ᠰᠤᠷᠤᠭᠴᠢ ᠤᠨ ᠡᠪᠦᠯ ᠤᠨ ᠠᠮᠠᠷᠠᠯᠲᠠ ᠢ ᠵᠤᠬᠢᠰᠲᠠᠢ ᠲᠤᠬᠢᠷᠠᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2020-01-03
     ᠤᠶᠢᠷ᠎ᠠ ᠶᠢᠨ ᠡᠳᠦᠷ᠂ ᠦᠵᠡᠰᠬᠦᠯᠡᠩᠲᠦ ᠰᠠᠶᠢᠬᠠᠨ ᠲᠠᠷᠢ ᠲᠡᠭᠰᠢ ᠬᠤᠲᠠ ᠶᠢᠨ ᠦᠵᠡᠮᠵᠢ ᠣᠷᠴᠢᠨ ᠲᠣᠭᠤᠷᠢᠨ ᠢ ᠪᠣᠶ ᠪᠣᠯᠭᠠᠵᠤ᠂ ᠫᠠᠶᠢᠰᠠ ᠢᠯᠡᠷᠬᠡᠢᠯᠡᠯ ᠤᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠲᠣᠭᠤᠷᠢᠭ ᠤᠨ ᠳᠣᠲᠣᠷᠠᠬᠢ ᠬᠢᠨᠠᠨ ᠵᠥᠪᠰᠢᠶᠡᠷᠡᠭᠦᠯᠦᠭᠰᠡᠨ ᠦᠭᠡᠢ᠂ ᠳᠠᠯᠳᠠ ᠭᠡᠮ ᠣᠷᠣᠰᠢᠵᠤ᠂ ᠬᠤᠲᠠ ᠶᠢᠨ ᠳᠦᠷᠢ ᠲᠥᠷᠬᠦ ᠶᠢ ᠨᠥᠯᠥᠭᠡᠯᠡᠭᠰᠡᠨ ᠫᠠᠶᠢᠰᠠ ᠢᠯᠡᠷᠬᠡᠢᠯᠡᠯ ᠢ ᠳᠠᠬᠢᠨᠲᠠ ᠲᠥᠪᠯᠡᠷᠡᠭᠦᠯᠦᠨ ᠵᠠᠰᠠᠪᠠ᠃      ᠡᠨᠡ ᠵᠢᠯ ᠠᠴᠠ ᠨᠠᠰᠢ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠳᠠᠮᠵᠢᠨ᠂ ᠱᠢ ᠴᠧᠩ ᠵᠡᠭᠡᠯᠢ᠂ ᠭᠠᠨᠳᠧᠷ ᠵᠡᠭᠡᠯᠢ᠂ ᠤᠯᠠᠭᠠᠨ ᠵᠠᠮ᠂ ᠲᠡᠷᠭᠡᠨ ᠥᠷᠲᠡᠭᠡ ᠵᠡᠷᠭᠡ ᠵᠠᠮ ᠤᠨ ᠬᠡᠰᠡᠭ ᠤᠨ ᠬᠢᠨᠠᠨ ᠵᠥᠪᠰᠢᠶᠡᠷᠡᠭᠦᠯᠦᠭᠰᠡᠨ ᠦᠭᠡᠢ ᠪᠠ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠭᠡᠷ ᠤᠨ ᠭᠠᠳᠠᠨᠠᠬᠢ 1126 ᠬᠡᠰᠡᠭ ᠵᠠᠷ ᠤᠨ ᠫᠠᠶᠢᠰᠠ ᠶᠢ ᠨᠤᠷᠠᠭᠠᠵᠤ᠂ 14000 ᠲᠡᠭᠰᠢ ᠳᠥᠷᠪᠡᠯᠵᠢᠨ ᠮᠧᠲᠷ ᠰᠢᠬᠠᠮ ᠲᠠᠯᠠᠪᠠᠢ ᠲᠠᠢ ᠪᠠᠶᠢᠵᠤ᠂ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠡᠮᠬᠢ ᠳᠢᠭᠯᠢᠮ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠳᠦᠷᠰᠦ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃      ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠭᠡᠷ ᠤᠨ ᠭᠠᠳᠠᠨᠠᠬᠢ ᠵᠠᠷ ᠢ ᠴᠡᠭᠴᠡᠯᠡᠨ ᠵᠠᠰᠠᠬᠤ ᠠᠵᠢᠯ ᠶᠢᠨ ᠱᠠᠭᠠᠷᠳᠠᠯᠭ᠎ᠠ ᠶᠣᠰᠣᠭᠠᠷ᠂ ᠲᠣᠭᠤᠷᠢᠨ ᠪᠠᠶᠢᠴᠠᠭᠠᠬᠤ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠲᠠᠯᠪᠢᠬᠤ ᠶᠢ ᠴᠢᠩᠳᠠᠯᠠᠵᠤ᠂ ᠡᠭᠦᠳᠡᠨ ᠫᠠᠶᠢᠰᠠ ᠢᠯᠡᠷᠬᠡᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠨᠠᠭᠰᠢᠳᠠ ᠴᠢᠩᠭᠠᠳᠬᠠᠵᠤ᠂ ᠵᠠᠰᠠᠯᠲᠠ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠵᠦ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号