ᠴᠡᠭᠡᠯ ᠠᠭᠤᠯᠠ ᠪᠠᠯᠭᠠᠰᠤ ᠭᠠᠯ ᠤᠨᠲᠠᠷᠠᠭᠠᠬᠤ ᠠᠮᠤᠷ ᠲᠦᠪᠰᠢᠨ ᠤ ᠰᠠᠭᠤᠷᠢ ᠮᠡᠳᠡᠯᠭᠡ ᠶᠢᠨ ᠪᠣᠯᠪᠠᠰᠤᠷᠠᠯ ᠦᠷᠨᠢᠭᠦᠯᠪᠡ
ᠨᠡᠶᠢᠲᠡᠯᠡᠭᠰᠡᠨ ᠴᠠᠭ᠄
2020/10/20
     ᠬᠠᠷᠢᠶᠠᠲᠤ ᠣᠷᠣᠨ ᠤ ᠨᠠᠮ ᠤᠨ ᠭᠡᠰᠢᠭᠦᠨ ᠺᠠᠳ᠋ᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 19᠎ ᠤ ᠡᠳᠦᠷ ᠤᠨ ᠦᠳᠡ ᠡᠮᠦᠨ᠎ᠡ᠂ ᠴᠡᠭᠡᠯ ᠠᠭᠤᠯᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠭᠠᠵᠠᠷ ᠭᠠᠯ ᠤᠨᠲᠠᠷᠠᠭᠠᠬᠤ ᠠᠮᠤᠷ ᠲᠦᠪᠰᠢᠨ ᠤ ᠰᠠᠭᠤᠷᠢ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠪᠤᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠲᠥᠷᠥᠯ ᠤᠨ ᠨᠡᠶᠢᠭᠡᠮᠯᠢᠭ ᠤᠨ ᠵᠣᠣ ᡁᠢ ᠮᠢᠨ ᠴᠠᠭᠳᠠᠭ᠎ᠠ ᠨᠣᠶᠠᠨ ᠢ ᠤᠷᠢᠵᠤ ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ᠂ ᠡᠯ᠎ᠡ ᠲᠣᠰᠬᠤᠨ ︵ᠨᠡᠶᠢᠭᠡᠮ ᠲᠣᠭᠤᠷᠢᠭ︶᠎ ᠤ ︽ᠬᠤᠶᠠᠷ ᠵᠥᠪᠯᠡᠯ︾᠎ ᠤᠨ ᠪᠦᠷᠢᠯᠳᠦᠬᠦᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠠᠭᠤᠷᠢ ᠮᠡᠳᠡᠯᠭᠡ ᠶᠢ ᠲᠠᠶᠢᠯᠪᠤᠷᠢᠯᠠᠪᠠ᠃       ᠠᠵᠢᠯᠯᠠᠭᠠᠨ ᠤ ᠲᠠᠯ᠎ᠠ ᠪᠠᠷ ᠵᠣᠤ ᠴᠠᠭᠳᠠᠭ᠎ᠠ ᠨᠡᠶᠢᠲᠡᠯᠢᠭ ᠭᠠᠯ ᠤᠨ ᠠᠶᠤᠯ ᠤᠨ ᠵᠢᠱᠢᠶ᠎ᠡ ᠪᠠᠷ ᠭᠠᠷᠳᠠᠨ ᠬᠢᠬᠦ ᠴᠡᠭ ᠪᠣᠯᠭᠠᠵᠤ᠂ ᠭᠠᠯ ᠤᠨ ᠠᠶᠤᠯ ᠤᠨ ᠠᠯᠠᠵᠤ ᠰᠢᠷᠬᠠᠲᠤᠭᠤᠯᠬᠤ ᠬᠦᠴᠦᠨ ᠢ ᠭᠦᠨᠵᠡᠭᠡᠶ ᠣᠶᠢᠯᠠᠭᠠᠭᠤᠯᠵᠠᠶ᠃ ᠭᠠᠯ ᠰᠡᠷᠭᠡᠶᠢᠯᠡᠬᠦ ᠪᠠᠭ᠂ ᠭᠠᠯ ᠰᠡᠷᠭᠡᠶᠢᠯᠡᠬᠦ ᠬᠡᠪᠢᠰ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠬᠢᠨ ᠬᠡᠷᠡᠭᠯᠡᠬᠦ᠂ ᠠᠩᠬᠠᠨ ᠤ ᠭᠠᠯ ᠲᠦᠢᠮᠡᠷ ᠢ ᠬᠡᠷᠬᠢᠨ ᠤᠨᠲᠠᠷᠠᠭᠠᠬᠤ᠂ ᠠᠮᠢ ᠵᠢᠭᠤᠲᠠᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠪᠠᠴᠢᠮ ᠠᠪᠤᠷᠠᠯᠲᠠ ᠶᠢᠨ ᠮᠡᠳᠡᠯᠭᠡ ᠶᠢᠨ ᠲᠤᠬᠠᠶ ᠨᠠᠷᠢᠨ ᠲᠠᠶᠢᠯᠪᠤᠷᠢ ᠬᠢᠵᠡᠶ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠵᠤᠤ ᠴᠠᠭᠳᠠᠭ᠎ᠠ ᠪᠠᠰᠠ ᠣᠯᠠᠨ ᠳᠤ ᠰᠠᠨᠠᠭᠤᠯᠬᠤ ᠪᠠᠨ ᠮᠠᠷᠲᠠᠬᠤ ᠦᠭᠡᠢ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠠᠮᠤᠷ ᠲᠦᠪᠰᠢᠨ ᠢ ᠵᠠᠪᠠᠯ ᠠᠩᠬᠠᠷᠴᠤ᠂ ᠳᠣᠲᠣᠭᠠᠳᠤ ᠴᠠᠬᠢᠯᠭᠠᠨ ᠱᠤᠭᠤᠮ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠢ᠃ ᠳᠡᠷᠭᠡᠳᠡᠬᠢ ᠭᠠᠯ ᠤᠨ ᠠᠶᠤᠯ ᠤᠨ ᠳᠠᠯᠳᠠ ᠭᠡᠮ ᠢ ᠤᠬᠠᠮᠰᠠᠷ ᠠᠴᠠ ᠪᠠᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠭᠠᠯ ᠤᠨ ᠠᠶᠤᠯ ᠤᠨ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃      ᠲᠤᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠪᠦᠲᠤᠮᠵᠢᠲᠠᠢ ᠳᠡᠭᠡᠭᠰᠢᠯᠡᠭᠦᠯᠵᠦ᠂ ᠣᠯᠠᠨ ᠤ ᠥᠪᠡᠷ ᠢ ᠪᠠᠨ ᠠᠪᠤᠷᠠᠵᠤ ᠥᠪᠡᠷ ᠢ ᠪᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠤᠡᠪᠤᠷᠢᠯᠡᠬᠦ ᠴᠢᠳᠠᠪᠤᠷᠢ ᠶᠢ ᠦᠨᠡᠨᠬᠦ ᠴᠢᠩᠬᠠᠳᠬᠠᠵᠠᠶ᠃ ᠠᠮᠤᠷ ᠠᠮᠤᠭᠤᠯᠠᠩ ᠴᠡᠭᠡᠯ ᠠᠭᠤᠯᠠ ᠪᠠᠯᠭᠠᠰᠤ ᠶᠢ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号