ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠨᠢ ᠠᠷᠠᠳ ᠲᠤ ᠠᠰᠢᠭ ᠬᠦᠷᠲᠡᠭᠡᠵᠦ ᠵᠣᠯ ᠵᠢᠷᠭᠠᠯ ᠳᠤ ︽ᠨᠡᠮᠡᠯᠲᠡ ᠬᠤᠭᠤᠯᠠ︾ ᠬᠠᠩᠭᠠᠪᠠ
ᠨᠡᠶᠢᠲᠡᠯᠡᠭᠰᠡᠨ ᠴᠠᠭ᠄
2020-01-02
      ᠤᠶᠢᠷ᠎ᠠ ᠶᠢᠨ ᠡᠳᠦᠷ᠂ ᠴᠡᠭᠡᠯ ᠠᠭᠤᠯᠠ ᠪᠠᠯᠭᠠᠰᠤᠨ ᠤ ᠨᠠᠮ ᠣᠯᠠᠨ ᠲᠦᠮᠡᠨ ᠤ ᠬᠥᠳᠡᠯᠭᠡᠭᠡᠨ ᠤ ᠲᠥᠪ ᠲᠤ᠂ ᠭᠤᠶᠢᠲᠠ ᠰᠠᠶᠢᠬᠠᠨ ᠬᠤᠶᠠᠷ ᠬᠥᠮᠦᠨ ᠤ ᠲᠠᠶᠢᠰᠠ ᠵᠠᠯᠭᠠᠭ᠎ᠠ ᠪᠠᠷ ᠲᠣᠭᠯᠠᠯᠲᠠ ᠭᠠᠷᠭᠠᠵᠤ᠂ ᠦᠵᠡᠭᠴᠢᠳ ᠨᠠᠷᠢᠨ ᠬᠢᠨᠠᠮᠠᠭᠠᠶ ᠰᠣᠨᠢᠷᠬᠠᠬᠤ ᠤ ᠲᠠᠭᠤ ᠳᠠᠭᠠᠨ ᠠᠯᠠᠭ᠎ᠠ ᠲᠠᠰᠢᠨ ᠢᠨᠢᠶᠡᠯᠳᠦᠪᠡ᠃ ᠵᠢᠯ ᠤᠨ ᠡᠴᠦᠰ ᠪᠣᠯᠬᠤ ᠳᠤ᠂ ᠬᠠᠶᠢᠷᠤᠪ ᠤᠨ ᠲᠣᠬᠤᠢ ᠲᠣᠭᠤᠷᠢᠭ ᠤᠨ 2019 ᠤᠨ ᠤ ᠬᠠᠮᠤᠭ ᠰᠡᠭᠦᠯᠴᠢ ᠤᠨ ᠴᠠᠭ ᠢ ᠠᠰᠢᠭᠯᠠᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠦᠨᠡᠨᠬᠦ ᠠᠰᠢᠭ ᠬᠦᠷᠲᠡᠭᠡᠪᠡ᠃       ᠰᠤᠷᠲᠠᠯ ᠤᠬᠠᠭᠤᠯᠭ᠎ᠠ ᠰᠣᠶᠣᠯ ᠤᠨ ᠲᠥᠪ ᠭᠦᠸᠧ ᠴᠢᠶᠦ᠋ᠩ ᠡᠷᠬᠢᠯᠡᠭᠴᠢ᠄ ︽ᠡᠨᠡ ᠵᠢᠯ ᠪᠢᠳᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠬᠡᠪᠴᠢᠶ᠎ᠡ ᠪᠠᠨ ᠠᠯᠬᠤᠮ ᠠᠯᠬᠤᠮ ᠢᠶᠠᠷ ᠲᠠᠷᠢᠶᠠᠯᠠᠬᠤ ᠣᠷᠣᠨ ᠵᠦᠭ ᠥᠷᠭᠡᠳᠬᠡᠵᠦ᠂ ᠡᠩ ᠤᠨ ᠦᠶ᠎ᠡ ᠳᠤ ᠬᠥᠮᠥᠨ ᠲᠣᠮᠢᠯᠠᠨ ᠲᠠᠷᠢᠶᠠᠯᠠᠬᠤ ᠣᠷᠣᠨ ᠤ ᠤᠳᠬ᠎ᠠ ᠤᠷᠠᠯᠢᠭ ᠤᠨ ᠨᠡᠶᠢᠭᠡᠮᠯᠢᠭ ᠲᠤ ᠪᠣᠯᠪᠠᠰᠤᠷᠠᠯ ᠬᠦᠷᠲᠡᠭᠡᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠪᠢᠳᠡ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠪᠣᠯᠤᠨ ᠰᠠᠶᠢᠨ ᠳᠤᠷ᠎ᠠ ᠶᠢᠨ ᠠᠵᠢᠯᠯᠠᠭᠴᠢᠳ ᠢᠶᠠᠨ ᠳᠠᠭᠠᠭᠤᠯᠤᠨ ᠲᠠᠷᠢᠶᠠᠯᠠᠬᠤ ᠣᠷᠣᠨ ᠳᠤ ᠬᠦᠷᠴᠦ ᠤᠷᠠᠨ ᠰᠠᠶᠢᠬᠠᠨ ᠤ ᠲᠣᠭᠯᠠᠯᠲᠠ ᠭᠠᠷᠭᠠᠬᠤ ᠠᠵᠢᠯᠯᠠᠭ᠎ᠠ ᠥᠷᠨᠢᠭᠦᠯᠦᠨ᠎ᠡ᠃ ᠥᠨᠥᠳᠥᠷ ᠪᠢᠳᠡ ᠠᠳᠡ ︿ᠰᠢ ᠲᠠᠭᠤᠤᠷᠢᠯᠢᠬ ᠢ ᠬᠥᠳᠡᠭᠡ ᠲᠣᠰᠬᠤᠨ ᠳᠤ ᠣᠷᠣᠭᠤᠯᠬᠤ﹀ ᠤᠷᠠᠨ ᠰᠠᠶᠢᠬᠠᠨ ᠤ ᠲᠣᠭᠤᠷᠢᠨ ᠲᠣᠭᠯᠠᠯᠲᠠ ᠡᠷᠬᠢᠯᠡᠵᠦ ᠪᠠᠶᠢᠭ᠎ᠠ ᠨᠢ ᠳᠠᠷᠤᠶ ᠬᠠᠮᠤᠭ ᠤᠨ ᠰᠠᠶᠢᠨ ᠰᠠᠶᠢᠬᠠᠨ ᠤᠷᠠᠯᠢᠭ ᠤᠨ ᠰᠣᠳᠣᠨ ᠪᠦᠲᠦᠭᠡᠯ ᠢ ᠮᠠᠨ ᠤ ᠬᠠᠮᠤᠭ ᠤᠨ ᠦᠨᠳᠦᠰᠦᠨ ᠱᠠᠲᠤᠨ ᠤ ᠠᠷᠠᠳ ᠣᠯᠠᠨ ᠤ ᠳᠡᠷᠭᠡᠳᠡ ᠠᠪᠴᠢᠷᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠭ᠎ᠠ ᠶᠤᠮ᠃ ᠰᠢᠨ᠎ᠡ ᠨᠢᠭᠡ ᠵᠢᠯ ᠳᠤ᠂ ᠪᠢᠳᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠦᠷᠭᠦᠯᠵᠢᠯᠡᠨ ᠬᠥᠳᠡᠭᠡ ᠲᠣᠰᠬᠤᠨ᠂ ᠰᠠᠭᠤᠭᠠᠯᠢ ᠠᠷᠠᠳ ᠤᠨ ᠬᠠᠵᠠᠭᠤ ᠳᠤ ᠬᠦᠷᠭᠡᠵᠦ᠂ ᠰᠣᠶᠣᠯ ᠤᠨ ᠣᠯᠠᠨ ᠲᠦᠮᠡᠨ ᠳᠤ ᠤᠶᠢᠯᠡᠴᠢᠯᠡᠬᠦ ︿ᠡᠴᠦᠰ ᠤᠨ ᠨᠢᠭᠡ ᠺᠢᠯᠣᠮᠧᠲᠷ﹀᠎ ᠢ ᠨᠡᠪᠲᠡᠷᠡᠭᠦᠯᠦᠨ᠎ᠡ᠃      ᠡᠨᠡ ᠵᠢᠯ ᠤᠨ ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠭᠰᠡᠨ ᠦᠷ᠎ᠡ ᠪᠦᠲᠦᠭᠡᠯ ᠡᠯᠪᠡᠭ᠄ ᠣᠯᠠᠨ ᠲᠦᠮᠡᠨ ᠳᠤ ᠤᠶᠢᠯᠡᠴᠢᠯᠡᠬᠦ ᠶᠢ ᠶᠡᠷᠦ ᠠᠴᠠ ᠰᠤᠯᠠᠷᠠᠯᠠᠭᠤᠯᠬᠤ ᠦᠭᠡᠢ︕ ᠣᠯᠠᠨ ᠴᠢᠳᠠᠮᠵᠢᠲᠤ ᠬᠥᠳᠡᠯᠭᠡᠭᠡᠨ ᠤ ᠥᠷᠥᠭᠡ 1500 ᠲᠡᠭᠰᠢ ᠳᠥᠷᠪᠡᠯᠵᠢᠨ ᠮᠧᠲᠷ ᠪᠠᠶᠢᠵᠤ᠂ ᠡᠳᠦᠷ ᠪᠦᠷᠢ 15 ᠴᠠᠭ ᠤᠨ ᠰᠢᠢᠤᠡᠭᠡᠯ ᠬᠤᠷᠢᠶᠠᠬᠤ ᠦᠭᠡᠢ ᠪᠠᠷ ᠨᠡᠭᠡᠭᠡᠬᠦ ᠶᠢ ᠪᠦᠷᠢᠮᠦᠰᠦᠨ ᠪᠡᠶᠡᠯᠡᠭᠦᠯᠪᠡ᠃ ᠡᠯ᠎ᠡ ᠲᠥᠷᠥᠯ ᠤᠨ ᠲᠣᠭᠯᠠᠯᠲᠠ ᠨᠢ ᠥᠷᠭᠡᠨ ᠳᠡᠯᠭᠡᠷ ᠰᠠᠶᠢᠨ ᠦᠨᠡᠯᠡᠯᠲᠡ ᠣᠯᠵᠠᠶ᠃ ᠬᠥᠳᠡᠭᠡ ᠲᠣᠰᠬᠤᠨ ᠤ ᠰᠣᠶᠣᠯ ᠤᠨ ︽ᠲᠣᠮᠣ ᠲᠠᠪᠴᠠᠩ︾᠎ ᠢ 19 ᠲᠠᠯᠠᠪᠠᠢ ᠡᠷᠬᠢᠯᠡᠵᠦ᠂ ᠪᠠᠶᠠᠷ ᠤᠨ ᠡᠳᠦᠷ ᠤᠨ ᠰᠣᠶᠣᠯ ᠤᠨ ︽ᠲᠣᠮᠣ ᠲᠠᠪᠴᠠᠩ︾ 47 ᠲᠠᠯᠠᠪᠠᠢ ᠡᠷᠬᠢᠯᠡᠪᠡ︔ ᠬᠤᠷᠢᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠰᠣᠶᠣᠯ ᠤᠷᠠᠯᠢᠭ ᠤᠨ ᠨᠠᠶᠢᠷ᠂ ᠳᠣᠯᠣᠳᠤᠭᠠᠷ ᠬᠤᠭᠤᠴᠠᠭᠠᠨ ᠤ ᠬᠠᠶᠢᠷᠤᠪ ᠤᠨ ᠲᠣᠬᠤᠢ ᠶᠢᠨ ᠤᠯᠠᠮᠵᠢᠯᠠᠯᠲᠤ ᠰᠣᠶᠣᠯ ᠤᠨ ᠨᠠᠶᠢᠷ᠂ ᠲᠠᠪᠤᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠷᠤᠯᠳᠤᠭᠠᠨ ᠵᠡᠷᠭᠡ ᠲᠣᠭᠯᠠᠯᠲᠠ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠬᠤᠲᠠ ᠶᠢᠨ ᠠᠷᠠᠳ ᠤᠨ ᠤᠳᠬ᠎ᠠ ᠤᠷᠠᠯᠢᠭ ᠤᠨ ᠰᠤᠷᠭᠠᠭᠤᠯᠢ ᠪᠠᠶᠠᠷᠯᠠᠨ ᠤᠭᠲᠤᠵᠤ ᠪᠠᠶᠢᠨ᠎ᠠ︕ 19 ᠤᠨ ᠤ ᠵᠢᠯ ᠤᠨ ᠰᠤᠷᠤᠯᠭ᠎ᠠ ᠶᠢᠨ ᠵᠢᠯ ᠳᠤ ᠨᠡᠶᠢᠲᠡ 17 ᠲᠤᠰᠬᠠᠶ ᠮᠡᠷᠭᠡᠵᠢᠯ 50 ᠠᠩᠭᠢ ᠶᠢ ᠪᠠᠶᠢᠭᠤᠯᠵᠤ᠂ ᠳᠠᠭᠤᠯᠠᠬᠤᠶ᠂ ᠬᠥᠭᠵᠢᠮᠳᠡᠭᠦᠷ᠂ ᠪᠥᠵᠢᠭ᠂ ᠵᠢᠷᠤᠬᠠᠶ᠂ ᠤᠷᠠᠨ ᠵᠢᠷᠤᠭ᠂ ᠭᠡᠷᠡᠯ ᠵᠢᠷᠤᠭ ᠵᠡᠷᠭᠡ ᠤᠷᠠᠯᠢᠭ ᠤᠨ ᠠᠩᠭᠢ ᠶᠢ ᠬᠠᠮᠤᠷᠴᠤ᠂ 1600 ᠰᠤᠷᠤᠭᠴᠢ ᠡᠯᠰᠡᠵᠡᠶ᠃ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠢ ᠪᠣᠯᠪᠠᠰᠤᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠨᠡᠶᠢᠭᠡᠮ ᠤᠨ ᠪᠦᠯᠬᠦᠮ︕ 5 ᠡᠳᠦᠷ ᠤᠨ ᠬᠤᠭᠤᠴᠠᠭ᠎ᠠ ᠲᠠᠢ ︽ᠬᠠᠶᠢᠷᠤᠪ ᠤᠨ ᠲᠤᠬᠤᠢ ᠲᠤᠭᠤᠷᠢᠭ ᠤᠨ 2019 ᠤᠨ ᠤ ᠨᠡᠶᠢᠭᠡᠮ ᠲᠣᠭᠤᠷᠢᠭ ᠤᠨ ᠤᠷᠠᠯᠢᠭ ᠤᠨ ᠪᠦᠯᠬᠦᠮ ᠤᠨ ᠤᠳᠬ᠎ᠠ ᠤᠷᠠᠯᠢᠭ ᠤᠨ ᠭᠤᠤᠯᠯᠠᠭᠴᠢ‌‍ᠬᠦ᠋ᠴᠦᠨ ᠤ ᠪᠣᠯᠪᠠᠰᠤᠷᠠᠯ︾᠎ ᠢ ᠡᠷᠬᠢᠯᠡᠵᠦ᠂ ᠬᠠᠶᠢᠷᠤᠪ ᠎ ᠤᠨ ᠲᠤᠬᠤᠢ ᠲᠤᠭᠤᠷᠢᠭ ᠤᠨ 6 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠢᠷᠡᠭᠰᠡᠨ 40 ᠭᠠᠷᠤᠶ ᠨᠡᠶᠢᠭᠡᠮ ᠤᠨ ᠪᠦᠯᠬᠦᠮ ᠤᠨ ᠪᠥᠵᠢᠭ ᠤᠨ ᠰᠣᠨᠢᠷᠬᠠᠭᠴᠢᠳ ᠪᠣᠯᠪᠠᠰᠤᠷᠠᠯ ᠳᠤ ᠣᠷᠣᠯᠴᠠᠪᠠ᠃ ᠥᠷᠭᠡᠨ ᠢᠶᠠᠷ ᠰᠠᠶᠢᠰᠢᠶᠠᠭᠳᠠᠵᠤ ᠣᠯᠤᠯᠲᠠ ᠳᠦᠭᠦᠷᠡᠩ︕ 2019 ᠤᠨ ᠤ 11 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠠᠴᠠ 2017 — 2018ᠤᠨ  ᠤ ᠥᠪᠡᠷᠲᠡᠭᠡᠨ ᠵᠠᠰᠠᠬᠤ ᠣᠷᠣᠨ ᠤ ︽ᠠᠷᠪᠠᠨ ᠰᠢᠯᠢᠳᠡᠭ ᠰᠣᠶᠣᠯ ᠤᠨ ᠣᠷᠳᠣᠨ︾᠎ ᠢᠶᠠᠷ ᠦᠨᠡᠯᠡᠭᠳᠡᠵᠦ᠂ 2019ᠤᠨ ᠤ 3 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ︽ᠭᠤᠷᠪᠠ ᠨᠠᠢᠮᠠ ᠶᠢᠨ ᠤᠯᠠᠭᠠᠨ ᠲᠤᠭ ᠬᠠᠮᠲᠤ ᠨᠡᠶᠢᠲᠡ︾᠎ ᠪᠠᠷ ᠦᠨᠡᠯᠡᠭᠳᠡᠵᠦ᠂ 2019 ᠣᠨ ᠳᠤ ᠨᠠᠷᠠᠨ ᠤ ᠨᠠᠶᠢᠷᠠᠯ ᠳᠠᠭᠤᠤ ᠶᠢᠨ ᠪᠦᠯᠬᠦᠮ ᠢ ᠬᠠᠪᠰᠤᠷᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ︽ᠪᠢ ᠪᠣᠯᠤᠨ ᠮᠢᠨᠦ ᠡᠬᠡ ᠤᠯᠤᠰ︾᠎ ᠤᠨ ᠥᠪᠡᠷᠲᠡᠭᠡᠨ ᠵᠠᠰᠠᠬᠤ ᠣᠷᠣᠨ ᠤ ᠨᠠᠶᠢᠷᠠᠯ ᠳᠠᠭᠤᠤ ᠶᠢᠨ ᠤᠷᠠᠯᠢᠭ ᠤᠨ ᠨᠠᠶᠢᠷ ᠲᠤ ᠢᠷᠠᠭᠤ ᠠᠯᠳᠠᠷᠲᠠᠶ ᠪᠠᠷ ᠰᠢᠯᠢᠳᠡᠭ ᠱᠠᠩᠨᠠᠯ ᠬᠦᠷᠲᠡᠪᠡ︔ ︽ᠪᠢ ᠴᠢᠮ᠎ᠠ ᠲᠠᠭᠠᠨ ᠬᠠᠶᠢᠷᠠᠲᠠᠢ ᠳᠤᠮᠳᠠᠳᠤ ᠤᠯᠤᠰ︾ 2019 ᠤᠨ ᠤ ᠦᠬᠠᠶ ᠬᠤᠲᠠ ᠶᠢᠨ ᠣᠯᠠᠨ ᠲᠦᠮᠡᠨ ᠤ ᠨᠠᠶᠢᠷᠠᠯ ᠳᠠᠭᠤᠤ ᠳᠡᠯᠭᠡᠨ ᠲᠣᠭᠯᠠᠯᠲᠠ ᠵᠢᠴᠢ ᠪᠦᠬᠦ ᠬᠤᠲᠠ ᠶᠢᠨ ᠲᠣᠮᠣ ᠬᠡᠯᠪᠡᠷᠢ ᠶᠢᠨ ᠳᠠᠭᠤᠤ ᠶᠢᠨ ᠴᠤᠭᠯᠠᠭᠠᠨ ᠳᠤ ᠣᠷᠣᠯᠴᠠᠵᠤ᠂ ︽ᠪᠣᠯᠪᠠᠰᠤᠨ ᠬᠡᠪ ᠰᠤᠷᠲᠠᠯ ᠤᠨ ᠱᠠᠩᠨᠠᠯ︾᠎ ᠢ ᠬᠦᠷᠲᠡᠪᠡ᠃ ᠬᠠᠶᠢᠷᠤᠪ ᠤᠨ ᠲᠣᠬᠤᠢ ᠲᠣᠭᠤᠷᠢᠭ ᠤᠨ ᠨᠣᠮ ᠤᠨ ᠰᠠᠩ ᠳᠤ 2 ᠳᠠᠪᠲᠠᠯᠭ᠎ᠠ ᠶᠢᠨ ᠲᠠᠰᠤᠭ᠂ 128 ᠰᠠᠭᠤᠳᠠᠯ ᠪᠠᠶᠢᠵᠤ᠂ ᠡᠳᠦᠷ ᠪᠦᠷᠢ 9 ᠴᠠᠭ ᠨᠡᠭᠡᠭᠡᠵᠦ᠂ ᠭᠠᠷᠠᠭ ᠪᠦᠷᠢ 60 ᠴᠠᠭ ᠰᠢᠬᠠᠮ ᠨᠡᠭᠡᠭᠡᠵᠦ᠂ ᠪᠠᠶᠠᠷ ᠳᠤᠷᠠᠰᠬᠠᠯ ᠤᠨ ᠡᠳᠦᠷ ᠢ ᠬᠡᠪ ᠢᠶᠠᠷ ᠨᠢ ᠨᠡᠭᠡᠭᠡᠵᠦ᠂ ︽ᠠᠮᠠᠷᠠᠯᠲᠠ ᠶᠢᠨ ᠡᠳᠦᠷ ᠥᠬᠡᠶ ᠨᠣᠮ ᠤᠨ ᠰᠠᠩ︾᠎ ᠢ ᠦᠨᠡᠨ ᠬᠦ ᠪᠡᠶᠡᠯᠡᠭᠦᠯᠪᠡ᠃ ᠪᠦᠬᠦ ᠵᠢᠯ ᠳᠤ 1030 ᠵᠤᠶᠢᠯ ᠤᠨ ᠨᠣᠮ ᠪᠢᠴᠢᠭ ᠨᠡᠮᠡᠭᠳᠡᠵᠦ᠂ 3171 ᠳᠡᠪᠲᠡᠷ ᠰᠢᠨ᠎ᠡ ᠪᠠᠷ ᠨᠡᠮᠡᠭᠳᠡᠵᠦ᠂ ᠤᠩᠰᠢᠭᠴᠢᠳ ᠢ 15000 ᠬᠥᠮᠦᠨ ᠤᠳᠠᠭ᠎ᠠ ᠬᠦᠯᠢᠶᠡᠨ ᠠᠪᠴᠤ᠂ 21000 ᠭᠠᠷᠤᠶ ᠳᠡᠪᠲᠡᠷ ᠨᠣᠮ ᠵᠢᠭᠡᠯᠡᠵᠦ᠂ 2019 ᠣᠨ ᠳᠤ ᠨᠡᠶᠢᠲᠡ 672 ᠦᠨᠡᠮᠯᠡᠯ ᠭᠦᠢᠴᠠᠤᠡᠭᠡᠵᠤ᠂ ᠣᠳᠣᠬᠠᠨ ᠳᠤ ᠪᠦᠬᠦ ᠨᠣᠮ ᠤᠨ ᠰᠠᠩ ᠳᠤ 5143 ᠤᠩᠰᠢᠭᠴᠢ ᠶᠢᠨ ᠵᠢᠭᠡᠯᠡᠨ ᠦᠵᠡᠬᠦ ᠦᠨᠡᠮᠯᠡᠯ ᠢ ᠭᠦᠢᠴᠠᠤᠡᠭᠡᠪᠡ︔ 3171 ᠳᠡᠪᠲᠡᠷ ᠰᠢᠨ᠎ᠡ ᠨᠣᠮ ᠤᠨ ᠭᠠᠷᠴᠠᠭᠯᠠᠯ ᠢ ᠪᠢᠴᠢᠵᠦ ᠳᠠᠭᠤᠰᠬᠠᠪᠠ᠃ ᠬᠠᠶᠢᠷᠤᠪ ᠤᠨ ᠲᠣᠬᠤᠢ ᠲᠣᠭᠤᠷᠢᠭ ᠤᠨ ᠨᠡᠭᠦᠷᠡᠰᠦᠨ ᠤ ᠮᠦᠽᠧᠢ ᠲᠣᠭᠤᠷᠢᠨ ᠦᠵᠡᠬᠦ ᠵᠤᠭᠠᠴᠠᠭᠰᠠᠳ ᠢ 1.9 ᠲᠦᠮᠡᠨ ᠬᠥᠮᠦᠨ ᠤᠳᠠᠭ᠎ᠠ ᠬᠦᠯᠢᠶᠡᠨ ᠠᠪᠴᠤ ᠵᠣᠴᠢᠯᠠᠪᠠ︔ ᠲᠣᠭᠤᠷᠢᠭ ᠤᠨ ᠰᠣᠶᠣᠯ ᠤᠨ ᠣᠷᠳᠣᠨ ᠤ ᠡᠯ᠎ᠡ ᠲᠥᠷᠥᠯ ᠤᠨ ᠤᠷᠠᠯᠢᠭ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠭᠰᠠᠨ ᠬᠥᠮᠦᠨ ᠤ ᠲᠤᠭ᠎ᠠ 3 ᠲᠦᠮᠡᠨ ᠬᠥᠮᠦᠨ ᠤᠳᠠᠭ᠎ᠠ ᠳᠤ ᠬᠦᠷᠴᠦ᠂ 30 ᠭᠠᠷᠤᠶ ᠲᠠᠯᠠᠪᠠᠢ ᠲᠣᠭᠯᠠᠯᠲᠠ᠂ ᠲᠠᠶᠢᠯᠤᠮᠵᠢ᠂ ᠠᠵᠢᠯᠯᠠᠭ᠎ᠠ ᠵᠡᠷᠭᠡ ᠶᠢ ᠵᠣᠬᠢᠶᠠᠨ ᠪᠠᠶᠢᠭᠤᠯᠤᠨ ᠳᠠᠭᠠᠭᠠᠨ ᠡᠷᠬᠢᠯᠡᠪᠡ᠃      ᠠᠮᠢᠳᠤᠷᠠᠯ ᠤᠨ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠠᠷᠠᠳ ᠲᠦᠮᠡᠨ ᠤ ᠤᠳᠬ᠎ᠠ ᠤᠷᠠᠯᠢᠭ ᠤᠨ ᠰᠤᠷᠤᠯᠴᠠᠯᠭ᠎ᠠ ᠶᠢᠨ ᠲᠤᠬᠠᠶ ᠱᠠᠭᠠᠷᠳᠠᠯᠭ᠎ᠠ ᠤᠯᠠᠮ ᠠᠴᠠ ᠤᠯᠠᠮ ᠴᠢᠩᠭ᠎ᠠ ᠪᠣᠯᠵᠤ ᠪᠠᠶᠢᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠠᠷᠠᠳ ᠤᠨ ᠤᠳᠬ᠎ᠠ ᠤᠷᠠᠯᠢᠭ ᠤᠨ ᠰᠤᠷᠭᠠᠭᠤᠯᠢ 2015 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠵᠢᠯ ᠪᠦᠷᠢ ᠬᠤᠶᠠᠷ ᠰᠤᠷᠤᠯᠭ᠎ᠠ ᠶᠢᠨ ᠬᠤᠭᠤᠴᠠᠭ᠎ᠠ ᠡᠷᠬᠢᠯᠡᠵᠦ᠂ ᠠᠭᠤᠯᠭ᠎ᠠ ᠨᠢ ᠳᠠᠭᠤᠯᠠᠯᠳᠤ ᠬᠥᠭᠵᠢᠮ᠂ ᠬᠥᠭᠵᠢᠮᠳᠡᠭᠦᠷ᠂ ᠪᠥᠵᠢᠭ᠂ ᠤᠷᠠᠨ ᠪᠢᠴᠢᠯᠭᠡ ᠵᠡᠷᠭᠡ ᠬᠢᠴᠢᠶᠡᠯ ᠢ ᠬᠠᠮᠤᠷᠴᠤ᠂ ᠰᠤᠷᠤᠯᠴᠠᠬᠤ ᠡᠲᠡᠭᠡᠳ ᠨᠢ ᠪᠠᠭᠠᠴᠤᠳ ᠬᠡᠤᠬᠡᠳ ᠪᠠ ᠬᠤᠩᠭᠤᠵᠢᠭᠰᠠᠳ ᠢ ᠪᠥᠬᠦ ᠲᠠᠯ᠎ᠠ ᠪᠠᠷ ᠬᠠᠮᠤᠷᠤᠨ᠎ᠠ᠃ ᠡᠨᠡ ᠵᠢᠯ ᠤᠨ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ 1600 ᠪᠣᠯᠵᠤ᠂ ᠬᠤᠲᠠ ᠶᠢᠨ ᠠᠷᠠᠳ ᠤᠨ ᠥᠷᠭᠡᠨ ᠳᠡᠯᠭᠡᠷ ᠬᠦᠷᠢᠶᠡᠯᠡᠯ ᠪᠠ ᠮᠠᠭᠲᠠᠭᠠᠯ ᠢ ᠣᠯᠵᠠᠶ᠃      ᠡᠭᠦᠨ ᠤ ᠳᠤ ᠬᠠᠮᠲᠤ᠂ ᠬᠠᠶᠢᠷᠤᠪ ᠤᠨ ᠲᠣᠬᠤᠢ ᠲᠣᠭᠤᠷᠢᠭ ᠪᠠᠰᠠ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠨᠡᠶᠢᠭᠡᠮᠯᠢᠭ ᠲᠤ ᠲᠤᠰᠬᠠᠶ ᠮᠡᠷᠭᠡᠵᠢᠯ ᠤᠨ ᠤᠳᠬ᠎ᠠ ᠤᠷᠠᠯᠢᠭ ᠤᠨ ᠬᠠᠪᠰᠤᠷᠤᠨ ᠵᠢᠯᠣᠭᠤᠳᠤᠯᠭ᠎ᠠ ᠬᠢᠵᠦ᠂ ᠨᠡᠶᠢᠭᠡᠮ ᠤᠨ ᠪᠦᠯᠬᠦᠮ ᠢ ᠵᠣᠬᠢᠶᠠᠨ ᠪᠠᠶᠢᠭᠤᠯᠤᠨ ᠡᠯ᠎ᠡ ᠵᠤᠶᠢᠯ ᠤᠨ ᠤᠷᠤᠯᠳᠤᠭᠠᠨ ᠪᠠ ᠤᠷᠠᠨ ᠰᠠᠶᠢᠬᠠᠨ ᠤ ᠲᠣᠭᠯᠠᠯᠲᠠ ᠳᠤ ᠣᠷᠣᠯᠴᠠᠭᠤᠯᠵᠤ᠂ ᠬᠠᠪᠰᠤᠷᠤᠨ ᠵᠢᠯᠣᠭᠤᠳᠬᠤ ᠠᠴᠠ ᠠᠵᠢᠯᠯᠠᠭ᠎ᠠ ᠬᠦᠷᠲᠡᠯᠡᠬᠢ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠮᠦᠰᠦᠨ ᠪᠦᠷᠢᠯᠳᠦᠭᠦᠯᠵᠦ᠂ ᠲᠤᠰᠠᠭᠠᠷ᠂ ᠪᠦᠷᠢᠨ ᠪᠦᠲᠦᠨ᠂ ᠰᠢᠨᠵᠢᠯᠡᠬᠦ ᠤᠬᠠᠭᠠᠨᠴᠢ ᠦᠨᠳᠦᠰᠦᠨ ᠱᠠᠲᠤᠨ ᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠬᠡᠪ ᠵᠠᠭᠪᠤᠷ ᠢ ᠪᠤᠢ ᠪᠣᠯᠭᠠᠭᠰᠠᠨ ᠪᠥᠭᠡᠳ ᠣᠷᠴᠢᠯ ᠪᠤᠢ ᠪᠣᠯᠭᠠᠵᠤ᠂ ᠦᠨᠳᠦᠰᠦᠨ ᠱᠠᠲᠤᠨ ᠤ ᠰᠣᠶᠣᠯ ᠤᠨ ᠠᠵᠢᠯᠯᠠᠭ᠎ᠠ ᠶᠢᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠪᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号