ᠬᠠᠶᠢᠷᠤᠪ ᠤᠨ ᠲᠣᠬᠤᠢ ᠲᠣᠭᠤᠷᠢᠭ ᠤᠨ ᠴᠠᠭᠳᠠᠭᠠᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ︽ᠠᠵᠢᠯ ᠤᠨ ᠪᠠᠶᠢᠷᠢ ᠳᠤ ᠭᠠᠷᠬᠤ︾
ᠨᠡᠶᠢᠲᠡᠯᠡᠭᠰᠡᠨ ᠴᠠᠭ᠄
2020/10/22
     ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠵᠦ᠂ ᠴᠠᠭᠳᠠᠭᠠᠨ ᠤ ᠶᠠᠪᠤᠳᠠᠯ ᠤᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 9᠎ ᠤ ᠡᠳᠦᠷ᠂ ᠬᠠᠶᠢᠷᠤᠪ ᠎ ᠤᠨ ᠲᠣᠬᠤᠢ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠦᠭᠡᠭᠡᠬᠦ ᠶᠣᠰᠣᠯᠠᠯ ᠶᠠᠪᠤᠭᠤᠯᠵᠤ᠂ 10 ᠴᠠᠭᠳᠠᠭ᠎ᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠡᠯ᠎ᠡ ᠲᠣᠤᠷ ᠤᠨ ᠵᠠᠮ ᠤᠨ ᠳᠠᠷᠤᠭ᠎ᠠ ᠳᠤ ᠬᠦᠷᠭᠡᠵᠠᠢ᠃ ︽ᠬᠠᠶᠢᠷᠤᠪ ᠤᠨ ᠲᠣᠬᠤᠢ ᠲᠣᠭᠤᠷᠢᠭ ᠤᠨ ᠲᠡᠷᠭᠡᠨ ᠤ ᠤᠷᠤᠰᠴᠠ᠂ ᠬᠥᠮᠦᠨ ᠤ ᠤᠷᠤᠰᠴᠠ ᠶᠡᠭᠡ ᠪᠣᠯᠬᠤᠷ ᠡᠭᠦᠷᠭᠡ ᠭᠦᠢᠴᠠᠤᠡᠭᠡᠬᠦ ᠶᠠᠪᠤᠴᠠ ᠳᠤ ᠠᠷᠠᠳ ᠤᠨ ᠴᠠᠭᠳᠠᠭ᠎ᠠ ᠲᠣᠭᠲᠠᠭᠰᠠᠨ ᠭᠠᠵᠠᠷ ᠲᠤ ᠦᠳᠲᠡᠷ ᠲᠦᠷᠭᠡᠨ ᠬᠦᠷᠴᠦ ᠳᠡᠶᠢᠯᠬᠦ ᠥᠬᠡᠶ ᠪᠠᠶᠢᠨ᠎ᠠ᠃ ᠡᠨᠡ ᠬᠦ ᠪᠠᠶᠢᠳᠠᠯ ᠳᠤ ᠴᠢᠭᠯᠡᠭᠦᠯᠦᠨ᠂ ᠰᠠᠯᠪᠤᠷᠢ ᠠᠩᠭᠢ᠂ ᠶᠡᠭᠡ ᠠᠩᠭᠢ ᠡᠯ᠎ᠡ ᠡᠭᠦᠷᠭᠡ ᠭᠦᠢᠴᠠᠤᠡᠭᠡᠬᠦ  ᠴᠡᠭ ᠲᠤ ᠴᠠᠭᠳᠠᠭᠠᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠣᠬᠢᠷᠠᠭᠤᠯᠵᠤ᠂ ᠲᠡᠭᠦᠨ ᠤ ᠬᠥᠳᠡᠯᠦᠩᠭᠦᠶ᠂ ᠠᠮᠢᠳᠤᠯᠢᠭ᠂ ᠳᠥᠭᠦᠮ ᠳᠥᠲᠡ ᠳᠠᠪᠠᠭᠤᠯᠢᠭ ᠢ ᠭᠦᠢᠴᠠᠤᠡ ᠪᠠᠳᠠᠷᠠᠭᠤᠯᠵᠠᠶ᠃ ᠣᠷᠭᠢᠯ ᠤᠨ ᠬᠤᠭᠤᠴᠠᠭᠠᠨ ᠳᠤ ᠴᠠᠭᠳᠠᠭᠠᠨ ᠤ ᠲᠡᠷᠭᠡ ᠲᠣᠭᠲᠠᠭᠰᠠᠨ ᠭᠠᠵᠠᠷ ᠲᠤ ᠬᠦᠷᠴᠦ ᠳᠡᠶᠢᠯᠬᠦ ᠦᠭᠡᠶ ᠬᠦᠴᠢᠷ ᠠᠰᠠᠭᠤᠳᠠᠯ ᠢ ᠰᠢᠢᠤᠡᠪᠤᠷᠢᠯᠡᠵᠠᠢ᠃ ᠠᠷᠠᠳ ᠤᠨ ᠴᠠᠭᠳᠠᠭ᠎ᠠ ᠵᠠᠮ ᠲᠦᠭᠵᠢᠷᠡᠬᠦ ᠬᠡᠰᠡᠭ ᠲᠤ ᠲᠦᠷᠭᠡᠨ ᠬᠦᠷᠴᠦ᠂ ᠬᠠᠤᠯᠢ ᠬᠡᠷᠡᠭᠵᠢᠭᠦᠯᠬᠦ ᠴᠡᠭ ‍ᠤᠨ‌ᠦᠨᠳᠤᠷ ᠪᠦᠲᠦᠮᠵᠢᠲᠡᠶ ᠠᠵᠢᠯᠯᠠᠬᠤ ᠶᠢ ᠪᠠᠲᠤᠯᠠᠵᠠᠶ᠃ ᠬᠠᠶᠢᠷᠤᠪ ‍ᠤᠨ‌‍ᠲ᠋ᠤᠬᠤᠢ ᠲᠤᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠡᠳ᠋ ᠳᠠᠷᠤᠭ᠎ᠠ ᠯᠢᠦ ᠯᠢᠶᠠᠨ ᠰᠦᠢ ᠬᠡᠯᠡᠪᠡ᠃      ︽ᠴᠠᠭᠳᠠᠭᠠᠨ ᠤ ᠶᠠᠪᠤᠳᠠᠯ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠣᠬᠢᠷᠠᠭᠤᠯᠤᠭᠰᠠᠨ ᠤ ᠳᠠᠷᠠᠭ᠎ᠠ᠂ ᠪᠢᠳᠡ ᠴᠠᠭᠳᠠᠭᠠᠨ ᠤ ᠠᠵᠢᠯ ᠤᠨ ᠥᠷᠲᠡᠭᠡᠨ ᠤ ᠡᠷᠭᠢᠨ ᠲᠣᠭᠤᠷᠢᠨ ᠳᠤ ᠲᠡᠷᠭᠡ ᠵᠣᠭᠰᠣᠬᠤ ᠶᠢ ᠢᠳᠬᠠᠨ ᠰᠤᠷᠭᠠᠵᠤ᠂ ᠵᠠᠮ ᠲᠦᠭᠵᠢᠷᠡᠬᠦ ᠬᠡᠰᠡᠭ ᠲᠤ ᠨᠡᠩ ᠳᠥᠭᠦᠮ ᠳᠥᠲᠡ ᠬᠦᠷᠴᠦ ᠪᠣᠯᠤᠨ᠎ᠠ᠃ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠤᠡᠪᠤᠷᠢᠯᠡᠵᠤ᠂ ᠣᠯᠠᠨ ᠲᠦᠮᠡᠨ ᠤ ᠭᠤᠶᠤᠴᠢᠯᠠᠯ ᠢ ᠰᠢᠢᠤᠡᠪᠤᠷᠢᠯᠡᠨ᠎ᠡ᠃ ᠤᠳᠤ ᠪᠠᠶᠢᠭ᠎ᠠ ᠴᠠᠭᠳᠠᠭᠠᠨ ᠤ ᠮᠣᠲ᠋ᠣᠷ ᠲᠡᠷᠭᠡ ᠶᠢᠨ ᠰᠠᠭᠤᠷᠢᠨ ᠳᠡᠭᠡᠷ᠎ᠡ ᠴᠠᠭᠳᠠᠭᠠᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠨᠡᠮᠡᠵᠦ᠂ ᠴᠠᠭᠳᠠᠭᠠᠨ ᠤ ᠮᠣᠲ᠋ᠣᠷ ᠲᠡᠷᠭᠡ ᠶᠢ ᠪᠦᠷᠬᠦᠵᠦ ᠳᠡᠶᠢᠯᠬᠦ ᠦᠭᠡᠢ ᠬᠡᠪᠴᠢᠶ᠎ᠡ ᠶᠢ ᠨᠥᠬᠦᠪᠥᠷᠢᠯᠡᠵᠡᠶ᠃ ᠡᠤ ᠶᠠᠩ ᠬᠡᠯᠡᠬᠦ ᠳᠡᠭᠡᠨ᠂ ︽ᠴᠠᠭᠳᠠᠭ᠎ᠠ ᠪᠦᠷᠢ ᠳᠤ ᠬᠡᠷᠡᠭᠯᠡᠬᠦ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠴᠥᠮ ᠳᠠᠭᠤ ᠲᠤᠮᠤᠷᠠᠭᠤᠯᠤᠭᠴᠢ  ᠎ ᠢ ᠲᠠᠭᠠᠷᠠᠭᠤᠯᠵᠤ᠂ ᠰᠤᠷᠭᠠᠨ ᠬᠥᠮᠦᠵᠢᠭᠦᠯᠵᠦ ᠢᠳᠬᠠᠬᠤ᠂ ᠰᠡᠷᠡᠮᠵᠢᠯᠡᠭᠦᠯᠵᠦ ᠬᠠᠰᠬᠢᠷᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ ᠪᠣᠯᠤᠨ᠎ᠠ᠃ ᠵᠢᠯᠣᠭᠤᠴᠢ ᠶᠢ ᠪᠣᠯᠪᠠᠰᠤᠨ ᠢᠶᠠᠷ ᠵᠢᠯᠣᠭᠤᠳᠴᠤ᠂ ᠡᠮᠬᠢ ᠵᠢᠷᠤᠮ ᠲᠠᠢ ᠪᠠᠷ ᠵᠣᠭᠰᠣᠭᠠᠵᠤ᠂ ᠴᠠᠭᠳᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠵᠠᠯᠠᠷᠠᠭᠤᠯᠬᠤ ᠪᠠ ᠰᠢᠢᠤᠡᠭᠡᠵᠤ᠂ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠵᠢᠷᠤᠮ ᠲᠠᠢ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号