢᠭᠡᠮ ᠳᠤ ᠣᠷᠣᠬᠤ︾ ᠵᠢᠷᠭᠤᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠴᠠᠭᠠᠨ ᠰᠠᠷ᠎ᠠ ᠶᠢᠨ ᠬᠤᠯᠪᠣᠭ᠎ᠠ ᠶᠢᠨ ᠦᠵᠡᠭᠦᠯᠦᠯᠭᠡ ᠶᠢᠨ ᠠᠵᠢᠯᠯᠠᠭ᠎ᠠ ᠡᠬᠢᠯᠡᠪᠡ᠃
     ᠠᠵᠢᠯᠯᠠᠭᠠᠨ ᠤ ᠠᠬᠤᠶ ᠲᠠᠯᠠᠪᠠᠶ ᠳᠤ᠂ ᠪᠡᠭᠡ ᠶᠢᠨ ᠦᠨᠦᠷ ᠰᠡᠩᠭᠢᠨᠡᠵᠦ᠂ ᠭᠠᠵᠠᠷ ᠪᠣᠯᠭᠠᠨ ᠳᠤ ᠬᠠᠪᠤᠷ ᠤᠨ ᠬᠠᠯᠠᠭᠤᠨ ᠳᠤᠯᠠᠭᠠᠨ᠂ ᠵᠢᠯ ᠤᠨ ᠥᠯᠵᠡᠶ ᠪᠡᠯᠭᠡ ᠪᠠᠷ ᠪᠢᠯᠬᠠᠵᠤ᠂ ᠤᠷᠠᠨ ᠪᠢᠴᠢᠯᠭᠡᠲᠡᠳ ᠪᠢᠷ ᠡᠷᠭᠢᠭᠦᠯᠦᠨ ᠪᠡᠭᠡ ᠰᠠᠴᠤᠵᠤ᠂ ᠪᠢᠷ ᠡᠷᠭᠢᠭᠦᠯᠦᠨ᠂ ᠤᠷᠠᠨ ᠪᠢᠴᠢᠯᠭᠡ ᠶᠢᠨ ᠨᠠᠷᠢᠯᠢᠭ ᠤᠷᠠᠯᠢᠭ ᠪᠠᠶᠢᠨ ᠪᠠᠶᠢᠨ ᠮᠠᠭᠲᠠᠨ ᠰᠠᠶᠢᠰᠢᠶᠠᠨ᠎ᠠ᠃ ᠲᠡᠳᠡ ᠰᠡᠳᠬᠢᠯ ᠤᠨ ᠤᠭ ᠢᠶᠠᠨ ᠰᠠᠶᠢᠨ ᠰᠠᠶᠢᠬᠠᠨ ᠵᠥᠩᠨᠡᠯ ᠵᠥᠩᠨᠡᠯ ᠢᠶᠠᠨ ᠦᠯᠵᠡᠢ ᠪᠡᠯᠭᠡ ᠲᠠᠢ ᠤᠷᠠᠨ ᠪᠢᠴᠢᠯᠭᠡ ᠵᠢᠨ‌ᠵᠣᠬᠢᠶᠠᠯ ᠪᠣᠯᠭᠠᠨ ᠬᠤᠪᠢᠷᠠᠭᠤᠯᠵᠤ᠂ ᠠᠮᠤᠷ ᠠᠮᠤᠭᠤᠯᠠᠩ ᠡᠶ᠎ᠡ ᠵᠣᠬᠢᠴᠠᠩᠭᠤᠢ᠂ ᠥᠯᠵᠡᠢ ᠪᠡᠯᠭᠡ ᠲᠠᠢ ᠴᠠᠭᠠᠨ ᠰᠠᠷ ᠎ᠠ ᠶᠢᠨ ᠤᠶᠠᠩᠭ᠎ᠠ ᠶᠢ ᠰᠠᠭᠤᠭᠠᠯᠢ ᠠᠷᠠᠳ ᠤᠨ ᠭᠠᠷ ᠲᠤ ᠬᠦᠷᠭᠡᠵᠦ᠂ ᠰᠢᠨ᠎ᠡ ᠵᠢᠯ ᠤᠨ ᠰᠠᠶᠢᠨ ᠰᠠᠶᠢᠬᠠᠨ ᠵᠥᠩᠨᠡᠯ ᠢ ᠤᠯᠠᠨ ᠲᠦᠮᠡᠨ ᠤ ᠰᠡᠳᠬᠢᠯ ᠳᠤ ᠬᠦᠷᠭᠡᠵᠡᠢ᠃      ᠰᠠᠭᠤᠭᠠᠯᠢ ᠠᠷᠠᠳ ᠨᠡᠩ ᠴᠤ ᠤᠷᠮ᠎ᠠ ᠵᠣᠷᠢᠭ ᠪᠠᠳᠠᠷᠠᠩᠭᠤᠶ᠂ ᠤᠷᠮ᠎ᠠ ᠵᠣᠷᠢᠭ ᠪᠠᠳᠠᠷᠠᠵᠤ ᠪᠠᠶᠢᠨ᠎ᠠ᠃ ᠲᠡᠳᠡ ᠨᠢᠭᠡ ᠲᠠᠯ᠎ᠠ ᠪᠠᠷ ᠤᠷᠠᠨ ᠪᠢᠴᠢᠯᠭᠡᠲᠡᠨ ᠤ ᠤᠷ᠎ᠠ ᠮᠡᠷᠭᠡᠵᠢᠯ ᠢ ᠮᠠᠭᠲᠠᠨ ᠰᠠᠶᠢᠰᠢᠶᠠᠵᠤ᠂ ᠨᠥᠭᠦᠭᠡ ᠲᠠᠯ ᠎ᠠ ᠪᠠᠷ ᠳᠡᠰ ᠳᠠᠷᠠᠭ᠎ᠠ ᠲᠠᠢ ᠮᠥᠷᠯᠡᠨ ᠴᠠᠭᠠᠨ ᠰᠠᠷ᠎ᠠ ᠶᠢᠨ ᠤᠶᠠᠩᠭ᠎ᠠ ᠠᠪᠴᠤ᠂ ᠠᠮᠤᠷ ᠠᠮᠤᠭᠤᠯᠠᠩ ᠡᠶ᠎ᠡ ᠵᠤᠬᠢᠴᠠᠩᠭᠤᠢ᠂ ᠥᠯᠵᠡᠶ ᠪᠡᠯᠭᠡ ᠲᠠᠢ ᠴᠠᠭᠠᠨ ᠰᠠᠷ᠎ᠠ ᠶᠢᠨ ᠤᠶᠠᠩᠭ᠎ᠠ ᠶᠢ ᠭᠡᠷ ᠲᠡᠭᠡᠨ ᠠᠪᠴᠤ ᠬᠠᠷᠢᠵᠠᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号