ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠠᠶᠢᠮᠠᠭ ᠬᠤᠲᠠ ᠠᠯᠤᠰᠯᠠᠨ ᠡᠷᠦᠬᠡ ᠠᠮᠠ ᠰᠢᠯᠵᠢᠭᠦᠯᠬᠦ ᠶᠠᠪᠤᠳᠠᠯ ᠳᠤ ︽ᠨᠢᠭᠡ ᠥᠷᠲᠡᠭᠡ ᠮᠠᠶ᠋ᠢᠭ︾᠎ ᠢᠶᠠᠷ ᠭᠦᠢᠴᠠᠤᠡᠭᠡᠬᠦ ᠶᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2020-01-02
     ᠳᠣᠲᠣᠭᠠᠳᠤ ᠶᠢ ᠬᠠᠮᠠᠭᠠᠯᠠᠬᠤ ᠶᠠᠮᠤᠨ ᠤ ︽ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠶᠢᠯᠡᠴᠢᠯᠡᠬᠦ ᠣᠯᠠᠨ ᠲᠦᠮᠡᠨ ᠳᠤ ᠤᠶᠢᠯᠡᠴᠢᠯᠡᠬᠦ ᠠᠵᠤ ᠠᠬᠤᠶᠢᠯᠠᠯ ᠳᠤ ᠤᠶᠢᠯᠡᠴᠢᠯᠡᠬᠦ 60 ᠵᠤᠶᠢᠯ ‍ᠤᠨ‌ᠠᠷᠭ᠎ᠠ ᠬᠡᠮᠵᠢᠶ᠎ᠡ︾᠎ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠠᠶᠢᠮᠠᠭ ᠬᠤᠲᠠ ᠠᠯᠤᠰᠯᠠᠨ ᠡᠷᠦᠬᠡ ᠠᠮᠠ ᠰᠢᠯᠵᠢᠭᠦᠯᠬᠦ ᠣᠯᠠᠨ ᠲᠦᠮᠡᠨ ᠳᠤ ᠳᠥᠭᠦᠮ ᠦᠵᠡᠭᠦᠯᠬᠦ ᠶᠢᠨ ᠲᠤᠰᠠᠳᠠ᠂ 2020 ᠤᠨ ᠤ 1 ᠳ᠋ᠦᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠦᠬᠦ ᠣᠷᠣᠨ ᠳᠤ ᠠᠶᠢᠮᠠᠭ ᠬᠤᠲᠠ ᠠᠯᠤᠰᠯᠠᠨ ᠡᠷᠦᠬᠡ ᠠᠮᠠ ᠰᠢᠯᠵᠢᠭᠦᠯᠬᠦ ︽ᠨᠢᠭᠡ ᠥᠷᠲᠡᠭᠡ ᠮᠠᠶ᠋ᠢᠭ︾᠎ ᠢᠶᠠᠷ ᠭᠦᠢᠴᠠᠤᠡᠭᠡᠬᠦ ᠶᠢ ᠬᠡᠷᠡᠭᠵᠢᠭᠦᠯᠦᠨ᠎ᠡ᠃     ︽ᠨᠢᠭᠡ ᠥᠷᠲᠡᠭᠡ ᠮᠠᠶ᠋ᠢᠭ︾᠎ ᠢᠶᠠᠷ ᠭᠦᠢᠴᠠᠤᠡᠭᠡᠬᠦ ᠳᠤ ᠲᠣᠬᠢᠷᠠᠬᠤ ᠡᠲᠡᠭᠡᠳ ᠨᠢ ᠮᠠᠨ ᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ᠪᠠᠶᠢᠵᠤ᠂ ᠡᠷᠦᠬᠡ ᠠᠮᠠ ᠪᠠᠨ ᠰᠢᠯᠵᠢᠭᠦᠯᠬᠦ ᠶᠢ ᠵᠥᠪᠰᠢᠶᠡᠷᠡᠬᠦ ᠪᠠ ᠨᠡᠭᠦᠯᠭᠡᠬᠦ ᠮᠡᠳᠡᠭᠡ ᠵᠠᠩᠭᠢ ᠶᠢ ᠰᠦᠯᠵᠢᠶ᠎ᠡ ᠪᠠᠷ ᠳᠠᠮᠵᠢᠭᠤᠯᠤᠨ ᠡᠷᠭᠢᠯᠳᠦᠭᠦᠯᠵᠦ᠂ ︽ᠡᠷᠦᠬᠡ ᠠᠮᠠ ᠪᠠᠨ ᠰᠢᠯᠵᠢᠭᠦᠯᠬᠦ ᠶᠢ ᠵᠥᠪᠰᠢᠶᠡᠷᠡᠬᠦ ᠦᠨᠡᠮᠯᠡᠯ︾ ᠪᠠ ︽ᠡᠷᠦᠬᠡ ᠠᠮᠠ ᠪᠠᠨ ᠰᠢᠯᠵᠢᠭᠦᠯᠬᠦ ᠶᠢ ᠵᠥᠪᠰᠢᠶᠡᠷᠡᠬᠦ ᠦᠨᠡᠮᠯᠡᠯ︾᠎ ᠢ ᠳᠠᠬᠢᠵᠤ ᠬᠡᠷᠡᠭᠯᠡᠬᠦ ᠥᠬᠡᠶ᠃ ︽ᠨᠢᠭᠡ ᠥᠷᠲᠡᠭᠡ ᠮᠠᠶ᠋ᠢᠭ︾᠎ ᠢ ᠭᠦᠢᠴᠠᠤᠡᠭᠡᠬᠦ ᠠᠴᠠ ᠡᠮᠦᠨ᠎ᠡ ᠨᠢᠭᠡᠨᠲᠡ ︽ᠡᠷᠦᠬᠡ ᠠᠮᠠ ᠰᠢᠯᠵᠢᠭᠦᠯᠬᠦ ᠶᠢ ᠵᠥᠪᠰᠢᠶᠡᠷᠡᠬᠦ ᠦᠨᠡᠮᠯᠡᠯ︾᠂ ︽ᠡᠷᠦᠬᠡ ᠠᠮᠠ ᠰᠢᠯᠵᠢᠭᠦᠯᠬᠦ ᠦᠨᠡᠮᠯᠡᠯ︾᠎ ᠢ ᠭᠦᠢᠴᠠᠤᠡᠭᠡᠭᠰᠡᠨ ᠪᠠᠶᠢᠪᠠᠯ᠂ ᠮᠥᠨ ᠤᠤᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠨᠡᠭᠦᠵᠦ ᠣᠷᠣᠬᠤ ᠭᠠᠵᠠᠷ ᠤᠨ ᠡᠷᠦᠬᠡ ᠠᠮᠠ ᠣᠷᠣᠬᠤ ᠨᠥᠬᠦᠴᠡᠯ ᠳᠤ ᠨᠡᠶᠢᠴᠡᠬᠦ ᠪᠥᠭᠡᠳ ᠭᠡᠷᠡᠴᠢ ᠮᠠᠲ᠋ᠧᠷᠢᠶᠠᠯ ᠨᠢ ᠪᠦᠷᠢᠨ ᠭᠦᠢᠴᠠᠤᠡ ᠪᠠᠶᠢᠪᠠᠯ᠂ ᠣᠯᠠᠨ ᠲᠦᠮᠡᠨ ᠨᠡᠭᠦᠵᠦ ᠣᠷᠣᠬᠤ ᠭᠡᠵᠦ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠣᠴᠢᠵᠤ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠤᠨ᠎ᠠ᠂ ᠡᠷᠦᠬᠡ ᠠᠮᠠ ᠣᠷᠣᠬᠤ ᠭᠤᠶᠤᠴᠢᠯᠠᠯ᠂ ᠲᠣᠰ ᠬᠥᠮᠦᠨ ᠵᠢᠴᠢ ᠳᠠᠭᠠᠵᠤ ᠨᠡᠭᠦᠭᠰᠡᠨ ᠬᠥᠮᠦᠰ ‍ᠤᠨ‌ᠡᠷᠤᠭᠡ ᠠᠮᠠ ᠶᠢᠨ ᠳᠡᠪᠲᠡᠷ ᠨᠢ ᠵᠠᠪᠠᠯ ᠪᠠᠶᠢᠬᠤ ᠮᠠᠲ᠋ᠧᠷᠢᠶᠠᠯ ᠪᠣᠯᠤᠨ᠎ᠠ᠃ ᠨᠡᠭᠦᠵᠦ ᠣᠷᠣᠬᠤ ᠪᠠᠷ ᠪᠠᠶᠢᠭ᠎ᠠ ᠭᠠᠵᠠᠷ ᠤᠨ ᠡᠷᠦᠬᠡ ᠠᠮᠠ ᠣᠷᠣᠭᠤᠯᠬᠤ ᠨᠥᠬᠦᠴᠡᠯ᠂ ᠭᠡᠷᠡᠴᠢ ᠮᠠᠲ᠋ᠧᠷᠢᠶᠠᠯ ᠨᠢ ᠪᠦᠷᠢᠨ‌‍ᠭᠦ᠋ᠢᠴᠠᠤᠡ ᠪᠠᠶᠢᠪᠠᠯ᠂ ᠬᠠᠮᠤᠭ ᠤᠷᠲᠤ ᠳᠠᠭᠠᠨ 10 ᠠᠵᠢᠯᠯᠠᠬᠤ ᠡᠳᠦᠷ ᠲᠤ ᠭᠦᠢᠴᠠᠤᠡᠭᠡᠵᠤ ᠳᠠᠭᠤᠰᠬᠠᠬᠤ ᠬᠡᠷᠡᠭᠲᠡᠶ᠃ ᠰᠢᠢᠤᠡᠪᠤᠷᠢᠯᠡᠬᠦ ᠴᠢᠬᠤᠯᠠ ᠲᠠᠢ ᠪᠣᠯ ᠬᠠᠮᠤᠭ ᠤᠷᠲᠤ ᠳᠠᠭᠠᠨ 15 ᠠᠵᠢᠯᠯᠠᠬᠤ ᠡᠳᠦᠷ ᠲᠤ ᠰᠢᠢᠤᠡᠪᠤᠷᠢᠯᠡᠵᠤ ᠳᠠᠭᠤᠰᠬᠠᠬᠤ ᠬᠡᠷᠡᠭᠲᠡᠶ᠃      ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠣᠯᠠᠨ ᠲᠦᠮᠡᠨ ᠮᠠᠨ ᠤ ᠣᠷᠣᠨ ᠳᠤ ᠰᠢᠯᠵᠢᠨ ᠤᠷᠤᠬᠤ᠂ ᠲᠦᠷ ᠴᠠᠭ ︽ᠨᠢᠭᠡ ᠥᠷᠲᠡᠭᠡ ᠮᠠᠶ᠋ᠢᠭ︾᠎ ᠢᠶᠠᠷ ᠭᠦᠢᠴᠠᠤᠡᠭᠡᠬᠦ ᠶᠢ ᠬᠡᠷᠡᠭᠵᠢᠭᠦᠯᠵᠦ ᠪᠣᠯᠬᠤ ᠦᠭᠡᠢ᠃      ᠡᠨᠡ ᠪᠣᠯ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠠᠯᠪᠢᠬᠤ ᠬᠠᠮᠢᠶᠠᠷᠬᠤ ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠡᠷᠤᠭᠡ ᠠᠮᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠰᠠ ᠨᠢᠭᠡ ᠵᠤᠶᠢᠯ ᠤᠨ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠪᠣᠯᠤᠨ᠎ᠠ᠃ ᠣᠯᠠᠨ ᠲᠦᠮᠡᠨ ᠨᠡᠭᠦᠵᠦ ᠣᠷᠣᠬᠤ ᠭᠠᠵᠠᠷ ᠪᠠ ᠨᠡᠭᠦᠵᠦ ᠭᠠᠷᠬᠤ ᠭᠠᠵᠠᠷ ᠤᠨ ᠬᠤᠭᠤᠷᠣᠨᠳᠣ ᠶᠠᠭᠠᠷᠠᠯᠳᠤᠬᠤ ᠬᠡᠷᠡᠭ ᠦᠭᠡᠢ ᠪᠣᠯᠵᠠᠶ᠃ ᠬᠥᠮᠦᠨ ᠪᠦᠷᠢ ᠶᠢᠨ 300 ᠲᠥᠭᠦᠷᠢᠭ ᠤᠨ ᠵᠠᠷᠤᠳᠠᠯ ᠢᠶᠠᠷ ᠪᠤᠳᠤᠪᠠᠯ᠂ ᠵᠢᠯ ᠪᠦᠷᠢ ᠪᠠᠷᠤᠭ 1500 ᠲᠦᠮᠡᠨ ᠲᠥᠭᠦᠷᠢᠭ ᠤᠨ ᠨᠡᠶᠢᠭᠡᠮ ᠤᠨ ᠥᠪᠡᠷ ᠤᠨ ᠥᠷᠲᠡᠭ ᠢ ᠠᠷᠪᠢᠯᠠᠬᠤ ᠶᠢᠨ ᠬᠠᠮᠲᠤ ᠪᠠᠰᠠ ᠴᠠᠭ ᠤᠨ ᠥᠪᠡᠷ ᠤᠨ ᠥᠷᠲᠡᠭ ᠢ ᠠᠷᠪᠢᠯᠠᠭᠰᠠᠨ ᠪᠠᠶᠢᠨ᠎ᠠ᠃ ᠵᠢᠱᠢᠵᠦ ᠪᠤᠳᠤᠭᠰᠠᠨ ᠢᠶᠠᠷ᠂ ᠵᠢᠯ ᠪᠦᠷᠢ 5 ᠲᠦᠮᠡᠨ ᠠᠷᠠᠳ ᠠᠰᠢᠭ ᠬᠦᠷᠲᠡᠬᠦ ᠪᠣᠯᠤᠨ᠎ᠠ᠃    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号