ᠴᠠᠭᠠᠨ ᠰᠠᠷ᠎ᠠ ᠪᠤᠯᠬᠤ ᠲᠠᠰᠢᠷᠠᠮ ᠢᠶᠠᠷ ᠬᠠᠶᠢᠷᠤᠪ ᠤᠨ ᠲᠤᠬᠤᠢ ᠲᠤᠭᠤᠷᠢᠭ  ᠤᠨ  ᠢᠳᠡᠭᠡᠨ ᠤ ᠠᠮᠤᠷ ᠲᠦᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2020-01-06
      ᠢᠳᠡᠭᠡᠨ ᠤ ᠠᠮᠤᠷ ᠲᠦᠪᠰᠢᠨ ᠨᠢ ᠢᠳᠡᠭᠡᠨ ᠤ ᠲᠤᠭ᠎ᠠ ᠬᠡᠮᠵᠢᠶᠡᠨ ᠤ ᠠᠮᠤᠷ ᠲᠦᠪᠰᠢᠨ ᠢ ᠬᠠᠩᠭᠠᠬᠤ ᠪᠠᠷ ᠪᠠᠷᠠᠬᠤ ᠦᠭᠡᠢ ᠪᠠᠰᠠ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠬᠠᠩᠭᠠᠭᠰᠠᠨ ᠢᠳᠡᠭᠡᠨ ᠤ ᠰᠢᠮ᠎ᠡ ᠲᠡᠵᠢᠭᠡ᠂ ᠡᠷᠡᠭᠦᠯ ᠬᠠᠮᠠᠭᠠᠯᠠᠯ ᠤᠨ ᠲᠠᠯ᠎ᠠ ᠪᠠᠷ ᠴᠥᠮ ᠠᠷᠠᠳ ᠤᠯᠠᠨ ᠤ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠬᠤ ᠪᠠ ᠪᠠᠲᠤᠯᠠᠬᠤ ᠬᠡᠷᠡᠭᠲᠡᠶ᠃       ︽ᠰᠢᠨ᠎ᠡ ᠵᠢᠯ ᠴᠠᠭᠠᠨ ᠰᠠᠷ᠎ᠠ ᠬᠤᠶᠠᠷ ᠪᠠᠶᠠᠷ ᠤᠨ ᠬᠤᠭᠤᠴᠠᠭᠠᠨ ᠳᠤ᠂ ᠪᠢᠳᠡ ᠡᠳᠦᠷ ᠲᠤᠲᠤᠮ ᠤᠨ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ᠂ ᠠᠷᠢᠬᠢᠨ ᠤ ᠵᠤᠶᠢᠯ᠂ ᠪᠣᠭᠤᠷᠰᠤᠭ᠂ ᠤᠷᠭᠤᠮᠠᠯ ᠤᠨ ᠲᠣᠰᠣ ᠵᠡᠷᠭᠡ ᠢᠳᠡᠭᠡᠨ ᠢ ᠭᠤᠤᠯᠳᠠᠯᠭ᠎ᠠ ᠲᠠᠢ ᠲᠤᠰᠬᠠᠶᠢᠯᠠᠨ ᠴᠡᠭᠴᠡᠯᠡᠨ ᠵᠠᠰᠠᠨ᠎ᠠ᠃ ᠵᠠᠷᠢᠮ ᠤᠶᠢᠯᠡᠤᠡᠪᠤᠷᠢᠯᠡᠯ ᠡᠵᠡᠩᠨᠡᠯᠲᠡ ᠶᠢᠨ ᠨᠢᠭᠡᠴᠢ ᠳᠤ᠂ ᠪᠢᠳᠡ ᠭᠤᠤᠯᠳᠠᠭᠤ ᠢᠳᠡᠭᠡᠨ ᠤ ᠤᠶᠢᠯᠡᠤᠡᠪᠤᠷᠢᠯᠡᠯ ‍ᠤᠨ‌‍ᠶᠠᠪᠤᠴᠠ ᠳᠤ ᠪᠠᠰᠠ ᠵᠠᠩᠭᠢᠯᠠᠭ᠎ᠠ ᠶᠢᠨ ᠬᠢᠵᠠᠭᠠᠷᠯᠠᠬᠤ ᠴᠡᠭ ᠢ ᠴᠢᠩᠭ᠎ᠠ ᠡᠵᠡᠮᠳᠡᠵᠦ᠂ ᠬᠡᠮ ᠰᠣᠭᠤᠭ ᠤᠨ ᠴᠡᠭ ᠢ ᠭᠦᠨᠵᠡᠭᠡᠢ ᠵᠢᠭᠰᠠᠭᠠᠨ ᠪᠠᠶᠢᠴᠠᠭᠠᠨ᠎ᠠ᠃ᠡᠭᠦᠨ ᠤ ᠬᠠᠮᠲᠤ᠂ ᠬᠤᠶᠠᠷ ᠪᠠᠶᠠᠷ ᠤᠨ ᠬᠤᠭᠤᠴᠠᠭᠠᠨ ᠳᠤ ᠪᠢᠳᠡ ᠪᠠᠰᠠ ᠢᠳᠡᠭᠡᠨ ᠤ ᠭᠦᠢᠯᠭᠡᠭᠡᠨ ᠤ ᠤᠶᠢᠯᠡᠤᠡᠪᠤᠷᠢᠯᠡᠯ᠂ ᠢᠳᠡᠭᠡᠨ ᠤᠮᠳᠠᠭᠠᠨ ᠤ ᠭᠤᠭᠴᠤᠭ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠬᠠᠷᠢᠶᠠᠳᠤ ᠤᠷᠤᠨ᠊ ᠤ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠪᠠ᠃ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠼᠤᠤ ᠢᠦᠢ ᠬᠤᠢ ᠲᠠᠨᠢᠯᠴᠠᠭᠤᠯᠪᠠ᠃       ᠬᠤᠲᠠ ᠶᠢᠨ ᠠᠷᠠᠳ ᠤᠨ ᠬᠤᠶᠠᠷ ᠪᠠᠶᠠᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠪᠠᠲᠤᠯᠠᠭᠰᠠᠨ ᠠᠴᠠ ᠭᠠᠳᠠᠨ᠎ᠠ᠂ ᠨᠢᠳᠤᠨᠤᠨ ᠠᠴᠠ ᠨᠠᠰᠢ ᠬᠠᠶᠢᠷᠤᠪ ᠤᠨ ᠲᠣᠬᠤᠢ ᠶᠢᠨ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠰᠡᠷᠭᠡᠶᠢᠯᠡᠬᠦ  ᠪᠠᠷ ᠭᠤᠤᠯ ᠪᠤᠯᠠᠭᠠᠨ᠂ᠠᠶᠤᠯ ᠲᠦᠭᠰᠢᠭᠦᠷᠢ ᠬᠠᠮᠢᠶᠠᠷᠬᠤ᠂ ᠪᠦᠬᠦ ᠶᠠᠪᠤᠴᠠ ᠶᠢ ᠬᠠᠮᠢᠶᠠᠷᠤᠨ ᠡᠵᠡᠮᠳᠡᠬᠦ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ︾ ᠵᠠᠷᠴᠢᠮ ᠤᠨ ᠶᠣᠰᠣᠭᠠᠷ᠂ ᠨᠢᠭᠡᠳᠦᠯᠲᠡᠶ ᠪᠠᠶᠢᠷᠢᠯᠠᠭᠤᠯᠬᠤ᠂ ᠲᠥᠪᠯᠡᠷᠡᠭᠦᠯᠦᠨ‌ᠠᠵᠢᠯᠯᠠᠬᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ ᠠᠷᠭ᠎ᠠ ᠮᠠᠶ᠋ᠢᠭ ᠢ ᠠᠪᠴᠤ᠂ ᠢᠳᠡᠭᠡᠨ ᠤ ᠠᠮᠤᠷ ᠲᠦᠪᠰᠢᠨ ᠢ ᠴᠡᠭᠴᠡᠯᠡᠨ ᠵᠠᠰᠠᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠭᠰᠡᠨ ᠪᠠᠶᠢᠨ᠎ᠠ᠃       ᠢᠳᠡᠭᠡᠨ ᠤ ᠤᠶᠢᠯᠡᠤᠡᠪᠤᠷᠢᠯᠡᠯ ᠤᠨ ᠭᠤᠭᠴᠤᠭ᠎ᠠ ᠳᠤ ᠢᠳᠡᠭᠡᠨ ᠤ ᠤᠶᠢᠯᠡᠤᠡᠪᠤᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠪᠣᠯᠤᠨ ᠭᠤᠤᠯ ᠠᠵᠢᠯ ᠡᠷᠬᠢᠯᠡᠭᠰᠡᠳ ᠤᠨ ᠪᠤᠯᠪᠠᠰᠤᠷᠠᠯ ᠢ ᠴᠢᠩᠭᠠᠷᠠᠭᠤᠯᠵᠤ᠂ ᠵᠥᠪᠰᠢᠶᠡᠷᠡᠯ ᠤᠨ ᠦᠨᠡᠮᠯᠡᠯ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠣᠳᠣᠬᠠᠨ ᠪᠣᠯᠲᠠᠯ᠎ᠠ᠂ ᠭᠡᠷᠡᠴᠢ ᠲᠡᠮᠳᠡᠭ ᠦᠭᠡᠢ ᠵᠢᠵᠢᠭ ᠤᠶᠢᠯᠡᠤᠡᠪᠤᠷᠢᠯᠡᠯ 183ᠡᠷᠤᠭᠡ ᠳᠤ ᠴᠣᠬᠢᠯᠲᠠ ᠥᠭᠴᠦ᠂ ᠡᠯ᠎ᠡ ᠲᠥᠷᠥᠯ ᠤᠨ ᠤᠶᠢᠯᠡᠤᠡᠪᠤᠷᠢᠯᠡᠯ ᠤᠨ ᠲᠥᠬᠦᠭᠡᠷᠦᠮᠵᠢ ᠶᠢ 1000 ᠭᠠᠷᠤᠶ ᠪᠠᠶᠢᠴᠠᠭᠠᠨ ᠬᠤᠷᠢᠶᠠᠵᠤ ᠠᠪᠴᠠᠶ᠃ ᠢᠳᠡᠭᠡᠨ ᠤ ᠠᠮᠤᠷ ᠲᠦᠪᠰᠢᠨ ᠢ ᠮᠥᠷᠳᠡᠨ ᠤᠬᠤᠴᠢᠯᠠᠵᠤ ᠪᠣᠯᠬᠤ᠂ᠢᠳᠡᠭᠡᠨ ᠤ ᠠᠵᠢᠯ ᠲᠥᠷᠥᠯ ᠤᠨ ᠢᠲᠡᠭᠡᠮᠵᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠬᠤ᠂ 107 ᠦᠢᠯᠡᠳᠪᠦᠷᠢᠯᠡᠯ ᠤᠨ ᠨᠢᠭᠡᠴᠡ ᠶᠢ ᠬᠠᠪᠰᠤᠷᠤᠨ ᠲᠡᠳᠬᠦᠵᠦ ᠪᠠᠶᠢᠭᠠᠳ ᠢᠳᠡᠭᠡᠨ ᠤ ᠦᠢᠯᠡᠳᠪᠦᠷᠢᠯᠡᠯ ᠡᠳ᠋ᠰᠢᠭᠦᠯᠦᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠱᠠᠭᠠᠷᠳᠠᠯᠭ᠎ᠠ ᠶᠢ ᠦᠨᠳᠦᠰᠦᠯᠡᠨ ᠪᠠᠶᠢᠷᠢᠰᠢᠭᠤᠯᠤᠯ᠂ ᠭᠠᠷ ᠤᠷᠠᠯᠠᠯ ᠤᠨ ᠴᠤᠪᠤᠷᠠᠯ ᠵᠡᠷᠭᠡ ᠳᠤ ᠪᠦᠬᠦ ᠲᠠᠯ᠎ᠠ ᠶᠢᠨ ᠵᠢᠷᠤᠭ ᠲᠥᠯᠥᠪᠯᠡᠭᠡ ᠬᠢᠵᠦ᠂ ᠢᠳᠡᠭᠡᠨ ᠦᠢᠯᠡᠳᠪᠦᠷᠢᠯᠡᠬᠦ ᠨᠢᠭᠡᠴᠡ ᠶᠢᠨ ᠦᠢᠯᠡᠳᠪᠦᠷᠢᠯᠡᠯ ᠤᠨ ᠲᠠᠯ᠎ᠠ ᠳᠤ ᠪᠠᠷᠢᠮᠵᠢᠶ᠎ᠠ ᠳᠤ ᠬᠦᠷᠬᠦ ᠶᠢ ᠪᠠᠲᠤᠯᠠᠪᠠ᠃ᠬᠢᠨᠠᠨ ᠬᠠᠷᠭᠤᠭᠤᠯᠤᠭᠠᠳ ᠥᠩᠭᠡᠷᠡᠭᠰᠡᠨ ᠵᠢᠵᠢᠭ ᠠᠵᠤ ᠠᠬᠤᠶᠢᠯᠠᠯ ᠲᠠᠢ 100%᠎ ᠪᠠᠷ ︽ᠢᠳᠡᠭᠡᠨ ᠤᠶᠢᠯᠡᠤᠡᠪᠤᠷᠢᠯᠡᠵᠤ ᠡᠳ᠋ᠰᠢᠭᠦᠯᠬᠦ ᠵᠢᠵᠢᠭ ᠠᠵᠤ ᠠᠬᠤᠶᠢᠯᠠᠯ ᠤᠨ ᠶᠠᠰᠤ ᠴᠢᠨᠠᠷ ᠤᠨ ᠠᠶᠤᠯ ᠦᠭᠡᠶ ᠶᠢᠨ ᠠᠮᠠᠯᠠᠯᠲᠠ ᠶᠢᠨ ᠪᠢᠴᠢᠭ︾᠂ ︽ᠢᠳᠡᠭᠡᠨ ᠤ ᠠᠶᠤᠯ ᠦᠭᠡᠶ ᠶᠢ ᠡᠵᠡᠮᠳᠡᠬᠦ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠪᠢᠴᠢᠭ︾᠎ ᠢ ᠲᠣᠭᠲᠠᠵᠤ᠂ ᠲᠡᠭᠦᠨ ᠤ ᠤᠶᠢᠯᠡᠤᠡᠪᠤᠷᠢᠯᠡᠵᠤ ᠡᠳ᠋ᠰᠢᠭᠦᠯᠬᠦ ᠳᠤ ᠬᠡᠷᠡᠭᠯᠡᠬᠦ ᠨᠡᠮᠡᠯᠲᠡ ᠤᠨ ᠪᠣᠳᠠᠰ ᠢ ᠳᠠᠩᠰᠠᠯᠠᠭᠤᠯᠬᠤ ᠬᠡᠷᠡᠭᠲᠡᠶ᠃ ᠪᠤᠯᠭᠤᠭᠰᠠᠨ ᠮᠢᠬ᠎ᠠ᠂ ᠪᠣᠤᠪᠤ ᠪᠣᠭᠤᠷᠰᠤᠭ᠂ ᠮᠠᠨᠲᠠᠤ᠂ ᠴᠡᠪᠡᠷ ᠤᠰᠤ᠂ ᠠᠷᠢᠬᠢᠨ ᠤ ᠵᠤᠶᠢᠯ ᠵᠡᠷᠭᠡ ᠲᠤᠰᠬᠠᠶ ᠪᠠᠶᠢᠴᠠᠭᠠᠯᠲᠠ ᠶᠢ ᠤᠷᠢᠳ ᠬᠤᠵᠢᠳ ᠥᠷᠨᠢᠭᠦᠯᠵᠦ᠂ ᠬᠡᠰᠡᠭ ᠤᠶᠢᠯᠡᠤᠡᠪᠤᠷᠢᠯᠡᠯ ᠤᠨ ᠠᠵᠤ ᠠᠬᠤᠶᠢᠯᠠᠯ ᠳᠤ ᠪᠣᠯᠪᠠᠰᠤᠷᠠᠭᠤᠯᠬᠤ ᠤᠶᠢᠯᠡᠤᠡᠪᠤᠷᠢ ᠶᠢᠨ ᠲᠠᠰᠤᠭ ᠤᠨ ᠤᠷᠴᠢᠨ ᠤ ᠡᠷᠡᠭᠦᠯ ᠬᠠᠮᠠᠭᠠᠯᠠᠯ ᠨᠠᠵᠠᠭᠠᠢ᠂ ᠪᠠᠷᠠᠭ᠎ᠠ ᠶᠢᠨ ᠡᠬᠡ ᠲᠠᠩᠰᠠ ᠥᠬᠡᠶ᠂ ᠢᠳᠡᠭᠡᠨ ᠤ ᠨᠡᠮᠡᠯᠲᠡ ᠡᠳ᠋ ᠬᠡᠷ ᠡᠭᠯᠡᠬᠦ ᠡᠬᠡ ᠲᠠᠩᠰᠠ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠭ᠎ᠠ ᠪᠠᠶᠢᠳᠠᠯ ᠳᠤ ᠴᠡᠭᠴᠡᠯᠡᠨ‌‍ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠴᠡᠭᠴᠡᠯᠡᠨ ᠰᠠᠶᠢᠵᠢᠷᠠᠭᠤᠯᠬᠤ ᠰᠢᠯᠭᠠᠨ ᠠᠪᠬᠤ ᠳᠤ ᠬᠢᠷᠢ ᠲᠡᠩᠴᠡᠪᠡᠯ ᠰᠠᠶ᠋ᠢ ᠤᠶᠢᠯᠡᠤᠡᠪᠤᠷᠢᠯᠡᠯ ᠢᠶᠠᠨ ᠰᠡᠷᠭᠦᠭᠡᠵᠦ ᠪᠣᠯᠤᠨ᠎ᠠ᠃      ᠢᠳᠡᠭᠡᠨ ᠤ ᠭᠦᠢᠯᠭᠡᠭᠡᠨ ᠤ ᠵᠠᠩᠭᠢᠯᠠᠭ᠎ᠠ ᠳᠤ᠂ ᠬᠠᠶᠢᠷᠤᠪ ᠤᠨ ᠲᠣᠬᠤᠶ ᠲᠣᠭᠤᠷᠢᠭ ︽ᠬᠤᠤᠰ ᠲᠠᠰᠢᠷᠠᠮ︾᠎ ᠤᠨ ᠰᠤᠭᠤᠴᠢᠨ ᠪᠠᠶᠢᠴᠠᠭᠠᠯᠲᠠ ᠪᠠᠷ ᠭᠤᠤᠯᠳᠠᠯᠭ᠎ᠠ ᠪᠣᠯᠭᠠᠭᠰᠠᠨ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢᠨ ᠳᠦᠷᠢᠮ ᠢ ᠬᠡᠷᠡᠭᠵᠢᠭᠦᠯᠵᠦ᠂ ᠵᠢᠷᠤᠮᠵᠢᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠢᠳᠡᠭᠡᠨ ᠡᠵᠡᠩᠨᠡᠬᠦ ᠡᠷᠦᠬᠡ ᠶᠢ ᠵᠢᠯᠣᠭᠤᠳᠤᠨ ᠣᠷᠣᠭᠤᠯᠬᠤ᠂ ᠡᠬᠡ ᠳᠠᠩᠰᠠ ᠶᠢ ᠪᠣᠷᠣᠯᠠᠭᠤᠯᠬᠤ ᠶᠢ ᠰᠠᠶᠢᠲᠤᠷ ᠬᠢᠵᠦ᠂ ᠢᠳᠡᠭᠡᠨ ᠤ ᠶᠠᠰᠤ ᠴᠢᠨᠠᠷ ᠤᠨ ᠠᠶᠤᠯ ᠦᠭᠡᠶ ᠶᠢᠨ ᠳᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠵᠦ᠂ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠭᠡᠷᠡᠴᠢ ᠪᠠᠷᠢᠮᠲᠠ ᠠᠪᠴᠤ ᠫᠢᠶᠣᠣ ᠠᠪᠤᠭᠰᠠᠨ ᠪᠠᠶᠢᠳᠠᠯ᠂ ᠢᠳᠡᠭᠡᠨ ᠪᠣᠯᠪᠠᠰᠤᠷᠠᠭᠤᠯᠬᠤ ᠶᠠᠪᠤᠴᠠ ᠳᠠᠬᠢ ᠲᠦᠭᠦᠬᠡᠶ ᠮᠠᠲ᠋ᠧᠷᠢᠶᠠᠯ ᠢ ᠬᠠᠳᠠᠭᠠᠯᠠᠵᠤ ᠪᠠᠶᠢᠭ᠎ᠠ ᠪᠠᠶᠢᠳᠠᠯ᠂ ᠢᠳᠡᠭᠡᠨ ᠤ ᠨᠡᠮᠡᠯᠲᠡ ᠡᠳ᠋ ᠢ ᠬᠡᠷᠡᠭᠯᠡᠵᠦ ᠪᠠᠶᠢᠭ᠎ᠠ ᠪᠠᠶᠢᠳᠠᠯ ᠵᠡᠷᠭᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠬᠡᠷᠡᠭᠲᠡᠶ᠃ ᠲᠤᠰᠬᠠᠶ ᠵᠤᠶᠢᠯ  ᠢᠶᠠᠷ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠤᠡᠪᠤᠷᠢᠯᠡᠵᠤ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ᠂ ᠲᠠᠷᠢᠶᠠᠯᠠᠬᠤ ᠮᠠᠯᠵᠢᠬᠤ ᠣᠷᠣᠨ ᠤ ᠢᠳᠡᠭᠡᠨ᠂ ᠨᠢᠭᠤᠴᠠ ᠪᠠᠷ ᠠᠷᠠᠯᠵᠢᠶᠠᠯᠠᠭᠰᠠᠨ ᠬᠥᠯᠳᠡᠭᠡᠭᠰᠡᠨ ᠮᠢᠬ᠎ᠠ ᠵᠢᠴᠢ ᠮᠢᠬᠠᠨ ᠪᠦᠲᠦᠭᠡᠭᠳᠡᠬᠦᠨ ᠪᠣᠷᠣᠯᠠᠭᠤᠯᠬᠤ᠂ ᠰᠤᠯᠠ ᠰᠠᠪᠠᠯᠠᠭᠰᠠᠨ ᠴᠠᠭᠠᠨ ᠠᠷᠢᠬᠢ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠵᠠᠰᠠᠯᠲᠠ ᠵᠡᠷᠭᠡ ᠠᠯᠢ ᠣᠯᠠᠨ ᠲᠤᠰᠬᠠᠶ ᠵᠤᠶᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠣᠯᠠᠨ ᠨᠡᠶᠢᠲᠡ ᠶᠢᠨ ᠡᠷᠡᠭᠦᠯ ᠮᠡᠨᠳᠦ ᠳᠤ ᠬᠤᠤᠷ ᠬᠦᠨᠤᠭᠡᠯ ᠤᠴᠠᠷᠠᠭᠤᠯᠬᠤ ᠨᠢᠭᠡ ᠪᠦᠯᠦᠭ ᠳᠤᠪᠤᠶᠢᠮ᠎ᠠ ᠠᠰᠠᠭᠤᠳᠠᠯ ᠢ ᠤᠰᠠᠳᠬᠠᠪᠠ᠃       ᠢᠳᠡᠭᠡᠨ ᠤᠮᠳᠠᠭᠠᠨ ᠤ ᠭᠤᠭᠴᠤᠭ᠎ᠠ ᠳᠤ᠂ ︽ᠪᠣᠬᠢᠷᠲᠤᠯ ᠥᠬᠡᠶ ᠢᠳᠡᠭᠡᠨ ᠤᠮᠳᠠᠭᠠᠨ︾᠎ ᠢ ᠡᠭᠦᠳᠦᠨ ᠪᠠᠶᠢᠭᠤᠯᠬᠤ ᠠᠵᠢᠯᠯᠠᠭ᠎ᠠ ᠪᠠᠷ ᠭᠠᠷᠳᠠᠴᠠ ᠪᠣᠯᠭᠠᠨ᠂ ᠢᠳᠡᠭᠡᠨ ᠤᠮᠳᠠᠭᠠᠨ ᠤ ᠠᠵᠢᠯ ᠲᠥᠷᠥᠯ ᠤᠨ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃       ᠶᠡᠷᠦᠩᠬᠡᠶ ᠳᠤᠨᠢ ᠠᠪᠴᠤ ᠬᠡᠯᠡᠪᠡᠯ᠂ ᠬᠠᠶᠢᠷᠤᠪ ᠤᠨ ᠲᠣᠬᠤᠢ ᠶᠢᠨ ᠲᠤᠭᠤᠷᠢᠭ ᠠᠴᠠ ᠴᠢᠩᠭ᠎ᠠ ᠱᠠᠭᠠᠷᠳᠠᠯᠭ᠎ᠠ ᠲᠠᠯᠪᠢᠵᠤ᠂ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠢᠳᠡᠭᠡᠨ ᠤ ᠠᠮᠤᠷ ᠲᠦᠪᠰᠢᠨ ᠢ ᠪᠠᠲᠤᠯᠠᠵᠤ᠂ ᠡᠨᠡ ᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠨᠠᠷᠢᠯᠢᠭ ᠨᠠᠶᠢᠳᠠᠪᠤᠷᠢᠵᠢᠭᠤᠯᠵᠤ᠂ ᠬᠤᠲᠠ ᠶᠢᠨ ᠠᠷᠠᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号