ᠬᠠᠶᠢᠷᠤᠪ ᠤᠨ ᠲᠣᠬᠤᠶ ᠲᠣᠭᠤᠷᠢᠭ ᠤᠨ ᠴᠠᠭᠠᠨ ᠰᠠᠷ᠎ᠠ ᠶᠢᠨ ᠤᠶᠠᠩᠭ᠎ᠠ ᠬᠦᠷᠭᠡᠬᠦ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2020-01-17
     1 ᠰᠠᠷ᠎ᠠ ᠶᠢᠨ 16᠎ ᠤ ᠡᠳᠦᠷ ᠬᠠᠶᠢᠷᠤᠪ ᠤᠨ ᠲᠣᠬᠤᠶ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠬᠠᠶᠢᠷᠤᠪ ᠤᠨ ᠲᠣᠬᠤᠶ ᠲᠣᠭᠤᠷᠢᠭ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ ᠡᠷᠬᠢᠯᠡᠵᠤ᠂  ᠬᠠᠶᠢᠷᠤᠪ ᠤᠨ ᠲᠣᠬᠤᠶ ᠲᠣᠭᠤᠷᠢᠭ ᠤᠨ ᠴᠠᠭᠠᠨ ᠰᠠᠷ᠎ᠠ ᠶᠢᠨ ᠤᠶᠠᠩᠭ᠎ᠠ ᠬᠦᠷᠭᠡᠬᠦ ᠠᠵᠢᠯᠯᠠᠭ᠎ᠠ ᠶᠢ ᠡᠷᠬᠢᠯᠡᠨ ᠶᠠᠪᠤᠭᠤᠯᠤᠨ᠎ᠠ᠃ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠶᠢ ᠡᠷᠬᠢᠯᠡᠵᠤ᠂ ᠲᠤᠰ ᠤᠳᠠᠭ᠎ᠠ ᠶᠢᠨ ᠠᠵᠢᠯᠯᠠᠭ᠎ᠠ ᠨᠢ ᠬᠠᠶᠢᠷᠤᠪ ᠤᠨ ᠲᠤᠬᠤᠢ ᠲᠣᠭᠤᠷᠢᠭ ᠤᠨ ᠤᠯᠠᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠤᠷᠠᠨ ᠪᠢᠴᠢᠯᠭᠡ ᠶᠢᠨ ᠤᠷᠠᠯᠢᠭᠴᠢᠨ ᠢ ᠤᠷᠢᠵᠤ ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠵᠦ ᠦᠰᠦᠭ ᠵᠢᠷᠤᠭ ᠬᠦᠷᠭᠡᠬᠦ ᠬᠡᠯᠪᠡᠷᠢ ᠪᠠᠷ ᠥᠷᠭᠡᠨ ᠤᠯᠠᠨ‌ᠠᠵᠢᠯᠴᠢᠨ ᠳᠤ ᠰᠢᠨ᠎ᠡ ᠵᠢᠯ ᠤᠨ ᠵᠥᠩᠨᠡᠯ ᠳᠡᠪᠰᠢᠭᠦᠯᠵᠡᠢ᠃
    ᠠᠵᠢᠯᠯᠠᠭ᠎ᠠ ᠶᠢᠨ ᠠᠬᠤᠶ ᠲᠠᠯᠠᠪᠠᠶ ᠶᠢᠨ ᠤᠷᠠᠨ ᠪᠢᠴᠢᠯᠭᠡᠲᠡᠨ ᠪᠢᠷ ᠡᠷᠭᠢᠭᠦᠯᠦᠨ᠂ ᠥᠯᠵᠡᠶ ᠪᠡᠯᠭᠡ ᠲᠠᠢ ᠴᠠᠭᠠᠨ ᠰᠠᠷ ᠎ᠠ ᠶᠢᠨ ᠤᠶᠠᠩᠭ᠎ᠠ ᠪᠢᠴᠢᠵᠦ᠂ ᠣᠯᠠᠨ ᠤ ᠪᠠᠭ᠋ᠠᠷᠬᠠᠯ ᠢ ᠲᠠᠲᠠᠪᠠ᠃     ᠥᠯᠵᠡᠢ ᠪᠡᠯᠭᠡ ᠲᠠᠢ ᠬᠤᠣᠰ ᠤᠶᠠᠩᠭ᠎ᠠ ᠨᠢ ᠴᠠᠭᠠᠨ ᠰᠠᠷ᠎ᠠ ᠶᠢᠨ ᠦᠨᠦᠷ ᠬᠠᠩᠬᠤᠯᠵᠤ᠂ ᠴᠠᠭᠠᠨ ᠰᠠᠷ᠎ᠠ ᠶᠢᠨ ᠤᠶᠠᠩᠭ᠎ᠠ ᠢ ᠠᠪᠬᠤ ᠶᠢᠨ ᠬᠠᠮᠲᠤ᠂ ᠤᠷᠠᠨ ᠪᠢᠴᠢᠯᠭᠡ ᠶᠢᠨ ᠷᠢᠳᠢ ᠰᠢᠳᠢ ᠶᠢ ᠣᠶᠢᠯᠠᠭᠠᠪᠠ᠃
   
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号