2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠬᠦ ᠵᠢᠯ | ᠮᠥᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ | ᠤᠯᠬᠤ ᠡᠴᠦᠰ ᠤᠨ ᠵᠢᠯ ᠮᠥᠨ᠃ ᠪᠦᠬᠦ ᠤᠯᠤᠰ ᠤᠨ ᠳᠣᠯᠣᠳᠤᠭᠠᠷ ᠶᠠᠳᠠᠭᠤ ᠶᠢ ᠲᠡᠳᠬᠦᠬᠦ ᠡᠳᠦᠷ ᠬᠦᠷᠴᠦ ᠢᠷᠡᠬᠦ | ᠲᠠᠰᠢᠷᠠᠮ ᠢᠶᠠᠷ᠂ ᠬᠠᠶᠢᠷᠤᠪ ᠤᠨ ᠲᠣᠬᠤᠢ ᠲᠣᠭᠤᠷᠢᠭ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠮᠥᠩᠭᠦᠨ ᠭᠦᠢᠯᠭᠡᠭᠡᠨ ᠤ ᠬᠠᠪᠰᠤᠷᠤᠨ | ᠲᠡᠳᠬᠦᠬᠦ ᠪᠠ ᠡᠮᠴᠢᠯᠡᠭᠡ ᠪᠠᠷ ᠶᠠᠳᠠᠭᠤ ᠶᠢ ᠲᠡᠳᠬᠦᠬᠦ ᠶᠢ ᠬᠠᠷᠢᠯᠴᠠᠨ ᠤᠶᠠᠯᠳᠤᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠣᠯᠵᠤ᠂ | ᠬᠠᠶᠢᠷᠤᠪ ᠤᠨ ᠲᠣᠬᠤᠢ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠠᠬᠢᠭᠤᠯᠤᠨ᠎ᠠ᠃ | ᠮᠥᠩᠭᠦᠨ ᠭᠦᠢᠯᠭᠡᠭᠡᠨ ᠢᠶᠠᠷ ᠬᠠᠪᠰᠤᠷᠤᠨ ᠲᠡᠳᠬᠦᠵᠦ᠂ ᠴᠢᠨᠡᠭᠡᠯᠢᠭ ᠬᠡᠮᠵᠢᠶᠡᠨ ᠳᠤ ᠬᠦᠷᠪᠡ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ | ᠥᠷᠭᠡᠨ ᠣᠯᠠᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠮᠥᠩᠭᠦᠨ ᠭᠦᠢᠯᠭᠡᠭᠡᠨ ᠤ ᠮᠡᠳᠡᠯᠭᠡ ᠶᠢ ᠨᠠᠩ | ᠭᠦᠨᠵᠡᠭᠡᠢ ᠣᠶᠢᠯᠠᠭᠠᠭᠤᠯᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠲᠡᠭᠡᠭᠰᠢᠯᠡᠭᠦᠯᠬᠦ | ᠬᠡᠷᠡᠭᠲᠡᠶ᠃10 ᠰᠠᠷ᠎ᠠ ᠶᠢᠨ 16 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠮᠥᠩᠭᠦᠨ ᠭᠦᠢᠯᠭᠡᠭᠡᠨ ᠤ | ᠠᠵᠢᠯ ᠤᠨ ᠦᠢᠯᠡᠴᠢᠯᠡᠭᠡᠨ ᠤ ᠲᠥᠪ ᠬᠠᠶᠢᠷᠤᠪ ᠤᠨ ᠲᠤᠬᠤᠢ ᠲᠣᠭᠤᠷᠢᠭ ᠤᠨ ᠶᠠᠳᠠᠭᠤ ᠶᠢ ᠲᠡᠳᠬᠦᠬᠦ ᠠᠯᠪᠠᠨ ᠭᠡᠷ᠂ | ᠬᠠᠶᠢᠷᠤᠪ ᠤᠨ ᠲᠤᠬᠤᠢ ᠲᠣᠭᠤᠷᠢᠭ ᠤᠨ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠂ ᠬᠠᠶᠢᠷᠤᠪ ᠤᠨ ᠲᠤᠬᠤᠢ | ᠲᠣᠭᠤᠷᠢᠭ ᠤᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠤᠮᠫᠠᠨᠢ᠂ ᠦᠬᠠᠢ ᠪᠠᠩᠬᠢ ᠪᠣᠯᠤᠨ ᠤᠷᠳᠤᠰ ᠬᠥᠳᠡᠭᠡ | ᠲᠣᠰᠬᠤᠨ ᠤ ᠬᠤᠳᠠᠯᠳᠤᠭᠠᠨ ᠤ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ᠂ᠴᠡᠭᠡᠯ | ᠠᠭᠤᠯᠠ ᠪᠠᠯᠭᠠᠰᠤᠨ ᠤ ᠰᠢᠨ ᠹᠧᠩ ᠲᠣᠰᠬᠤᠨ ᠳᠤ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠮᠥᠩᠭᠦᠨ | ᠭᠦᠢᠯᠭᠡᠭᠡ ᠪᠠᠷ ᠶᠠᠳᠠᠭᠤ ᠶᠢ ᠲᠡᠳᠬᠦᠵᠦ ᠴᠢᠨᠡᠭᠡᠯᠢᠭᠵᠢᠬᠦ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ | ᠮᠥᠩᠭᠦᠨ ᠭᠦᠢᠯᠭᠡᠭᠡᠨ ᠤ ᠮᠡᠳᠡᠯᠭᠡ ᠶᠢ ᠬᠥᠳᠡᠭᠡ ᠪᠠᠭᠤᠯᠭᠠᠬᠤ ᠤᠷᠠᠨ ᠰᠠᠶᠢᠬᠠᠨ ᠤ ᠲᠣᠭᠯᠠᠯᠲᠠ ᠶᠢ ᠥᠷᠨᠢᠭᠦᠯᠵᠡᠢ᠃ | ᠠᠵᠢᠯᠯᠠᠭ᠎ᠠᠨᠢ ᠲᠤᠭᠤᠷᠢᠭ ᠲᠤ ᠰᠠᠭᠤᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠬᠤᠯᠪᠤᠭᠳᠠᠯ ᠪᠦᠬᠦᠢ | ᠨᠢᠭᠡᠴᠡ ᠶᠢᠨ ᠨᠠᠷᠢᠨ ᠨᠢᠮᠪᠠᠶ ᠲᠣᠭᠯᠠᠭᠰᠠᠨ ᠤᠷᠠᠨ ᠰᠠᠶᠢᠬᠠᠨ ᠤ ᠫᠷᠤᠭ᠍ᠷᠠᠮ ᠢᠶᠠᠷ ᠳᠠᠮᠵᠢᠨ᠂ ᠤᠬᠠᠭᠤᠯᠭ᠎ᠠ ᠶᠢᠨ ᠰᠠᠮᠪᠠᠷ᠎ᠠ | ᠲᠠᠯᠪᠢᠬᠤ᠂ ᠤᠬᠠᠭᠤᠯᠬᠤ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠲᠠᠢ ᠤᠶᠠᠯᠳᠤᠭᠤᠯᠤᠨ ᠮᠥᠩᠭᠦᠨ ᠭᠦᠢᠯᠭᠡᠭᠡᠨ ᠤ | ᠶᠠᠳᠠᠭᠤ ᠶᠢ ᠲᠡᠳᠬᠦᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠣᠯᠤᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠶᠢᠨ ᠠᠭᠤᠷ | ᠠᠮᠢᠰᠬᠤᠯ ᠮᠠᠰᠢ ᠬᠥᠭᠵᠢᠶᠡᠨᠲᠡᠶ ᠪᠠᠶᠢᠯ᠎ᠠ᠃ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ | ᠣᠯᠵᠠᠶ᠃ | ᠶᠠᠳᠠᠭᠤ ᠶᠢ ᠲᠡᠳᠬᠦᠬᠦ ᠠᠯᠪᠠᠨ ᠵᠢᠷᠤᠮ ᠤᠨ ᠡᠮᠴᠢᠯᠡᠭᠡ ᠪᠠᠷ ᠬᠠᠶᠢᠷ᠎ᠠ ᠬᠠᠯᠠᠮᠵᠢ ᠬᠦᠷᠲᠡᠭᠡᠪᠡ᠃ ᠬᠠᠶᠢᠷᠤᠪᠤᠨ | ᠲᠣᠬᠤᠢ ᠲᠣᠭᠤᠷᠢᠭ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠠᠩᠬᠠᠷᠬᠤ | ᠠᠩᠬᠠᠷᠤᠯ ᠢ ᠨᠡᠮᠡᠭᠳᠡᠭᠦᠯᠬᠦ ᠶᠢᠨ ᠲᠥᠯᠥᠭᠡ᠂ ᠥᠪᠡᠷ ᠤᠨ ᠪᠡᠶ᠎ᠡ ᠶᠢᠨ ᠪᠠᠶᠢᠳᠠᠯ ᠢ ᠣᠶᠢᠯᠠᠭᠠᠵᠤ᠂ 10 ᠰᠠᠷ᠎ᠠ ᠶᠢᠨ | 17 ᠤ ᠡᠳᠦᠷ᠂ ᠬᠠᠶᠢᠷᠤᠪ ᠤᠨ ᠲᠣᠬᠤᠢ ᠲᠤᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠠᠶᠢᠷᠤᠪ | ᠤᠨ ᠲᠤᠬᠤᠢ ᠲᠣᠭᠤᠷᠢᠭ ᠤᠨ ᠪᠢᠨ ᠾᠧ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ | ᠲᠥᠪ᠂ ᠷᠧᠨ ᠾᠧ ᠲᠠᠩ ᠡᠮ ᠤᠨ ᠳᠡᠯᠭᠡᠭᠦᠷ ᠵᠡᠷᠭᠡ ᠡᠮ ᠡᠮᠨᠡᠯᠭᠡ ᠶᠢᠨ ᠪᠠᠶᠢᠭᠤᠯᠤᠮᠵᠢ ᠲᠠᠢ ᠬᠠᠮᠲᠤᠷᠠᠨ | ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠥᠩ | ᠾᠧ ᠶᠤᠸᠠᠨ ᠨᠡᠶᠢᠭᠡᠮ ᠲᠣᠭᠤᠷᠢᠭ ᠲᠤ ᠬᠦᠷᠴᠦ ᠶᠠᠳᠠᠭᠤ ᠶᠢ ᠲᠡᠳᠬᠦᠬᠦ ᠠᠯᠪᠠᠨ ᠵᠢᠷᠤᠮ ᠤᠨ ᠡᠮᠴᠢᠯᠡᠭᠡᠨ ᠤ | ᠠᠵᠢᠯᠯᠠᠭ᠎ᠠ ᠥᠷᠨᠢᠭᠦᠯᠪᠡ᠃ ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠠᠢ ᠳᠤ᠂ ᠬᠠᠶᠢᠷᠤᠪ ᠤᠨ ᠲᠣᠬᠤᠢ | ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠥᠮᠦᠰ᠂ ᠠᠰᠠᠭᠤᠨ ᠯᠠᠪᠯᠠᠬᠤ ᠪᠠᠷ ᠢᠷᠡᠭᠰᠡᠨ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠴᠢᠰᠤᠨ ᠳᠠᠷᠤᠯᠲᠠ ᠶᠢ ᠬᠡᠮᠵᠢᠵᠤ ᠴᠢᠰᠤᠨ ᠰᠢᠬᠢᠷ ᠢ ᠬᠡᠮᠵᠢᠬᠦ ᠶᠢᠨ | ᠲᠥᠯᠥᠭᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠤᠨ ᠪᠠᠶᠢᠳᠠᠯ ᠢ ᠨᠠᠷᠢᠨ ᠨᠢᠮᠪᠠᠶ ᠮᠡᠳᠡᠭᠳᠡᠵᠡᠶ᠃ | ᠵᠠᠷᠢᠮ ᠡᠪᠡᠳᠴᠢᠨ ᠢ ᠡᠷᠲᠡ ᠣᠯᠵᠤ ᠮᠡᠳᠡᠵᠦ᠂ ᠡᠷᠲᠡ ᠤᠷᠢᠳᠴᠢᠯᠠᠨ ᠰᠡᠷᠭᠡᠶᠢᠯᠡᠵᠦ᠂ ᠡᠷᠲᠡ ᠡᠮᠨᠡᠨ ᠵᠠᠰᠠᠬᠤ ᠬᠡᠷᠡᠭᠲᠡᠢ᠃ | ᠷᠧᠨ ᠾᠧ ᠳᠠᠩ ᠡᠮ ᠤᠨ ᠳᠡᠯᠭᠡᠭᠦᠷ ᠤᠨ ᠠᠵᠢᠯᠲᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠡᠷ | ᠪᠦᠯᠢ ᠶᠢᠨ ᠬᠤᠭᠤᠴᠠᠭ᠎ᠠ ᠥᠩᠭᠡᠷᠡᠭᠰᠡᠨ ᠡᠮ ᠤᠨ ᠵᠦᠢᠯ ᠢ ᠬᠤᠷᠢᠶᠠᠨ ᠠᠪᠬᠤ ᠠᠵᠢᠯ ᠢ ᠥᠷᠨᠢᠭᠦᠯᠵᠦ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠲᠤ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯ ᠤᠨ ᠬᠤᠣᠷ ᠬᠥᠨᠥᠭᠡᠯ ᠢ | ᠴᠢᠬᠤᠯᠠᠴᠢᠯᠠᠨ ᠦᠵᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠬᠠᠪᠰᠤᠷᠤᠨ ᠭᠡᠷ ᠪᠦᠯᠢ ᠶᠢᠨ | ᠬᠤᠭᠤᠴᠠᠭᠠᠨᠢ ᠥᠩᠭᠡᠷᠡᠭᠰᠡᠨ ᠡᠮ ᠤᠨ ᠳᠠᠷᠤᠭᠠᠰᠤ ᠶᠢ ᠬᠥᠩᠭᠡᠷᠡᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ | ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠣᠯ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠬᠦ ᠶᠢᠨ ᠴᠢᠬᠤᠯᠠ ᠪᠡᠯᠭᠡ ᠲᠡᠮᠳᠡᠭ | ᠮᠥᠨ᠂ ᠳᠠᠷᠠᠭ᠎ᠠ ᠠᠯᠬᠤᠮ ᠳᠤ᠂ ᠬᠠᠶᠢᠷᠤᠪ ᠤᠨ ᠲᠣᠬᠤᠢ ᠲᠤᠭᠤᠷᠢᠭ ᠪᠣᠯᠭᠠᠵᠤ᠂ ᠤᠯᠠᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠡᠯ᠎ᠡ ᠵᠤᠶᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠤᠡᠪᠤᠷᠢᠯᠡᠬᠦ ᠠᠵᠢᠯ ᠢ ᠪᠠᠬᠢᠵᠢᠭᠦᠯᠬᠦ ᠳᠤ ᠢᠳᠡᠪᠬᠢᠲᠡᠶ ᠬᠤᠪᠢ | ᠨᠡᠮᠡᠷᠢ ᠦᠵᠡᠭᠦᠯᠦᠨ᠎ᠡ᠃ |