ᠬᠠᠶᠢᠷᠤᠪ ᠤᠨ ᠲᠣᠬᠤᠢ ᠲᠣᠭᠤᠷᠢᠭ ᠤᠨ ᠶᠢᠰᠤᠳᠤᠭᠡᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-01-02
     12 ᠰᠠᠷ᠎ᠠ ᠶᠢᠨ 31᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠲᠤ ᠶᠢᠰᠤᠳᠤᠭᠡᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠ ᠴᠢᠩ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠤ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢᠦ ᠬᠤ᠋ ᠬᠤᠷᠠᠯ ᠢ ᠡᠷᠬᠢᠯᠡᠪᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠵᠢᠨ‌‍ᠭᠡᠰᠢᠭᠦᠨ᠂ ᠲᠤᠭᠤᠷᠢᠭ ᠎ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠲᠤᠭᠤᠷᠢᠭ ‍ᠤᠨ‌ᠤᠯᠤᠰ ᠲᠦᠷᠤ ᠶᠢᠨ ᠵᠦᠪᠯᠡᠯᠡᠭᠡᠨ ᠤ ᠲᠡᠷᠢᠭᠦᠯᠡᠭᠴᠢ᠂ ᠲᠤᠭᠤᠷᠢᠭ ᠤᠨ ᠵᠠᠰᠠᠭ ᠤᠨ ᠤᠷᠳᠤᠨ ᠤ ᠬᠤᠪᠢᠲᠡᠨ ᠬᠠᠮᠢᠶᠠᠷᠬᠤ ᠳᠡᠳ᠋ ᠲᠠᠷᠤᠭ᠎ᠠ ᠬᠤᠷᠠᠯ ᠲᠤ ᠤᠷᠤᠯᠴᠠᠪᠠ᠃
      ᠬᠤᠷᠠᠯ ᠠᠴᠠ ᠤᠶᠢᠷ᠎ᠠ ᠶᠢᠨ ᠵᠢᠯ ᠤᠨ ᠲᠤᠷᠰᠢ ᠮᠠᠨ ᠤ ᠲᠤᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠶᠢᠯᠡᠰ ᠲᠤ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ 15 ᠵᠢᠱᠢᠶᠡᠴᠢ ᠬᠠᠮᠲᠤ ᠨᠡᠶᠢᠲᠡ ᠪᠠ 45 ᠵᠢᠱᠢᠶᠡᠴᠢ ᠬᠤᠪᠢ ᠬᠥᠮᠦᠨ ᠵᠢᠴᠢ ᠮᠣᠩᠭᠤᠯ ᠬᠡᠯᠡ ᠪᠢᠴᠢᠭ ᠢ ᠰᠤᠷᠤᠯᠴᠠᠵᠤ ᠬᠡᠷᠡᠭᠯᠡᠭᠰᠡᠨ 4 ᠲᠡᠷᠢᠭᠦᠨ ᠤ ᠬᠠᠮᠲᠤ ᠪᠠ 4 ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃        ᠬᠤᠷᠠᠯ ᠠᠴᠠ᠂ ᠦᠨᠳᠦᠰᠦᠲᠡᠨ ᠤ ᠪᠦᠯᠬᠦᠮᠳᠡᠯ ᠪᠣᠯ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢ ᠨᠠᠰᠤᠨ ᠤ ᠱᠤᠭᠤᠮ ᠮᠥᠨ᠃ ᠦᠨᠳᠦᠰᠦᠲᠡᠨ ᠤ ᠪᠦᠯᠬᠦᠮᠳᠡᠯ ᠢ ᠰᠠᠶᠢᠵᠢᠷᠠᠭᠤᠯᠬᠤ ᠪᠣᠯ ᠮᠠᠨ ᠤ ᠠᠯᠢᠪᠠ ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠤᠷᠢᠲᠠᠯ ᠪᠠ ᠴᠢᠬᠤᠯᠠ ᠪᠠᠲᠤᠯᠠᠭ᠎ᠠ ᠮᠥᠨ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ ᠤ ᠠᠵᠢᠯ ᠢ ᠢᠮᠠᠭᠲᠠ ᠪᠦᠬᠦ ᠲᠠᠯ᠎ᠠ ᠶᠢᠨ ᠴᠢᠬᠤᠯᠠ ᠪᠠᠶᠢᠷᠢᠨ ᠳᠤ ᠲᠠᠯᠪᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠶ᠎ᠡ ᠨᠠᠶᠢᠷᠲᠠᠶ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠩᠭᠤᠶ ᠪᠠᠷ ᠬᠥᠭᠵᠢᠬᠦ ᠶᠢ ᠳᠠᠶᠢᠴᠢᠯᠠᠵᠤ᠂ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠭᠤᠶᠢᠳᠠ ᠰᠠᠶᠢᠬᠠᠨ ᠬᠠᠭᠤᠳᠠᠰᠤ ᠶᠢ ᠭᠠᠷ ᠬᠤᠯᠪᠣᠨ ᠪᠢᠴᠢᠭᠯᠡᠵᠦ᠂ ᠮᠠᠨ ᠤ ᠲᠤᠭᠤᠷᠢᠭ ᠤᠨ ᠥᠭᠡᠷᠡᠴᠢᠯᠡᠯᠲᠡ ᠨᠡᠭᠡᠭᠡᠯᠲᠡ ᠪᠣᠯᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠣ ᠰᠢᠨ᠎ᠡ ᠪᠠᠶᠢᠳᠠᠯ ᠢ ᠮᠥᠷᠥ ᠵᠡᠷᠭᠡᠴᠡᠨ ᠡᠭᠦᠳᠬᠦ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠷᠲᠤ ᠬᠤᠭᠤᠴᠠᠭ᠎ᠠ ᠪᠠᠷ ᠨᠢᠭᠡ ᠭᠡᠷ ᠮᠡᠲᠦ ᠳᠣᠲᠣᠨᠣ᠂ ᠪᠦᠯᠬᠦᠮᠳᠡᠯ ᠲᠠᠢ ᠡᠶ᠎ᠡ ᠵᠣᠬᠢᠴᠠᠩᠭᠤᠶ ᠪᠠᠶᠢᠬᠤ ᠪᠠᠶᠢᠳᠠᠯ ᠢ ᠬᠤᠪᠢ ᠳᠠᠬᠢᠨ ᠨᠠᠨᠳᠢᠩᠨᠠᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠢᠮᠠᠭᠲᠠ ᠥᠨᠳᠥᠷ ᠮᠠᠨᠳᠤᠭᠤᠯᠵᠤ᠂ ᠳᠡᠭᠡᠳᠤ ᠬᠡᠮᠵᠢᠶᠡᠨ ᠤ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠦᠨᠳᠦᠰᠦᠲᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠲᠤᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠲᠡᠶ ᠭᠡᠪᠡ᠃ ᠤᠯᠤᠰ ᠲᠥᠷᠥ ᠶᠢᠨ ᠴᠢᠭᠯᠡᠯ ᠢ ᠣᠨᠣᠪᠴᠢᠲᠠᠶ ᠡᠵᠡᠮᠳᠡᠵᠦ᠂ ᠦᠨᠳᠦᠰᠦᠲᠡᠨ ᠤ ᠠᠰᠠᠭᠤᠳᠠᠯ ᠢ ᠰᠢᠢᠤᠡᠪᠤᠷᠢᠯᠡᠬᠦ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠶ᠃ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠪᠣᠳᠠᠰ ᠤᠨ ᠰᠠᠭᠤᠷᠢ ᠶᠢ ᠪᠠᠲᠤᠳᠬᠠᠨ᠎ᠠ᠃ ᠦᠨᠳᠦᠰᠦᠲᠡᠨ ᠤ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠶᠢ ᠠᠬᠢᠭᠤᠯᠤᠨ᠎ᠠ᠃ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ ᠬᠠᠤᠯᠢ ᠶᠣᠰᠣᠭᠠᠷ ᠬᠠᠮᠢᠶᠠᠷᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ᠨᠠᠮ ‍ᠤᠨ‌ᠤᠳᠤᠷᠢᠳᠤᠯᠭ᠎ᠠ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠥᠷᠨᠢᠨ ᠬᠥᠭᠵᠢᠬᠦ ᠶᠢ ᠪᠠᠲᠤᠯᠠᠨ᠎ᠠ᠃       ᠬᠤᠶᠢᠰᠢᠳᠠ ᠲᠣᠰ ᠤᠳᠠᠭ᠎ᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢ ᠥᠷᠭᠡᠨ ᠢᠶᠠᠷ ᠥᠷᠨᠢᠭᠦᠯᠵᠦ᠂ ᠰᠢᠨ᠎ᠡ ᠴᠠᠭ ᠦᠶ᠎ᠡ ᠶᠢᠨ ᠬᠠᠶᠢᠷᠤᠪ ᠤᠨ ᠲᠣᠬᠤᠢ ᠲᠤᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号