ᠬᠠᠶᠢᠷᠤᠪ ᠤᠨ ᠲᠤᠬᠤᠢ ᠲᠤᠭᠤᠷᠢᠭ ᠤᠨ ᠬᠢᠨᠠᠨ ᠪᠣᠳᠣᠬᠤ ᠲᠣᠪᠴᠢᠶ᠎ᠠ ᠰᠠᠯᠠᠭ᠎ᠠ ᠮᠥᠴᠢᠷ ᠤᠨ ᠲᠥᠰᠦᠪ ᠢ ᠭᠦᠢᠴᠡᠳᠬᠡᠬᠦ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠶᠢ ᠲᠠᠪᠤᠨ ᠲᠠᠯ᠎ᠠ ᠠᠴᠠ ᠲᠦᠯᠬᠢᠨ ᠠᠬᠢᠭᠤᠯᠵᠤ  ᠪᠠᠶᠢᠨ᠎ᠠ
ᠨᠡᠶᠢᠲᠡᠯᠡᠭᠰᠡᠨ ᠴᠠᠭ᠄
2020-01-07
      ᠬᠠᠶᠢᠷᠤᠪ ᠤᠨ ᠲᠣᠬᠤᠢ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠲᠠᠪᠤᠨ ᠲᠠᠯ᠎ᠠ ᠠᠴᠠ ᠭᠠᠷᠳᠠᠵᠤ᠂ 2019 ᠤᠨ ᠤ ᠰᠠᠯᠠᠭ᠎ᠠ ᠮᠥᠴᠢᠷ ᠤᠨ ᠲᠥᠰᠦᠪ ᠤᠨ ᠬᠡᠷᠡᠭᠵᠢᠭᠦᠯᠦᠯᠲᠡ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠶᠢ ᠠᠬᠢᠭᠤᠯᠤᠨ᠎ᠠ᠃      ᠨᠢᠭᠡ᠂ ᠲᠤᠭ᠎ᠠ ᠪᠠᠷᠢᠮᠲᠠ ᠠᠴᠠ ᠭᠠᠷᠳᠠᠵᠤ᠂ ᠡᠳ᠋ ᠤᠨ ᠵᠠᠰᠠᠭ ᠤᠨ ᠲᠤᠭ᠎ᠠ ᠪᠠᠷᠢᠮᠲᠠ ᠪᠣᠯᠤᠨ ᠲᠣᠭᠠᠴᠠᠭ᠎ᠠ ᠬᠢᠬᠦ ᠲᠥᠪ ᠤᠨ ᠡᠳ᠋ ᠤᠨ ᠶᠠᠪᠤᠳᠠᠯ ᠤᠨ ᠲᠤᠭ᠎ᠠ ᠪᠠᠷᠢᠮᠲᠠ ᠶᠢ ᠰᠢᠭᠰᠢᠨ ᠪᠠᠶᠢᠴᠠᠭᠠᠵᠤ ᠵᠠᠳᠠᠯᠬᠤ ᠪᠠᠷ ᠳᠠᠮᠵᠢᠭᠤᠯᠤᠨ᠂ 16 ᠰᠠᠯᠠᠭ᠎ᠠ ᠮᠥᠴᠢᠷ ᠨᠢᠭᠡᠴᠡ ᠳᠤ ᠬᠢᠨᠠᠨ ᠪᠣᠳᠣᠯᠲᠠ ᠬᠢᠬᠦ ᠪᠠᠷ ᠲᠣᠭᠲᠠᠭᠠᠵᠤ᠂ ᠲᠥᠰᠦᠪ ᠤᠨ ᠭᠦᠢᠴᠠᠤᠡᠭᠡᠯ ᠤᠨ ᠬᠢᠨᠠᠨ ᠪᠣᠳᠣᠯᠲᠠ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠪᠡ᠃      ᠬᠤᠶᠠᠷ᠂ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠠᠴᠠ ᠭᠠᠷᠳᠠᠵᠤ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢᠨ ᠪᠣᠢ ᠪᠦᠬᠦᠢ ᠳᠠᠩᠰᠠ ᠡᠷᠦᠬᠡ ᠶᠢᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠬᠡᠪᠴᠢᠶ᠎ᠡ ᠶᠢ ᠬᠢᠨᠠᠨ ᠪᠠᠶᠢᠴᠠᠭᠠᠵᠤ᠂ ᠲᠥᠰᠦᠪ ᠢ ᠨᠠᠶᠢᠷᠠᠭᠤᠯᠤᠨ ᠵᠣᠬᠢᠶᠠᠬᠤ ᠳᠤ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠭᠰᠡᠨ ᠪᠠ ᠬᠡᠷᠡᠭᠯᠡᠭᠰᠡᠨ ᠪᠠᠶᠢᠳᠠᠯ ᠢ ᠬᠢᠨᠠᠨ ᠪᠠᠶᠢᠴᠠᠭᠠᠵᠤ᠂ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠲᠥᠰᠦᠪ ᠢ ᠨᠠᠶᠢᠷᠠᠭᠤᠯᠤᠨ ᠵᠣᠬᠢᠶᠠᠬᠤ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      ᠭᠤᠷᠪᠠ᠂ ᠰᠤᠶᠢᠤᠡᠭᠡᠯ ᠬᠤᠷᠢᠶᠠᠬᠤ ᠠᠴᠠ ᠭᠠᠷᠳᠠᠵᠤ᠂ ᠰᠤᠶᠢᠤᠡᠭᠡᠯ ᠬᠤᠷᠢᠶᠠᠭᠰᠠᠨ ᠣᠷᠣᠯᠭ᠎ᠠ ᠶᠢ ᠲᠠᠲᠠᠪᠤᠷᠢᠯᠠᠨ ᠬᠤᠷᠢᠶᠠᠬᠤ᠂ ᠲᠤᠰᠢᠶᠠᠨ ᠬᠠᠳᠠᠭᠠᠯᠠᠭᠤᠯᠬᠤ ᠶᠠᠪᠤᠴᠠ ᠳᠤ ᠬᠢᠨᠠᠨ ᠪᠣᠳᠣᠯᠲᠠ‌‍ᠬᠢᠬᠦ ᠪᠠᠷ ᠳᠠᠮᠵᠢᠭᠤᠯᠤᠨ᠂ ᠰᠤᠶᠢᠤᠡᠭᠡᠯ ᠬᠤᠷᠢᠶᠠᠬᠤ ᠲᠠᠲᠠᠪᠤᠷᠢᠯᠠᠨ ᠲᠤᠰᠢᠶᠠᠬᠤ ᠶᠢᠨ ᠬᠠᠮᠢᠶᠠᠷᠤᠯᠲᠠ ᠶᠢ ᠡᠯ᠎ᠡ ᠰᠠᠯᠠᠭ᠎ᠠ ᠮᠥᠴᠢᠷ ᠤᠨ ᠬᠢᠨ ᠤ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠬᠠᠶ ᠲᠠᠨᠢᠯᠲᠠ ᠶᠢ ᠳᠡᠭᠡᠭᠰᠢᠯᠡᠭᠦᠯᠬᠦ ᠬᠡᠷᠡᠭᠲᠡᠶ᠃      ᠲᠦᠷᠪᠡ᠂ ᠵᠠᠷᠤᠯᠭ᠎ᠠ ᠠᠴᠠ ᠭᠠᠷᠳᠠᠵᠤ᠂ ᠡᠯ᠎ᠡ ᠰᠠᠯᠠᠭ᠎ᠠ ᠮᠥᠴᠢᠷ ᠤᠨ ᠵᠠᠷᠤᠯᠭ᠎ᠠ ᠶᠢᠨ ᠲᠣᠭᠲᠠᠭᠠᠯ ᠳᠤ ᠨᠡᠶᠢᠴᠡᠬᠦ ᠡᠰᠡᠬᠦ᠂ ᠦᠨᠡᠨ ᠪᠣᠳᠠᠲᠠᠶ᠂ ᠣᠨᠣᠪᠴᠢᠲᠠᠶ ᠪᠠᠶᠢᠬᠤ ᠡᠰᠡᠬᠦ ᠶᠢ ᠠᠩᠬᠠᠷᠴᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠠᠷᠴᠢᠮ ᠢ ᠲᠤᠤᠱᠯᠠᠭᠤᠯᠤᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃      ᠲᠠᠪᠤ᠂ ᠡᠳ᠋ ᠬᠥᠷᠥᠩᠭᠡ ᠠᠴᠠ ᠭᠠᠷᠳᠠᠵᠤ᠂ ᠡᠳ᠋ ᠬᠥᠷᠥᠩᠭᠡ ᠶᠢᠨ ᠬᠠᠮᠢᠶᠠᠷᠤᠯᠲᠠ ᠶᠠᠪᠤᠭᠤᠯᠬᠤ ᠦᠶ᠎ᠡ ᠶᠢᠨ ᠪᠡᠯᠡ ᠮᠥᠩᠭᠦ ᠶᠢᠨ ᠢᠷᠡᠯᠲᠡ᠂ ᠥᠭᠬᠦ ᠠᠷᠭ᠎ᠠ ᠮᠠᠶ᠋ᠢᠭ ᠵᠢᠴᠢ ᠡᠳ᠋ ᠬᠥᠷᠥᠩᠭᠡ ᠶᠢ ᠨᠡᠮᠡᠭᠳᠡᠭᠦᠯᠬᠦ᠂ ᠰᠢᠢᠤᠡᠪᠤᠷᠢᠯᠡᠬᠦ ᠪᠤᠶᠤ ᠪᠠᠭᠠᠰᠬᠠᠬᠤ ᠵᠡᠷᠭᠡ ᠵᠠᠩᠭᠢᠯᠠᠭ᠎ᠠ ᠪᠠᠷ ᠳᠠᠮᠵᠢᠭᠤᠯᠤᠨ ᠲᠣᠭᠲᠠᠭᠠᠯ ᠳᠤ ᠨᠡᠶᠢᠴᠡᠬᠦ ᠴᠢᠨᠠᠷ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠢᠨ ᠤᠯᠠᠮ ᠠᠴᠠ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号