9 ᠰᠠᠷᠠᠶᠢᠨ 27 ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪᠤᠨ ᠲᠣᠬᠤᠢ ᠲᠣᠭᠤᠷᠢᠭ ᠤᠨ | ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | | | | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠤᠷᠢᠨ ᠪᠠᠶᠢᠴᠠᠭᠠᠬᠤ | ᠲᠤᠭᠤᠶᠢᠯᠠᠩ ᠤᠨ ᠦᠬᠠᠶ ᠬᠤᠲᠠ ᠳᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ | ᠲᠤᠭᠤᠷᠢᠨ ᠪᠠᠶᠢᠴᠠᠭᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠴᠢ ᠹᠧᠢ ᠶᠦᠨ ᠴᠢᠬᠤᠯᠠᠴᠢᠯᠠᠬᠤ ᠳᠠᠭᠠᠨ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠰᠠᠯᠠᠭ᠎ᠠᠮᠥ᠋ᠴᠢᠷ᠂ | ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠳᠦᠷᠢᠮ ᠢ ᠤᠯᠠᠮ ᠨᠢᠭᠡ ᠠᠯᠬᠤᠮ ᠰᠤᠷᠤᠯᠴᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠲᠣᠭᠤᠷᠢᠨ | ᠪᠠᠶᠢᠴᠠᠭᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠠᠶᠤᠯᠭᠦᠢ ᠦᠢᠯᠡᠳᠪᠦᠷᠢᠯᠡᠯ ᠤᠨ | ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ ᠥᠪᠡᠰᠦᠪᠡᠨ ᠪᠠᠶᠢᠴᠠᠭᠠᠬᠤ ᠶᠢ ᠢᠳᠡᠪᠬᠢᠲᠡᠢ ᠥᠷᠨᠢᠭᠦᠯᠬᠦ ᠶᠢᠨ | ᠬᠠᠮᠲᠤ ᠥᠪᠡᠷ ᠢᠶᠠᠨ ᠪᠠᠶᠢᠴᠠᠭᠠᠬᠤ ᠳᠤᠮᠳᠠ ᠢᠯᠡᠷᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ | ᠠᠵᠢᠯ ᠢᠶᠠᠨ ᠯᠠᠪᠳᠠᠭᠤᠨ ᠪᠠᠲᠤᠲᠠᠶ ᠥᠷᠨᠢᠭᠦᠯᠵᠦ᠂ ᠤᠳᠤᠷᠢᠳᠬᠤ ᠺᠠᠳ᠋ᠷᠴᠤᠳ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠬᠤ ᠬᠡᠷᠡᠭᠲᠡᠶ᠂ ᠨᠠᠷᠢᠨ ᠨᠢᠮᠪᠠᠶ ᠳᠠᠭᠠᠭᠠᠴᠢᠯᠠᠨ ᠬᠤᠯᠪᠣᠭᠠᠯᠠᠬᠤ ᠡᠭᠦᠷᠭᠡ ᠶᠢ ᠨᠠᠶᠢᠳᠠᠪᠤᠷᠢᠵᠢᠭᠤᠯᠬᠤ᠂ ᠠᠵᠤ | ᠠᠬᠤᠶᠢᠯᠠᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠬᠢ ᠰᠠᠨᠠᠯ | ᠰᠠᠨᠠᠭᠤᠯᠭ᠎ᠠ ᠶᠢ ᠢᠳᠡᠪᠬᠢᠲᠠᠢ ᠰᠣᠨᠣᠰᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ | ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠵᠣᠬᠢᠴᠠᠭᠤᠯᠤᠨ ᠰᠢᠢᠤᠡᠪᠤᠷᠢᠯᠡᠵᠤ᠂ ᠬᠠᠶᠢᠷᠤᠪ ᠤᠨ ᠲᠣᠬᠤᠢ | ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠨᠬᠦ ᠰᠢᠯᠢᠳᠡᠭᠵᠢᠭᠦᠯᠵᠦ᠂ ᠠᠵᠤ ᠠᠬᠤᠶᠢᠯᠠᠯ ᠤᠨ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ |