ᠶᠠᠩ ᠳ᠋ᠥᠸᠧ
ᠨᠡᠶᠢᠲᠡᠯᠡᠭᠰᠡᠨ ᠴᠠᠭ᠄
2020/10/1
    ᠤᠳᠤᠷᠢᠳᠤᠯᠭ᠎ᠠ ᠶᠢᠨ ᠲᠠᠨᠢᠯᠴᠠᠭᠤᠯᠭ᠎ᠠ  ᠄  ᠶᠠᠩ ᠳ᠋ᠦᠸᠧ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 12 ᠰᠠᠷ᠎ᠠ ᠳᠤ ᠲᠦᠷᠦᠵᠠᠢ᠂ 1992 ᠣᠨ ᠤ 3 ᠰᠠᠷ᠎ᠠ ᠳᠤ ᠠᠵᠢᠯ ᠳᠤ ᠣᠷᠣᠵᠤ᠂ 2000 ᠣᠨ ᠤ 1 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ ᠲᠡᠭᠦᠰᠴᠡᠢ᠂ ᠾᠧᠨᠠᠨ ᠤ ᠯᠦᠸᠧᠶᠠᠩ ᠤᠨ ᠬᠥᠮᠦᠨ᠂      ᠲᠤᠰᠢᠶᠠᠯ᠄ ᠤᠳᠤ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠲᠠᠢ᠃        ᠠᠵᠢᠯ ᠤᠨ ᠡᠭᠦᠷᠭᠡ ᠬᠠᠷᠢᠭᠤᠴᠠᠯᠭ᠎ᠠ᠄ ᠡᠷᠬᠢᠯᠡᠭᠴᠢ ᠶᠢᠨ ᠠᠵᠢᠯ ᠢ ᠬᠠᠪᠰᠤᠷᠤᠨ᠎ᠠ᠃ ᠬᠤᠪᠢᠳᠠᠨ ᠬᠠᠮᠢᠶᠠᠷᠴᠤ ᠪᠦᠬᠦᠢ ᠠᠯᠪᠠᠨ ᠭᠡᠷ ᠪᠣᠯᠤᠨ ᠦᠨᠳᠦᠰᠦᠲᠡᠨ ᠤ ᠬᠠᠤᠯᠢ ᠳᠦᠷᠢᠮ ᠤᠨ ᠠᠵᠢᠯ ᠤᠨ ᠺᠣᠮᠢᠰ ᠨᠢ ᠵᠠᠬᠢᠳᠠᠯ ᠰᠤᠷᠪᠤᠯᠵᠢᠯᠠᠯ ᠤᠨ ᠠᠵᠢᠯ ᠪᠣᠯᠤᠨ ᠲᠤᠭᠤᠷᠢᠭ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠦᠨᠳᠦᠰᠦᠲᠡᠨ ᠤ ᠬᠡᠷᠡᠭ ᠡᠷᠬᠢᠯᠡᠬᠦᠬᠦ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠲᠣᠪᠴᠢᠶ᠎ᠠ ᠶᠢᠨ ᠬᠢᠨᠠᠯᠲᠠ ᠲᠠᠯᠪᠢᠵᠤ ᠪᠠᠶᠢᠴᠠᠭᠠᠨ ᠰᠤᠳᠤᠯᠬᠤ ᠠᠵᠢᠯ ᠎ ᠢ ᠬᠠᠷᠢᠭᠤᠴᠠᠵᠤ᠂ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠠᠢ ᠬᠠᠷᠢᠯᠴᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号