ᠵᠧᠤ ᠯᠢ ᠭᠤᠸᠠᠩ
ᠨᠡᠶᠢᠲᠡᠯᠡᠭᠰᠡᠨ ᠴᠠᠭ᠄
2020/10/1
     ᠤᠳᠤᠷᠢᠳᠤᠯᠭ᠎ᠠ ᠶᠢᠨ ᠲᠠᠨᠢᠯᠴᠠᠭᠤᠯᠭ᠎ᠠ  ᠄ ᠵᠧᠤ ᠯᠢ ᠭᠤᠸᠠᠩ᠂ ᠡᠷᠡᠭᠲᠡᠶ᠂ ᠮᠣᠩᠭᠤᠯ ᠦᠨᠳᠦᠰᠦᠲᠡᠨ᠂ 1985 ᠤᠨ ᠤ 12 ᠰᠠᠷ᠎ᠠ ᠳᠤ ᠲᠥᠷᠥᠵᠡᠢ᠃ ᠥᠪᠥᠷ ᠮᠣᠩᠭᠤᠯ ᠤᠨ ᠰᠥᠨᠢᠳ ᠪᠠᠷᠠᠭᠤᠨ ᠬᠤᠰᠢᠭᠤᠨ ᠤ ᠬᠥᠮᠦᠨ ᠂ ᠳ᠋ᠣᠺᠲ᠋ᠣᠷᠠᠨᠲ ᠤᠨ ᠰᠤᠷᠤᠯᠭ᠎ᠠ ᠶᠢᠨ ᠨᠠᠮᠲᠠᠷ ᠲᠠᠢ᠃ 2010 ᠣᠨ ᠤ 3 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2014 ᠣᠨ ᠤ 3 ᠰᠠᠷ᠎ᠠ ᠳᠤ ᠠᠵᠢᠯ ᠳᠤ ᠣᠷᠣᠪᠠ᠃       ᠲᠤᠰᠢᠶᠠᠯ᠄ ᠤᠳᠤ ᠬᠠᠶᠢᠷᠤᠪ ᠤᠨ ᠲᠤᠬᠤᠢ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃          ᠠᠵᠢᠯ ᠤᠨ ᠡᠭᠦᠷᠭᠡ ᠬᠠᠷᠢᠭᠤᠴᠠᠯᠭ᠎ᠠ᠄ ᠲᠣᠭᠤᠷᠢᠭ ᠤᠨ ᠳᠠᠷᠤᠭ᠎ᠠ ᠶᠢ ᠬᠠᠪᠰᠤᠷᠤᠨ ᠬᠤᠳᠠᠯᠳᠤᠭᠠᠴᠢᠨ ᠤᠷᠢᠵᠤ ᠪᠡᠯᠡ ᠤᠷᠤᠭᠤᠯᠠᠬᠤ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠦᠬᠦᠢ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠰᠬᠠᠯᠳᠤ ᠵᠤᠶᠢᠯ ᠤᠨ ᠲᠣᠪᠴᠢᠶ᠎ᠠ ᠪᠠᠭᠲᠠᠨ᠎ᠠ︶᠂ ᠲᠣᠭᠤᠷᠢᠭ ᠤᠨ ᠠᠵᠤ ᠠᠬᠤᠶ ᠶᠢᠨ ᠬᠤᠷᠰᠢᠯᠴᠠᠭᠠᠨ ᠤ ᠲᠣᠪᠴᠢᠶ᠎ᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠰᠢᠤᠢ ᠫᠢᠩ ᠢ ᠬᠠᠪᠰᠤᠷᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠲᠠᠢ ᠬᠠᠮᠵᠢᠯᠴᠠᠨ ᠬᠠᠷᠢᠯᠴᠠᠨ᠎ᠠ᠃      ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠲᠠᠢ ᠬᠠᠷᠢᠯᠴᠠᠬᠤ ᠬᠡᠷᠡᠭᠲᠡᠶ᠃      ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠬᠦ ᠬᠡᠷᠡᠭᠲᠡᠶ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号