ᠬᠠᠶᠢᠷᠤᠪ ᠤᠨ ᠲᠤᠬᠤᠢ ᠲᠤᠭᠤᠷᠢᠭ ᠤᠨ ᠰᠤᠷᠲᠠᠯ ᠤᠬᠠᠭᠤᠯᠭ᠎ᠠ ᠰᠣᠶᠣᠯ ᠤᠨ ᠲᠥᠪ ᠤᠨ ︽ᠰᠢ ᠲᠠᠭᠤᠤᠷᠢᠯᠢᠬ ᠢ ᠦᠨᠳᠦᠰᠦᠨ ᠱᠠᠲᠤᠨ ᠳᠤ ᠭᠦᠷᠭᠡᠬᠦ︾ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠰᠣᠶᠣᠯ ᠪᠠ ᠵᠤᠭᠠᠴᠠᠯ ᠤᠨ ᠰᠠᠶᠢᠨ ᠳᠤᠷ᠎ᠠ ᠶᠢᠨ ᠤᠶᠢᠯᠡᠴᠢᠯᠡᠭᠡᠨ ᠤ ᠲᠥᠷᠥᠯ ᠵᠤᠶᠢᠯ︾᠎ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2020-01-07
     ᠤᠶᠢᠷ᠎ᠠ ᠳᠤ᠂ ︽2019 ᠤᠨ ᠤ ᠪᠥᠬᠦ ᠣᠷᠣᠨ ᠤ ᠰᠢᠯᠢᠳᠡᠭ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠤᠶᠢᠯᠡᠴᠢᠯᠡᠭᠡᠨ ᠤ ᠲᠥᠷᠥᠯ ᠵᠤᠶᠢᠯ᠂ ᠪᠦᠯᠬᠦᠮ ᠨᠡᠶᠢᠲᠡ᠂ ᠰᠠᠶᠢᠨ ᠳᠤᠷ᠎ᠠ ᠶᠢᠨ ᠤᠶᠢᠯᠡᠴᠢᠯᠡᠭᠴᠢ ᠶᠢ ᠨᠡᠷᠡᠶᠢᠳᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠮᠡᠳᠡᠭᠳᠡᠯ︾᠎ ᠢ ᠦᠨᠳᠦᠰᠦᠯᠡᠪᠡᠯ᠂ ᠬᠠᠶᠢᠷᠤᠪ ᠤᠨ ᠲᠤᠬᠤᠢ ᠲᠤᠭᠤᠷᠢᠭ ᠤᠨ ᠰᠤᠷᠲᠠᠯ ᠤᠬᠠᠭᠤᠯᠭ᠎ᠠ ᠰᠣᠶᠣᠯ ᠤᠨ ᠲᠥᠪ ᠤᠨ ︽ᠰᠢ ᠲᠠᠭᠤᠤᠷᠢᠯᠢᠬ ᠢ ᠦᠨᠳᠦᠰᠦᠨ ᠱᠠᠲᠤᠨ ᠳᠤ ᠣᠷᠣᠭᠤᠯᠬᠤ︾ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠤᠶᠢᠯᠡᠴᠢᠯᠡᠭᠡᠨ ᠤ ᠲᠥᠷᠥᠯ ᠵᠤᠶᠢᠯ︾᠎ ᠢᠶᠠᠷ ᠦᠨᠡᠯᠡᠭᠳᠡᠪᠡ᠃      ᠬᠠᠶᠢᠷᠤᠪ ᠤᠨ ᠲᠤᠬᠤᠢ ᠲᠤᠭᠤᠷᠢᠭ ᠤᠨ ᠰᠤᠷᠲᠠᠯ ᠤᠬᠠᠭᠤᠯᠭ᠎ᠠ ᠰᠣᠶᠣᠯ ᠤᠨ ᠲᠥᠪ 2016 ᠣᠨ ᠠᠴᠠ ᠡᠬᠢᠯᠡᠨ ᠰᠢ ᠲᠠᠭᠤᠤᠷᠢᠯᠢᠬ ᠤᠨ ᠰᠠᠶᠢᠨ ᠳᠤᠷ᠎ᠠ ᠶᠢᠨ ᠤᠶᠢᠯᠡᠴᠢᠯᠡᠭᠴᠢ ᠶᠢ ᠳᠠᠭᠠᠭᠤᠯᠤᠨ᠂ ︽ᠰᠣᠩᠭᠤᠳᠠᠭ ᠪᠦᠲᠦᠭᠡᠯ ᠢ ᠤᠯᠠᠮᠵᠢᠯᠠᠨ ᠵᠠᠯᠭᠠᠮᠵᠢᠯᠠᠵᠤ᠂ ᠰᠣᠶᠣᠯ ᠢ ᠬᠠᠮᠲᠤ ᠪᠠᠷ ᠡᠳ᠋ᠯᠡᠬᠦ︾᠎ ᠪᠠᠷ ᠭᠤᠤᠯ ᠰᠡᠳᠦᠪ ᠪᠣᠯᠭᠠᠵᠤ᠂ ︽ᠰᠢ ᠲᠠᠭᠤᠤᠷᠢᠯᠢᠬ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠪᠡ︔ ᠰᠢ ᠲᠠᠭᠤᠤᠷᠢᠯᠢᠬ ᠤᠨ ᠤᠷᠠᠯᠢᠭ ᠢ ᠰᠤᠷᠭᠠᠭᠤᠯᠢ ᠶᠢᠨ ᠬᠢᠴᠢᠶᠡᠯ ᠤᠨ ᠲᠠᠩᠬᠢᠮ᠂ ᠠᠷᠠᠳ ᠣᠯᠠᠨ ᠤ ᠳᠡᠷᠭᠡᠳᠡ ᠬᠦᠷᠭᠡᠵᠤ᠂ ᠡᠯ᠎ᠡ ᠵᠤᠶᠢᠯ ᠤᠨ ᠠᠵᠢᠯᠯᠠᠭᠠᠨ ᠤ ᠠᠴᠢᠶᠠᠯᠠᠪᠤᠷᠢ ᠶᠢ ᠢᠳᠡᠪᠬᠢᠲᠡᠢ ᠠᠰᠢᠭᠯᠠ᠂ ᠰᠢ ᠲᠠᠭᠤᠤᠷᠢᠯᠢᠬ ᠤᠨ ᠲᠣᠭᠯᠠᠯᠲᠠ ᠭᠠᠷᠭᠠᠬᠤ᠂ ᠬᠠᠪᠰᠤᠷᠤᠨ ᠵᠢᠯᠣᠭᠤᠳᠬᠤ ᠠᠵᠢᠯᠯᠠᠭ᠎ᠠ ᠡᠷᠬᠢᠯᠡᠵᠦ᠂ ᠰᠢ ᠲᠠᠭᠤᠤᠷᠢᠯᠢᠬ ᠤᠨ ᠰᠣᠶᠣᠯ ᠤᠨ ᠰᠤᠷᠤᠯᠴᠠᠯᠭ᠎ᠠ᠂ ᠤᠯᠠᠮᠵᠢᠯᠠᠨ ᠳᠠᠮᠵᠢᠭᠤᠯᠬᠤ ᠠᠭᠤᠷ ᠠᠮᠢᠰᠬᠤᠯ ᠢ ᠪᠤᠢ ᠪᠣᠯᠭᠠᠵᠤ᠂ ︽ᠦᠨᠳᠦᠰᠦᠲᠡᠨ ᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠰᠣᠶᠣᠯ ᠤᠨ ᠰᠣᠩᠭᠤᠳᠠᠭ ᠪᠦᠲᠦᠭᠡᠯ ᠢ ᠤᠯᠠᠮᠵᠢᠯᠠᠨ ᠵᠠᠯᠭᠠᠮᠵᠢᠯᠠᠬᠤ︾ ᠰᠣᠶᠣᠯ ᠤᠨ ᠨᠡᠷᠡᠲᠦ ᠲᠥᠷᠥᠯ ᠲᠡᠮᠳᠡᠭᠲᠦ ᠶᠢ ᠬᠦᠴᠦᠯᠡᠨ ᠪᠤᠢ ᠪᠣᠯᠭᠠᠬᠤ ᠶᠢᠨ ᠤᠯᠠᠮ ᠠᠴᠠ ᠳᠤᠮᠳᠠᠳᠤ ᠶᠢᠨ ᠤᠯᠠᠮᠵᠢᠯᠠᠯᠲᠤ ᠰᠢ ᠲᠠᠭᠤᠤᠷᠢᠯᠢᠬ ᠤᠨ ᠰᠣᠶᠣᠯ ᠢ ᠪᠦᠬᠦ ᠲᠠᠯ᠎ᠠ ᠪᠠᠷ ᠳᠡᠯᠭᠡᠷᠡᠭᠦᠯᠬᠦ ᠪᠠ ᠲᠦᠭᠡᠮᠡᠯᠵᠢᠭᠦᠯᠬᠦ ᠶᠢ ᠪᠡᠶᠡᠯᠡᠭᠦᠯᠵᠦ᠂ ︽ᠰᠢ ᠲᠠᠭᠤᠤᠷᠢᠯᠢᠬ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢ ᠪᠡᠶᠡᠯᠡᠭᠦᠯᠵᠦ᠂ ᠰᠢ ᠲᠠᠭᠤᠤᠷᠢᠯᠢᠬ ᠤᠨ ᠤᠷᠠᠯᠢᠭ ᠢ ᠳᠡᠯᠭᠡᠷᠡᠭᠦᠯᠬᠦ᠂ ᠲᠦᠭᠡᠮᠡᠯᠵᠢᠭᠦᠯᠬᠦ᠂ ᠰᠢ ᠲᠠᠭᠤᠤᠷᠢᠯᠢᠬ ᠤᠨ ᠰᠣᠶᠣᠯ ᠢ ᠪᠠᠳᠠᠷᠠᠭᠤᠯᠬᠤ ᠪᠦᠲᠦᠮᠵᠢᠲᠡᠶ ᠬᠡᠯᠪᠡᠷᠢ ᠪᠣᠯᠭᠠᠨ᠎ᠠ᠃       ᠣᠯᠠᠨ ᠵᠢᠯ ᠤᠨ ᠲᠤᠷᠰᠢ᠂ ᠬᠠᠶᠢᠷᠤᠪ ᠤᠨ ᠲᠤᠬᠤᠢ ᠲᠤᠭᠤᠷᠢᠭ ᠤᠨ ᠰᠤᠷᠲᠠᠯ ᠤᠬᠠᠭᠤᠯᠭ᠎ᠠ ᠰᠣᠶᠣᠯ ᠤᠨ ᠲᠥᠪ ᠢᠮᠠᠭᠲᠠ ᠬᠠᠶᠢᠷᠤᠪ ᠤᠨ ᠲᠤᠬᠤᠢ ᠲᠤᠭᠤᠷᠢᠭ ᠤᠨ ᠣᠯᠠᠨ ᠲᠦᠮᠡᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠬᠦ ᠪᠠᠷ ᠬᠠᠷᠠᠯᠲᠠ ᠪᠣᠯᠭᠠᠵᠤ᠂ ᠡᠯ᠎ᠡ ᠲᠥᠷᠥᠯ ᠤᠨ ᠣᠯᠠᠨ ᠲᠦᠮᠡᠨ ᠤ ᠰᠣᠶᠣᠯ ᠤᠨ ᠤᠶᠢᠯᠡᠴᠢᠯᠡᠭᠡᠨ ᠤ ᠠᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠲᠦᠮᠡᠨ ᠤ ᠰᠣᠶᠣᠯ ᠤᠨ ᠠᠵᠢᠯ ᠤᠨ ᠬᠦᠷᠢᠶᠡᠨ ᠳᠤ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠲᠠᠢ ᠪᠣᠯᠵᠤ᠂ ᠬᠥᠮᠦᠰ ᠤᠨ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠤᠭᠰᠠᠨ ᠪᠠᠶᠢᠨ᠎ᠠ᠃    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号