ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠪᠠᠶᠢᠭᠤᠯᠤᠯᠲᠠ ︽ᠬᠤᠪᠢᠰᠬᠠᠯᠲᠤ ᠠᠳᠠᠯ ᠠᠬᠤᠶ︾᠎ ᠶᠢ ᠬᠥᠲᠥᠯᠥᠨ ᠲᠠᠭᠠᠭᠤᠯᠵᠤ ᠠᠳᠠᠯ ᠠᠬᠤᠶ ᠶᠢᠨ ᠤᠶᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2020/10/20
     10 ᠰᠠᠷ᠎ᠠ ᠶᠢᠨ 16᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠰᠢᠨ ᠴᠧᠩ ᠨᠡᠶᠢᠭᠡᠮ ᠲᠣᠭᠤᠷᠢᠭ ᠰᠸᠡᠨ ᠯᠢᠨ ᠵᠢᠵᠢᠭ ᠲᠣᠭᠤᠷᠢᠭ ᠲᠤ ︽ᠨᠠᠮ ᠤᠨ ᠪᠠᠶᠢᠭᠤᠯᠤᠯᠲᠠ ᠶᠢ ᠴᠢᠩᠭᠠᠳᠬᠠᠵᠤ ︿ᠬᠤᠪᠢᠰᠬᠠᠯᠲᠤ ᠠᠳᠠᠯ ᠠᠬᠤᠶ﹀᠎ ᠶᠢ ᠴᠣᠭᠴᠠᠯᠠᠨ ᠪᠠᠶᠢᠭᠤᠯᠬᠤ ᠶᠢ ᠴᠢᠩᠭᠠᠳᠬᠠᠵᠤ ᠬᠤᠲᠠ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠳᠤᠮᠳᠠ ᠰᠢᠨ᠎ᠡ ᠬᠤᠲᠠ ᠨᠡᠶᠢᠭᠡᠮ ᠲᠣᠭᠤᠷᠢᠭ ᠤᠨ ᠠᠵᠢᠯᠲᠠᠨ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠵᠢᠴᠢ ᠡᠯ᠎ᠡ ᠵᠢᠵᠢᠭ ᠲᠣᠭᠤᠷᠢᠭ ᠤᠨ ᠠᠳᠠᠯ ᠠᠬᠤᠢ ᠶᠢᠨ ᠳᠠᠭᠠᠭᠠᠮᠠᠯ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠲᠠᠨᠢᠯᠴᠠᠭᠤᠯᠭ᠎ᠠ ᠰᠣᠨᠣᠰᠬᠤ ᠪᠠ ᠲᠤᠬᠠᠶ ᠶᠢᠨ ᠲᠠᠯᠠᠪᠤᠷ ᠤᠨ ᠰᠣᠯᠢᠯᠴᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠸᠡᠨ ᠯᠢᠨ ᠬᠤᠶᠢᠭ ᠤᠨ ᠵᠢᠵᠢᠭ ᠲᠣᠭᠤᠷᠢᠭ ᠤᠨ ︽ᠬᠤᠪᠢᠰᠬᠠᠯᠲᠤ ᠠᠳᠠᠯ ᠠᠬᠤᠶ︾᠎ ᠶᠢᠨ ᠥᠷᠨᠢᠭᠰᠡᠨ ᠪᠦᠬᠦ ᠶᠠᠪᠤᠴᠠ ᠶᠢ ᠨᠠᠷᠢᠨ ᠬᠢᠨᠠᠮᠠᠭᠠᠶ ᠣᠶᠢᠯᠠᠭᠠᠵᠤ᠂ ᠵᠢᠴᠢ ︽ᠬᠤᠪᠢᠰᠬᠠᠯᠲᠤ ᠠᠳᠠᠯ ᠠᠬᠤᠶ︾᠎ ᠶᠢ ᠬᠡᠷᠬᠢᠨ ᠪᠣᠳᠠᠲᠠᠶ ᠨᠠᠶᠢᠳᠠᠪᠤᠷᠢᠵᠢᠭᠤᠯᠬᠤ ᠪᠣᠶ᠃ ᠡᠯ᠎ᠡ ᠠᠳᠠᠯ ᠠᠬᠤᠢ ᠶᠢᠨ ᠵᠠᠬᠢᠷᠤᠯ ᠢᠯᠡᠷᠬᠡᠶᠢᠯᠡᠭᠰᠡᠨ ᠨᠢ᠂ ᠲᠤᠰ ᠤᠳᠠᠭᠠᠨ ᠤ ᠰᠤᠷᠤᠯᠴᠠᠯᠭ᠎ᠠ᠂ ᠲᠣᠭᠤᠷᠢᠨ ᠦᠵᠡᠬᠦ ᠪᠠᠷ ᠳᠠᠮᠵᠢᠨ᠂ ︽ᠬᠤᠪᠢᠰᠬᠠᠯᠲᠤ ᠠᠳᠠᠯ ᠠᠬᠤᠶ︾᠎ ᠶᠢᠨ ᠣᠨᠣᠯᠵᠢᠬᠤᠨ ᠤ ᠲᠤᠬᠠᠶ ᠰᠢᠨ᠎ᠡ ᠲᠠᠨᠢᠯᠲᠠ ᠲᠠᠢ ᠪᠣᠯᠵᠣ᠂ ᠲᠣᠭᠤᠷᠢᠨ ᠦᠵᠡᠬᠦ‌ᠠᠵᠢᠯ ᠳᠠᠭᠤᠰᠤᠭᠰᠠᠨ ᠤ ᠳᠠᠷᠠᠭ᠎ᠠ ᠢᠳᠡᠪᠬᠢᠲᠡᠶ ᠪᠠᠷ ᠪᠠᠷᠢᠮᠵᠢᠶᠠᠯᠠᠨ ᠬᠠᠷᠭᠤᠭᠤᠯᠤᠨ᠎ᠠ᠂ ᠠᠳᠠᠯ ᠠᠬᠤᠢ ᠶᠢᠨ ᠵᠠᠰᠠᠯᠲᠠ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃
    ᠣᠶᠢᠯᠠᠭᠠᠭᠰᠠᠨ ᠢᠶᠠᠷ᠂ ︽ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ︾ ᠪᠣᠯ ︽ᠬᠤᠪᠢᠰᠬᠠᠯᠲᠤ ᠠᠳᠠᠯ ᠠᠬᠤᠢ ᠶᠢᠨ ᠭᠤᠣᠯ ᠱᠤᠭᠤᠮ ᠮᠥᠨ᠂ ᠨᠠᠮ ᠤᠨ ᠵᠣᠬᠢᠶᠠᠨ ᠪᠠᠶᠢᠭᠤᠯᠤᠯᠲᠠ ᠶᠢ ᠠᠳᠠᠯ ᠠᠬᠤᠢ ᠶᠢᠨ ᠬᠠᠮᠢᠶᠠᠷᠤᠯᠲᠠ ᠳᠤ ᠣᠷᠣᠭᠤᠯᠵᠤ᠂ ᠨᠠᠮ ᠤᠨ ᠭᠡᠰᠢᠭᠦᠨ ᠢ ᠠᠳᠠᠯ ᠠᠬᠤᠢ ᠶᠢᠨ ᠬᠠᠮᠢᠶᠠᠷᠤᠯᠲᠠ ᠶᠢᠨ ︽ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ︾᠎ ᠳᠤ ᠣᠷᠣᠭᠤᠯᠵᠤ᠂ ᠠᠷᠠᠳ ᠣᠯᠠᠨ ᠤ ᠰᠡᠳᠬᠢᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠦᠨᠡᠨᠬᠦ ᠰᠡᠳᠬᠢᠯ ᠲᠠᠯᠪᠢᠨ ᠰᠢᠢᠤᠡᠪᠤᠷᠢᠯᠷᠬᠦ ᠬᠡᠷᠡᠭᠲᠡᠶ᠃ ᠣᠳᠣᠬᠠᠨ ᠳᠤ᠂ ᠰᠢᠨ ᠴᠧᠩ ᠨᠡᠶᠢᠭᠡᠮ ᠲᠣᠭᠤᠷᠢᠭ ᠤᠨ ︽ᠬᠤᠪᠢᠰᠬᠠᠯᠲᠤ ᠠᠳᠠᠯ ᠠᠬᠤᠶ︾᠎ ᠨᠢ ᠨᠠᠮ ᠤᠨ ᠪᠠᠶᠢᠭᠤᠯᠤᠯᠲᠠ ᠪᠠᠷ ᠬᠦᠲᠤᠯᠤᠯᠭᠡ  ᠪᠣᠯᠭᠠᠨ ᠨᠡᠶᠢᠭᠡᠮ ᠲᠣᠭᠤᠷᠢᠭ ᠤᠨ ︽ᠬᠤᠪᠢᠰᠬᠠᠯᠲᠤ ᠠᠳᠠᠯ ᠠᠬᠤᠶ︾᠎ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠲᠦᠷᠢᠮ᠂ ᠬᠠᠮᠲᠤᠷᠠᠭᠰᠠᠨ ᠬᠤᠷᠠᠯ ᠤᠨ ᠲᠦᠷᠢᠮ᠂ ᠥᠮᠴᠢᠲᠡᠨ ᠤ ᠲᠥᠯᠥᠭᠡᠯᠡᠭᠴᠢᠳ ᠤᠨ ᠬᠤᠷᠠᠯ ᠤᠨ ᠲᠦᠷᠢᠮ ᠵᠢᠴᠢ ᠰᠠᠭᠤᠭᠠᠯᠢ ᠠᠷᠠᠳ ᠢ ᠦᠨᠡᠯᠡᠨ ᠶᠠᠷᠢᠯᠴᠠᠬᠤ ᠲᠦᠷᠢᠮ ᠢ ᠲᠣᠭᠲᠠᠭᠠᠵᠤ᠂ ︽ᠬᠤᠪᠢᠰᠬᠠᠯᠲᠤ︾ ᠵᠠᠰᠠᠯᠲᠠ ᠶᠢᠨ ᠤᠶᠢᠯᠡᠴᠢᠯᠡᠭᠡᠨ ᠤ ᠬᠠᠮᠲᠤᠯᠢᠭ ᠢ ᠪᠣᠶ ᠪᠣᠯᠭᠠᠵᠤ᠂ ᠨᠠᠮ ᠤᠨ ᠪᠠᠶᠢᠭᠤᠯᠤᠯᠲᠠ ᠶᠢᠨ ︽ᠬᠤᠪᠢᠰᠬᠠᠯᠲᠤ ᠠᠳᠠᠯ ᠠᠬᠤᠶ︾ ᠵᠢᠵᠢᠭ ᠲᠣᠭᠤᠷᠢᠭ ᠢ ᠶᠡᠷᠦᠩᠬᠡᠶᠢᠯᠡᠨ ᠵᠠᠰᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠳᠠᠷᠠᠭ᠎ᠠ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠠᠳᠠᠯ ᠠᠬᠤᠢ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ︽ᠬᠤᠪᠢᠰᠬᠠᠯᠲᠤ ᠠᠳᠠᠯ ᠠᠬᠤᠶ︾᠎ ᠶᠢ ᠬᠦᠴᠦᠯᠡᠨ ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠠᠳᠠᠯ ᠠᠬᠤᠢ ᠶᠢᠨ ᠦᠢᠯᠡᠴᠢᠯᠡᠭᠡᠨ ᠤ ᠬᠡᠯᠬᠢᠶ᠎ᠡ ᠳᠡᠭᠡᠷ᠎ᠡ ᠪᠠᠶᠢᠭᠤᠯᠵᠤ᠂ ᠠᠳᠠᠯ ᠠᠬᠤᠢ ᠶᠢᠨ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠳᠠᠯ ᠠᠬᠤᠢ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠬᠢᠷᠢ ᠲᠦᠪᠰᠢᠨ ᠢ ᠪᠦᠬᠦ ᠲᠠᠯ᠎ᠠ  ᠪᠠᠷ ᠳᠡᠭᠡᠭᠰᠢᠯᠡᠭᠦᠯᠵᠦ᠂ ᠠᠳᠠᠯ ᠠᠬᠤᠢ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠬᠢᠭᠡᠳ ᠨᠡᠶᠢᠭᠡᠮ ᠲᠣᠭᠤᠷᠢᠭ ᠤᠨ ᠵᠠᠰᠠᠯᠲᠠ ᠶᠢ ᠵᠣᠬᠢᠴᠠᠭᠤᠯᠤᠨ ᠬᠥᠭᠵᠢᠭᠦᠯᠵᠦ᠂ ᠬᠤᠲᠠ ᠶᠢᠨ ᠨᠡᠶᠢᠭᠡᠮ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ ᠰᠠᠭᠤᠭᠠᠯᠢ ᠠᠷᠠᠳ ᠣᠯᠠᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠠᠭᠤᠭᠠᠯᠢ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠤᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号