ᠬᠠᠶᠢᠷᠤᠪ ᠤᠨ ᠲᠤᠬᠤᠢ ᠲᠤᠭᠤᠷᠢᠭ ᠤᠨ ᠴᠡᠭᠡᠯ ᠠᠭᠤᠯᠠᠨ ᠪᠠᠯᠭᠠᠰᠤ ᠳᠤ ᠴᠠᠭᠠᠨ ᠰᠠᠷ᠎ᠠ ᠶᠢᠨ ᠨᠠᠶᠢᠷ ᠵᠢᠴᠢ ᠰᠡᠯᠡᠭᠦᠴᠡᠯ ᠤᠨ ᠴᠠᠭᠠᠨ ᠰᠠᠷ᠎ᠠ ᠶᠢᠨ ᠪᠠᠷᠠᠭ᠎ᠠ ᠲᠡᠭᠦᠬᠦ ᠪᠠᠶᠠᠷ ᠶᠠᠪᠤᠭᠳᠠᠭᠤᠯᠪᠠ
ᠨᠡᠶᠢᠲᠡᠯᠡᠭᠰᠡᠨ ᠴᠠᠭ᠄
2020-01-07
     1 ᠰᠠᠷ᠎ᠠ ᠶᠢᠨ 4᠎ ᠤ ᠦᠳᠡ ᠡᠮᠦᠨ᠎ᠡ᠂ ᠬᠠᠶᠢᠷᠤᠪ ᠤᠨ ᠲᠤᠬᠤᠢ ᠲᠤᠭᠤᠷᠢᠭ ᠤᠨ ᠴᠡᠭᠡᠯ ᠠᠭᠤᠯᠠ  ᠪᠠᠯᠭᠠᠰᠤ ᠠᠴᠠ ᠭᠤᠤᠯᠯᠠᠨ ᠡᠷᠬᠢᠯᠡᠭᠰᠡᠨ᠂ ᠲᠣᠭᠤᠷᠢᠭ ᠤᠨ ᠰᠤᠷᠲᠠᠯ ᠤᠬᠠᠭᠤᠯᠭ᠎ᠠ ᠰᠣᠶᠣᠯ ᠤᠨ ᠲᠥᠪ ᠵᠡᠷᠭᠡ ᠨᠢᠭᠡᠴᠡ ᠠᠴᠠ ᠬᠠᠮᠵᠢᠯᠴᠠᠨ ᠡᠷᠬᠢᠯᠡᠭᠰᠡᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠤᠡᠪᠤᠷᠢᠳᠤ ᠳᠠᠶᠢᠯᠠᠯᠳᠤᠭᠠᠨ ᠬᠢᠵᠦ᠂ ᠦᠵᠡᠰᠬᠦᠯᠡᠩᠲᠦ ᠰᠠᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠤᠶ᠎ᠠ︾ ᠭᠡᠬᠦ ᠬᠠᠶᠢᠷᠤᠪ ᠤᠨ ᠲᠤᠬᠤᠢ ᠲᠤᠭᠤᠷᠢᠭ ᠤᠨ ᠴᠡᠭᠡᠯ ᠠᠭᠤᠯᠠ ᠪᠠᠯᠭᠠᠰᠤ ᠶᠢᠨ ᠴᠠᠭᠠᠨ ᠰᠠᠷ᠎ᠠ ᠶᠢᠨ ᠨᠠᠶᠢᠷ ᠵᠢᠴᠢ ᠰᠡᠯᠡᠭᠦᠴᠡᠯ ᠤᠨ ᠴᠠᠭᠠᠨ ᠰᠠᠷ᠎ᠠ ᠶᠢᠨ ᠪᠠᠷᠠᠭ᠎ᠠ ᠲᠡᠭᠦᠬᠦ ᠨᠠᠶᠢᠷ ᠨᠢ ᠴᠡᠭᠡᠯ ᠠᠭᠤᠯᠠ ᠪᠠᠯᠭᠠᠰᠤ ᠶᠢᠨ ᠰᠢᠨ ᠹᠧᠩ ᠲᠣᠰᠬᠤᠨ ᠳᠤ ᠦᠪᠡᠳᠡᠭᠰᠢ ᠶᠡᠬᠡᠪᠡᠷ ᠡᠬᠢᠯᠡᠪᠡ᠂ ᠴᠡᠭᠡᠯ ᠠᠭᠤᠯᠠ ᠪᠠᠯᠭᠠᠰᠤ ᠶᠢᠨ ᠡᠯ᠎ᠡ ᠲᠣᠰᠬᠤᠨ ᠤ ᠲᠠᠷᠢᠶᠠᠴᠢᠨ ᠪᠣᠯᠤᠨ ᠬᠤᠲᠠ ᠶᠢᠨ ᠣᠯᠠᠨ ᠲᠦᠮᠡᠨ ᠠᠵᠢᠯᠯᠠᠭ᠎ᠠ ᠶᠢ ᠲᠣᠭᠤᠷᠢᠨ‌ᠦᠵᠡᠵᠦ᠂ ᠣᠷᠣᠯᠴᠠᠵᠤ᠂ ᠲᠠᠷᠢᠶᠠᠯᠠᠬᠤ ᠣᠷᠣᠨ ᠤ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠪᠤᠰᠤᠳ ᠵᠢᠯ ᠤᠨ ᠪᠠᠷᠠᠭ᠎ᠠ ᠶᠢ ᠬᠤᠳᠠᠯᠳᠤᠨ ᠠᠪᠴᠤ᠂ ᠢᠳᠡᠪᠬᠢᠲᠡᠢ᠂ ᠡᠷᠡᠭᠦᠯ ᠰᠠᠢᠬᠠᠨ ᠴᠠᠭᠠᠨ ᠰᠠᠷ᠎ᠠ ᠶᠢᠨ ᠪᠠᠶᠠᠷ ᠤᠨ ᠠᠭᠤᠷ ᠠᠮᠢᠰᠬᠤᠯ ᠢ ᠪᠣᠶ ᠪᠣᠯᠭᠠᠵᠠᠶ᠃       ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠲᠣᠭᠯᠠᠯᠲᠠ ᠨᠢ ᠰᠢᠨ ᠹᠧᠩ ᠲᠣᠰᠬᠤᠨ ᠤ ᠪᠥᠵᠢᠭ ᠤᠨ ᠠᠩᠭᠢ ᠶᠢᠨ ᠲᠣᠰᠬᠤᠨ ᠤ ᠠᠷᠠᠳ ᠤᠨ ᠲᠣᠭᠯᠠᠭᠰᠠᠨ ᠪᠥᠵᠢᠭ ︽ᠡᠬᠡ ᠤᠯᠤᠰ ᠲᠠ ᠰᠠᠶᠢᠨ ᠤᠤ︾᠎ ᠠᠴᠠ ᠡᠬᠢᠯᠡᠵᠦ᠂ ᠵᠠᠯᠭᠠᠭᠠᠳ ᠡᠯ᠎ᠡ ᠲᠣᠰᠬᠤᠨ ᠤ ᠤᠷᠠᠨ ᠰᠠᠶᠢᠬᠠᠨ ᠤ ᠠᠩᠭᠢ ᠬᠤᠶᠢᠨ᠎ᠠ ᠬᠤᠶᠢᠨ᠎ᠠ ᠠᠴᠠ ᠪᠠᠨ ᠲᠠᠶᠢᠰᠠᠨ ᠳᠤ ᠭᠠᠷᠴᠤ᠂ ᠠᠭᠤᠳᠠᠮ ᠲᠠᠯᠠᠪᠠᠢ ᠶᠢᠨ ᠪᠥᠵᠢᠭ᠂ ᠬᠤᠶᠠᠷ ᠬᠥᠮᠦᠨ ᠤ ᠲᠠᠶᠢᠰᠠ᠂ ᠭᠤᠴᠣᠯᠠᠯ ᠳᠠᠭᠤᠤ᠂ ᠮᠣᠷᠢᠨ ᠬᠤᠭᠤᠷ ᠤᠨ ᠨᠠᠶᠢᠷᠠᠯ ᠬᠥᠭᠵᠢᠮ ᠪᠣᠯᠵᠤ᠂ ᠸᠠᠩ ᠶᠤᠸᠠᠨ ᠳ᠋ᠢ ᠲᠣᠰᠬᠤᠨ ᠤ ︽ᠥᠯᠵᠡᠶ ᠪᠡᠯᠭᠡᠲᠦ ᠳᠤᠮᠳᠠᠳᠤ ᠤᠯᠤᠰ ᠤᠨ ᠤᠨ︾᠎ ᠨᠢ ᠣᠯᠠᠨ ᠲᠦᠮᠡᠨ ᠤ ᠨᠢᠳᠦ ᠭᠢᠯᠠᠰᠤᠮ᠎ᠠ ᠰᠢᠨ᠎ᠡ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠡᠶ︔ ᠲᠣᠮᠣ ᠫᠧᠩ ᠲᠠᠷᠢᠭᠰᠠᠨ ᠲᠠᠷᠢᠶᠠᠴᠢᠨ ᠡᠷᠦᠬᠡ ᠥᠪᠡᠷ ᠤᠨ ᠰᠢᠨ᠎ᠡ ᠰᠣᠷᠭᠤᠭ᠂ ᠪᠣᠬᠢᠷᠲᠤᠯ ᠦᠭᠡᠢ ᠲᠠᠷᠢᠶᠠᠯᠠᠩ ᠤᠨ ᠠᠷᠠᠯᠵᠢᠶᠠᠨ ᠤ ᠪᠦᠲᠦᠭᠡᠭᠳᠡᠬᠦᠨ ᠢᠶᠠᠨ ᠯᠠᠩᠭᠦᠶ ᠳᠡᠭᠡᠷ᠎ᠡ ᠭᠠᠷᠭᠠᠵᠤ᠂ ᠬᠤᠲᠠ ᠶᠢᠨ ᠠᠷᠠᠳ ᠲᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ︕      ᠴᠡᠭᠡᠯ ᠠᠭᠤᠯᠠ ᠪᠠᠯᠭᠠᠰᠤᠨ ᠤ ᠴᠠᠭᠠᠨ ᠰᠠᠷ᠎ᠠ ᠶᠢᠨ ᠪᠠᠷᠠᠭ᠎ᠠ ᠶᠢᠨ ᠪᠠᠶᠠᠷ ᠨᠢ ᠤᠷᠠᠨ ᠰᠠᠶᠢᠬᠠᠨ ᠤ ᠲᠣᠭᠯᠠᠯᠲᠠ᠂ ᠵᠢᠮᠢᠰᠭᠡᠨ᠎ᠡ ᠲᠡᠭᠦᠬᠦ᠂ ᠬᠥᠳᠡᠭᠡ ᠲᠣᠰᠬᠤᠨ ᠢᠶᠠᠷ ᠵᠤᠭᠠᠴᠠᠬᠤ ᠵᠡᠷᠭᠡ ᠠᠵᠢᠯᠯᠠᠭ᠎ᠠ ᠲᠣᠬᠢᠷᠠᠭᠤᠯᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠪᠣᠯᠤᠨ ᠥᠷᠭᠡᠨ ᠣᠯᠠᠨ ᠬᠤᠲᠠ ᠶᠢᠨ ᠠᠷᠠᠳ ᠤᠨ ᠬᠤᠭᠤᠷᠣᠨᠳᠣ ᠬᠤᠳᠠᠯᠳᠤᠨ ᠠᠪᠬᠤ ᠪᠠ ᠪᠣᠷᠣᠯᠠᠭᠤᠯᠬᠤ ᠶᠢ ᠠᠬᠢᠭᠤᠯᠬᠤ ᠬᠥᠭᠦᠷᠭᠡ ᠲᠠᠯᠪᠢᠵᠠᠶ︔ ᠬᠠᠶᠢᠷᠤᠪ ᠤᠨ ᠲᠤᠬᠤᠢ ᠲᠤᠭᠤᠷᠢᠭ ᠤᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠬᠠᠭᠤᠯᠵᠤ᠂ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠵᠠᠶ︔ ᠦᠬᠠᠶ ᠬᠤᠲᠠ ᠶᠢᠨ ᠠᠷᠠᠳ ᠲᠤ ᠠᠮᠤᠷ ᠲᠦᠪᠰᠢᠨ᠂ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠣᠶ ᠪᠣᠯᠭᠠᠵᠤ᠂ ᠥᠷᠭᠡᠨ ᠣᠯᠠᠨ ᠬᠤᠲᠠ ᠶᠢᠨ ᠠᠷᠠᠳ ᠢ ᠰᠠᠨᠠᠭ᠎ᠠ ᠠᠮᠤᠷ᠂ ᠴᠢᠨᠠᠷ ᠰᠠᠶᠢᠲᠠᠶ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠪᠣᠯᠭᠠᠨ᠎ᠠ᠃    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号