ᠳᠤᠮᠳᠠᠳᠤ ᠣᠯᠣᠰ ᠤᠨ ᠡᠪ ᠬᠠᠮᠲᠤ ᠨᠠᠮ ᠤᠨ ᠬᠠᠶᠢᠷᠤᠪ ᠤᠨ ᠲᠣᠬᠤᠢ ᠲᠣᠭᠤᠷᠢᠭ ᠤᠨ ᠨᠠᠢᠮᠠᠳᠣᠭᠠᠷ ᠬᠤᠭᠤᠴᠠᠭᠠᠨ ᠤ ᠳᠣᠯᠣᠳᠤᠭᠠᠷ ᠣᠳᠠᠭᠠᠨ ᠤ ᠪᠦᠬᠦ ᠭᠡᠰᠢᠭᠦᠳ ᠤᠨ ︵ᠦᠷᠭᠡᠳᠭᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-01-08
     ᠳᠤᠮᠳᠠᠳᠤ ᠣᠯᠣᠰ ᠤᠨ ᠡᠪ ᠬᠠᠮᠲᠤ ᠨᠠᠮ ᠤᠨ ᠬᠠᠶᠢᠷᠤᠪ ᠤᠨ ᠲᠣᠬᠤᠢ ᠲᠣᠭᠤᠷᠢᠭ ᠤᠨ ᠨᠠᠢᠮᠠᠳᠣᠭᠠᠷ ᠬᠤᠭᠤᠴᠠᠭᠠᠨ ᠤ ᠳᠣᠯᠣᠳᠤᠭᠠᠷ ᠣᠳᠠᠭᠠᠨ ᠤ ᠪᠦᠬᠦ ᠭᠡᠰᠢᠭᠦᠳ ᠤᠨ ︵ᠦᠷᠭᠡᠳᠭᠡᠭᠰᠡᠨ︶ ᠬᠤᠷᠠᠯ ᠬᠤᠷᠠᠯᠳᠤᠪᠠ
     1 ᠰᠠᠷ᠎ᠠ ᠶᠢᠨ 7᠎ ᠤ ᠡᠳᠦᠷ᠂ ᠳᠤᠮᠳᠠᠳᠤ ᠣᠯᠣᠰ ᠤᠨ ᠡᠪ ᠬᠠᠮᠲᠤ ᠨᠠᠮ ᠤᠨ ᠬᠠᠶᠢᠷᠤᠪ ᠤᠨ ᠲᠣᠬᠤᠢ ᠲᠣᠭᠤᠷᠢᠭ ᠤᠨ ᠨᠠᠢᠮᠠᠳᠣᠭᠠᠷ ᠬᠤᠭᠤᠴᠠᠭᠠᠨ ᠤ ᠳᠣᠯᠣᠳᠤᠭᠠᠷ ᠣᠳᠠᠭᠠᠨ ᠤ ᠪᠦᠬᠦ ᠭᠡᠰᠢᠭᠦᠳ ᠤᠨ ︵ᠦᠷᠭᠡᠳᠭᠡᠭᠰᠡᠨ︶ ᠬᠤᠷᠠᠯ ᠬᠤᠷᠠᠯᠳᠤᠪᠠ᠃
     2019 ᠣᠨ ᠳᠤ᠂ ᠬᠠᠶᠢᠷᠤᠪ ᠤᠨ ᠲᠣᠬᠤᠢ ᠲᠣᠭᠤᠷᠢᠭ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭ᠋ᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠳᠤ ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ︽ᠲᠠᠪᠤᠨ ᠣᠷᠣᠨ︾᠎ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ᠃      2020 ᠣᠨ ᠳᠤ᠂ ᠬᠠᠶᠢᠷᠤᠪ ᠤᠨ ᠲᠣᠬᠤᠢ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠤᠱᠯᠠᠭᠤᠯᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠶᠢ ᠪᠡᠶᠡᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ︽ᠵᠢᠷᠭᠤᠭᠠᠨ ᠲᠣᠭᠲᠠᠭᠤᠨ︾᠎ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠪᠡ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠵᠤ᠂ ᠠᠷᠠᠳ ᠲᠦᠮᠡᠨ ᠳᠤ ᠮᠡᠳᠡᠷᠡᠭᠳᠡᠵᠦ ᠲᠡᠤᠬᠡ ᠶᠢᠨ ᠰᠢᠯᠭᠠᠯᠲᠠ ᠶᠢ ᠳᠠᠭᠠᠭᠠᠵᠤ ᠲᠡᠶᠢᠯᠬᠦ ᠪᠣᠯᠭᠠᠨ᠎ᠠ᠃      ᠰᠢᠨ᠎ᠡ ᠨᠢᠭᠡ ᠵᠢᠯ ᠳᠤ᠂ ᠬᠠᠶᠢᠷᠤᠪ ᠤᠨ ᠲᠣᠬᠤᠢ ᠲᠣᠭᠤᠷᠢᠭ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠣᠭᠤᠷᠢᠨ ᠳᠤ᠂ ᠳᠤᠲᠠᠭᠤᠳᠠᠯ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠬᠦᠴᠢᠷᠳᠡᠯ ᠢ ᠰᠢᠪᠲᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠭᠤᠶᠢᠪᠢᠰᠢ ᠦᠭᠡᠢ ᠪᠠᠷ ᠰᠠᠶᠢᠲᠤᠷ ᠬᠢᠵᠦ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠤᠲᠠ ᠶᠢᠨ ᠴᠢᠳᠠᠪᠬᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠳᠤ ᠳᠠᠬᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠳᠠᠬᠢᠨᠲᠠ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号