ᠬᠠᠶᠢᠷᠤᠪ ᠤᠨ ᠲᠣᠬᠤᠢ ᠲᠣᠭᠤᠷᠢᠭ ᠰᠢᠯᠢᠳᠡᠭ ᠡᠮᠨᠡᠯᠭᠡ ᠠᠷᠠᠳ ᠲᠤ ᠠᠰᠢᠭ ᠬᠦᠷᠲᠡᠭᠡᠬᠦ ᠲᠦᠭᠡᠮᠡᠯ ᠣᠷᠣᠨ ᠢ ᠪᠦᠲᠤᠭᠡᠨ ᠪᠠᠶᠢᠭᠤᠯᠵᠤ ᠡᠮ ᠡᠮᠨᠡᠯᠭᠡ ᠶᠢᠨ ᠤᠶᠢᠯᠡᠴᠢᠯᠡᠭᠡ ᠦᠷᠭᠦᠯᠵᠢᠯᠡᠨ ᠰᠠᠶᠢᠵᠢᠷᠠᠪᠠ
ᠨᠡᠶᠢᠲᠡᠯᠡᠭᠰᠡᠨ ᠴᠠᠭ᠄
2020-01-08
     ᠬᠠᠶᠢᠷᠤᠪ ᠤᠨ ᠲᠣᠬᠤᠢ ᠲᠣᠭᠤᠷᠢᠭ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠯᠦᠭᠡ ᠲᠣᠬᠢᠷᠠᠯᠴᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠬᠦ ᠪᠠᠷ ᠬᠠᠷᠠᠯᠲᠠ ᠪᠣᠯᠭᠠᠵᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠭᠤᠤᠯᠳᠠᠯᠭ᠎ᠠ ᠶᠢ ᠠᠳᠬᠤᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠮᠴᠢᠯᠡᠭᠡ ᠶᠢ ᠰᠢᠯᠢᠳᠡᠭᠵᠢᠭᠦᠯᠬᠦ ᠲᠦᠭᠡᠮᠡᠯ ᠬᠠᠷᠠᠭᠠᠯᠵᠠᠯ ᠤᠨ ᠣᠷᠣᠨ ᠢ ᠲᠦᠷᠭᠡᠳᠬᠡᠨ ᠪᠠᠶᠢᠭᠤᠯᠵᠤ᠂ ᠡᠷᠡᠭᠦᠯ ᠡᠩᠬᠡ ᠬᠠᠶᠢᠷᠤᠪ ᠤᠨ ᠲᠤᠬᠤᠢ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠪᠦᠬᠦ ᠲᠤᠭᠤᠷᠢᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠬᠥᠭᠵᠢᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠪᠦᠬᠦ ᠲᠤᠭᠤᠷᠢᠭ ᠤᠨ ᠰᠠᠭᠤᠭᠠᠯᠢ ᠠᠷᠠᠳ ᠤᠨ ᠡᠷᠡᠭᠦᠯ ᠴᠢᠭᠢᠷᠠᠭ ᠢ ᠪᠠᠬᠢᠵᠢᠭᠦᠯᠦᠨ᠂ ᠡᠯ᠎ᠡ ᠵᠤᠶᠢᠯ  ᠤᠨ ᠠᠵᠢᠯ ᠳᠤ ᠴᠥᠮ ᠵᠣᠬᠢᠬᠤ ᠦᠷ᠎ᠡ ᠪᠦᠲᠦᠮᠵᠢ ᠣᠯᠪᠠ᠃      ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠵᠤ᠂ ᠠᠯᠢ ᠣᠯᠠᠨ ᠬᠥᠮᠦᠨ ᠠᠮᠠ ᠶᠢᠨ ᠬᠠᠷᠠᠭᠠᠯᠵᠠᠯ ᠤᠨ ᠨᠥᠬᠦᠴᠡᠯ ᠢ ᠪᠣᠶ ᠪᠣᠯᠭᠠᠵᠤ᠂ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ᠂ ᠤᠶᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ᠂ ᠤᠶᠢᠯᠡᠳᠤᠯᠭᠡ ᠶᠢᠨ ᠪᠣᠯᠪᠠᠰᠤᠷᠠᠯ ᠢ ᠴᠢᠬᠤᠯᠠᠴᠢᠯᠠᠬᠤ ᠵᠡᠷᠭᠡ ᠲᠠᠯ᠎ᠠ ᠪᠠᠷ ᠨᠢᠭᠡ ᠢᠵᠢ ᠴᠢᠳᠠᠪᠤᠷᠢᠲᠠᠨ ᠢ ᠦᠯᠡᠳᠡᠭᠡᠵᠦ ᠴᠢᠳᠠᠪᠤᠷᠢᠲᠠᠨ ᠢ ᠬᠡᠷᠡᠭᠯᠡᠬᠦ ︽ᠬᠠᠮ ᠨᠢᠳᠤᠷᠭ᠎ᠠ︾᠎ ᠪᠠᠷ ᠳᠠᠮᠵᠢᠭᠤᠯᠤᠨ᠂ 2019 ᠤᠨ ᠤ 3 ᠰᠠᠷ᠎ᠠ ᠳᠤ ᠬᠠᠶᠢᠷᠤᠪ ᠤᠨ ᠲᠣᠬᠤᠢ ᠲᠣᠭᠤᠷᠢᠭ ᠲᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠲᠤᠰᠬᠠᠶ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ 59 ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠪᠠ᠂ ᠡᠭᠦᠨ ᠳᠤ᠂ ᠳᠤᠮᠳᠠ ᠳᠡᠭᠡᠳᠤ ᠵᠡᠷᠭᠡ ᠶᠢᠨ ᠮᠡᠷᠭᠡᠵᠢᠯ ᠤᠨ ᠴᠢᠳᠠᠪᠤᠷᠢᠲᠠᠨ ᠢ ᠣᠨᠴᠠᠭᠠᠢ ᠣᠷᠣᠭᠤᠯᠤᠨ ᠠᠪᠴᠢᠷᠠᠭᠰᠠᠨ 12 ᠬᠥᠮᠦᠨ᠂ ᠠᠨᠠᠭᠠᠬᠤ ᠤᠬᠠᠭᠠᠨ ᠤ ᠳᠡᠭᠡᠳᠤ ᠰᠤᠷᠭᠠᠭᠤᠯᠢ ᠶᠢᠨ ᠣᠶᠤᠲᠠᠨ ᠨᠡᠶᠢᠲᠡ 47 ᠬᠥᠮᠦᠨ ᠪᠣᠶ᠃       ᠱᠠᠲᠤ ᠬᠤᠪᠢᠶᠠᠨ ᠣᠨᠣᠰᠢᠯᠠᠨ ᠡᠮᠨᠡᠬᠦ ᠪᠠᠶᠢᠭᠤᠯᠤᠯᠲᠠ ᠶᠢ ᠲᠦᠷᠭᠡᠳᠬᠡᠵᠦ᠂ ︽ᠭᠤᠷᠪᠠ ᠶᠢ ᠬᠢᠵᠦ ᠪᠣᠳᠠᠲᠠᠶ ᠪᠠᠷ ᠭᠤᠷᠪᠠ ᠶᠢ ᠠᠬᠢᠭᠤᠯᠬᠤ︾ᠢᠨᠵᠧᠨᠧᠷᠢᠩ ᠢ ᠬᠡᠷᠡᠭᠵᠢᠭᠦᠯᠦᠨ᠎ᠡ᠄ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠡᠷᠡᠭᠵᠢᠭᠦᠯᠵᠦ᠂ ᠲᠤᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠪᠠᠷ ᠲᠥᠪ ᠪᠣᠯᠭᠠᠨ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠵᠠᠰᠠᠭ ᠤᠨ ᠣᠷᠳᠣᠨ ᠤ ᠡᠷᠬᠢᠯᠡᠭᠰᠡᠨ 5 ᠦᠨᠳᠦᠰᠦᠨ ᠱᠠᠲᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠣᠷᠣᠨ ᠪᠦᠰᠡ ᠶᠢᠨ ᠡᠮ ᠡᠮᠨᠡᠯᠭᠡ ᠶᠢᠨ ᠤᠶᠢᠯᠡᠴᠢᠯᠡᠭᠡᠨ ᠤ ᠬᠠᠮᠲᠤ ᠶᠢᠨ ᠴᠣᠭᠴᠠ ᠶᠢ ᠬᠠᠮᠤᠷᠴᠤ᠂ ᠡᠮ ᠡᠮᠨᠡᠯᠭᠡ ᠶᠢᠨ ᠮᠡᠷᠭᠡᠵᠢᠯ ᠤᠨ 5 ᠤᠶᠢᠯᠡᠴᠢᠯᠡᠭᠡᠨ ᠤ ᠠᠩᠭᠢ ᠶᠢ ᠬᠠᠮᠤᠷᠴᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠳᠤ ᠲᠣᠭᠤᠷᠢᠨ ᠡᠮᠨᠡᠬᠦ᠂ ᠡᠭᠡᠯᠵᠢᠯᠡᠨ ᠡᠮᠨᠡᠬᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠱᠠᠲᠤ ᠶᠢ ᠯᠠᠪᠳᠠᠭᠤᠨ ᠪᠠᠲᠤᠲᠠᠶ ᠬᠦᠴᠦᠷᠬᠡᠭᠵᠢᠭᠦᠯᠦᠨ᠂ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ 43 ᠭᠡᠷ ᠪᠦᠯᠢ ᠶᠢᠨ ᠬᠠᠷᠢᠭᠤᠴᠠᠯᠭᠠᠲᠤ ᠡᠮᠴᠢ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠨᠡᠶᠢᠲᠡ 1022000 ᠬᠥᠮᠦᠨ ᠳᠤ ᠭᠡᠷ᠎ᠡ ᠲᠣᠭᠲᠠᠵᠤ᠂ ᠪᠦᠷᠬᠦᠴᠡ ᠶᠢᠨ ᠨᠣᠷᠮ᠎ᠠ ᠨᠢ 32.3 % ᠪᠠᠶᠢᠵᠤ᠂ ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠭᠰᠠᠨ ᠨᠣᠷᠮ᠎ᠠ 83% ᠪᠠᠶᠢᠵᠤ᠂ 28 ᠭᠤᠤᠯᠯᠠᠭᠴᠢ ᠡᠮᠴᠢ ᠶᠢ 5 ᠨᠡᠶᠢᠭᠡᠮ ᠲᠣᠭᠤᠷᠢᠭ ᠤᠨ ᠲᠥᠪ ᠲᠤ ᠲᠣᠮᠢᠯᠠᠨ ᠤᠷᠲᠤ ᠬᠤᠭᠤᠴᠠᠭ᠎ᠠ ᠪᠠᠷ ᠣᠨᠣᠰᠢᠯᠠᠨ ᠡᠮᠨᠡᠭᠦᠯᠵᠦ᠂ ᠡᠮᠨᠡᠯᠭᠡ ᠶᠢᠨ ᠬᠤᠷᠢᠶ᠎ᠠ 5 ᠮᠡᠷᠭᠡᠵᠢᠯ ᠢᠶᠠᠷ ᠬᠠᠪᠰᠤᠷᠤᠨ ᠲᠡᠳᠬᠦᠬᠦ ᠪᠦᠯᠬᠦᠮ ᠪᠠᠶᠢᠭᠤᠯᠤᠨ ᠤᠷᠲᠤ ᠬᠤᠭᠤᠴᠠᠭ᠎ᠠ ᠪᠠᠷ ᠬᠠᠪᠰᠤᠷᠤᠨ ᠲᠡᠳᠬᠦᠬᠦ ᠶᠢ ᠥᠷᠨᠢᠭᠦᠯᠪᠡ᠃      ᠬᠠᠶᠢᠷᠤᠪ ᠤᠨ ᠲᠣᠬᠤᠢ ᠲᠣᠭᠤᠷᠢᠭ ᠢᠮᠠᠭᠲᠠ ᠪᠦᠬᠦ ᠲᠤᠭᠤᠷᠢᠭ ᠤᠨ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠡᠷᠡᠭᠦᠯ ᠰᠠᠷᠠᠭᠤᠯ ᠠᠮᠢᠳᠤᠷᠠᠯ ᠢ ᠰᠢᠯᠢᠳᠡᠭᠵᠢᠭᠦᠯᠬᠦ ᠡᠷᠡᠭᠦᠯ ᠮᠡᠨᠳᠦ ᠶᠢᠨ ᠤᠶᠢᠯᠡᠴᠢᠯᠡᠭᠡ ᠶᠢ ᠴᠢᠷᠮᠠᠶᠢᠨ ᠲᠦᠭᠡᠮᠡᠯᠵᠢᠭᠦᠯᠵᠦ᠂ ᠡᠷᠡᠭᠦᠯ ᠮᠡᠨᠳᠦ ᠶᠢᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠶᠢᠨ᠂ ᠪᠦᠬᠦ ᠦᠶᠡᠯᠡᠯ ᠤᠨ ᠬᠤᠭᠤᠴᠠᠭᠠᠨ ᠳᠤ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号